| | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 31 ᠤ ᠴᠠᠬᠢᠯᠭᠠᠨ ᠮᠡᠳᠡᠭᠡ ᠰᠢᠨ᠎ᠡ ᠤᠨ ᠤ | ᠪᠤᠱᠤᠭᠠᠨ ᠲᠡᠭᠡᠷ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ ᠶᠡᠷᠦᠩᠬᠡᠢ | ᠬᠤᠷᠢᠶ᠎ᠠ ᠪᠠ ᠢᠨᠲ᠋ᠧᠷ ᠰᠦᠯᠵᠢᠶ᠎ᠠ ᠪᠠᠷ ᠳᠠᠮᠵᠢᠭᠤᠯᠤᠨ᠂ 2022 ᠤᠨ ᠤ ᠰᠢᠨ᠎ᠡ ᠵᠢᠯ ᠤᠨ ᠪᠠᠶᠠᠷ ᠤᠨ ᠦᠭᠡ | ᠨᠡᠶᠢᠳᠡᠯᠡᠪᠠ᠃ | ᠪᠦᠬᠦ ᠠᠭᠤᠯᠭ᠎ᠠ ᠨᠢ ᠲᠤᠤᠷᠠᠬᠢ ᠮᠡᠳᠤ᠄ ᠲᠠ ᠪᠦᠬᠦᠨ ᠰᠠᠶᠢᠨ ᠪᠠᠶᠢᠨ᠎ᠠ ᠤᠤ᠂ 2022 ᠣᠨ ᠤᠳᠠᠯ | ᠦᠭᠡᠢ ᠢᠷᠡᠬᠦ ᠪᠣᠯᠤᠯ᠎ᠠ᠂ ᠪᠢ ᠪᠡᠭᠡᠵᠢᠩ ᠠᠴᠠ ᠲᠠ ᠪᠦᠬᠦᠨ ᠳᠤ ᠰᠢᠨ᠎ᠡ ᠵᠢᠯ ᠤᠨ ᠬᠦᠰᠡᠯ ᠵᠥᠩᠨᠡᠯ ᠳᠡᠪᠰᠢᠭᠦᠯᠵᠦ | ᠪᠠᠶᠢᠨ᠎ᠠ᠃ | ᠡᠨᠡ ᠨᠢᠭᠡ ᠵᠢᠯ ᠢᠶᠠᠨ ᠡᠷᠭᠢᠴᠡᠭᠦᠯᠬᠦ ᠳᠤ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠶᠤᠮ᠃ ᠪᠢᠳᠡ ᠨᠠᠮ | ᠪᠠ ᠲᠥᠷᠦ ᠶᠢᠨ ᠲᠡᠦᠬᠡᠨ ᠳᠡᠭᠡᠷᠡᠬᠢ ᠬᠦᠰᠢᠶ᠎ᠠ ᠲᠡᠮᠳᠡᠭ ᠤᠨ ᠴᠢᠨᠠᠷᠲᠠᠢ ᠲᠣᠮᠤ ᠶᠠᠪᠤᠳᠠᠯ ᠤᠳ ᠢ ᠥᠩᠭᠡᠷᠡᠭᠦᠯᠦᠯ᠎ᠡ᠃ | ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ ᠪᠢᠳᠡ ᠨᠡᠶᠢᠭᠡᠮ ᠵᠢᠷᠤᠮᠲᠤ | ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠤ᠂ ᠶᠠᠭ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠳᠤ ᠣᠮᠤᠭ ᠲᠡᠭᠦᠯᠳᠡᠷ | ᠤᠷᠤᠭᠰᠢᠯᠠᠵᠤ ᠪᠠᠶᠢᠨ᠎ᠠ᠃ ᠵᠢᠯ ᠤᠨ ᠡᠬᠢᠨ ᠠᠴᠠ ᠵᠢᠯ ᠤᠨ ᠡᠴᠦᠰ ᠪᠤᠯᠲᠠᠯ᠎ᠠ᠂ ᠲᠠᠷᠢᠶᠠᠨ ᠭᠠᠵᠠᠷ᠂ ᠠᠵᠦ | ᠠᠬᠤᠶᠢᠯᠠᠯ᠂ ᠨᠡᠶᠢᠭᠡᠮ ᠲᠤᠭᠤᠷᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠴᠡᠷᠢᠭ ᠤᠨ ᠬᠤᠸᠠᠷᠠᠨ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠠᠯᠡᠩ ᠭᠠᠵᠠᠷ ᠁ ᠤᠯᠠᠨ ᠢᠶᠠᠷ ᠢᠶᠠᠨ ᠪᠦᠲᠤᠨ ᠵᠢᠯ ᠶᠠᠭᠠᠷᠠᠯ᠎ᠠ᠂ ᠴᠢᠷᠮᠠᠶᠢᠯ᠎ᠠ᠂ | ᠵᠢᠳᠬᠦᠯ᠂ ᠣᠯᠣᠯᠲᠠ ᠠᠮᠵᠢᠯᠲᠠ ᠲᠠᠢ ᠴᠤ ᠪᠤᠯᠤᠯ᠎ᠠ᠃ ᠨᠢᠰᠭᠦ ᠮᠡᠲᠦ ᠥᠩᠭᠡᠷᠡᠬᠦ ᠴᠠᠭ ᠤᠨ ᠤᠷᠤᠰᠬᠠᠯ ᠳᠤ ᠪᠢᠳᠠ | ᠨᠤᠭᠤᠷᠠᠰᠢ ᠦᠭᠡᠢ᠂ ᠥᠭᠡᠳᠠᠯᠡᠨ ᠮᠠᠨᠳᠣᠬᠰᠠᠨ ᠳᠤᠮᠳᠠᠲᠤ ᠤᠯᠣᠰ ᠢ ᠣᠯᠵᠤ ᠬᠠᠷᠠᠯ᠎ᠠ᠂ ᠣᠶᠢᠯᠠᠭᠠᠨ ᠮᠡᠳᠡᠷᠡᠯ᠎ᠠ᠃ | ᠠᠳᠡ ᠬᠠᠶᠢᠷᠠᠯᠠᠯᠲᠠᠢ᠂ ᠬᠦᠨᠳᠦᠳᠬᠡᠭᠦᠰᠢᠲᠡᠢ ᠠᠷᠠᠳ ᠲᠦᠮᠡᠨ ᠪᠤᠢ᠂ ᠡᠳᠦᠷ ᠠᠴᠠ ᠡᠳᠦᠷ ᠬᠤᠪᠢᠷᠠᠨ ᠰᠢᠨᠡᠳᠴᠦ | ᠪᠠᠶᠢᠭ᠎ᠠ ᠬᠦᠭᠵᠢᠯᠲᠡ ᠪᠤᠢ᠂ ᠤᠯᠠᠮᠵᠢᠯᠠᠨ ᠵᠠᠯᠭᠠᠮᠵᠢᠯᠠᠵᠤ ᠪᠠᠶᠢᠭ᠎ᠠ ᠠᠵᠢᠯ ᠦᠢᠯᠡᠰ ᠪᠤᠢ᠃ | 7 ᠰᠠᠷ᠎ᠠ ᠶᠢᠨ 1 ᠤ ᠡᠳᠤᠷ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠪᠡ᠃ ᠲᠢᠶᠠᠨ ᠠᠨ ᠮᠧᠨ ᠠᠰᠠᠷ ᠳᠡᠭᠡᠷ᠎ᠡ ᠵᠤᠬᠰᠤᠬᠤ ᠳᠤ | ᠰᠡᠳᠭᠢᠯ ᠳᠣᠭᠳᠤᠯᠤᠨᠠ᠂ ᠲᠡᠦᠬᠡ ᠶᠢᠨ ᠠᠶᠠᠨ ᠢ ᠡᠷᠭᠢᠴᠡᠭᠦᠯᠪᠡᠯ ᠴᠠᠭ ᠤᠨ ᠪᠠᠶᠢᠳᠠᠯ ᠦᠢᠮᠡᠭᠡᠨ ᠳᠡᠪᠵᠢᠶᠡᠨ ᠢᠶᠠᠷ | ᠲᠦᠬᠦᠷᠴᠤ᠂ ᠳᠤᠮᠳᠠᠳᠤ ᠤᠯᠣᠰ ᠤᠨ ᠡᠪ ᠬᠠᠮᠲᠤᠴᠤᠳ ᠲᠦᠭ ᠲᠦᠮᠡᠨ ᠠᠷᠠᠳ ᠲᠦᠮᠡᠨ ᠢ ᠳᠠᠶᠢᠴᠢᠯᠠᠨ | ᠳᠠᠭᠠᠭᠤᠯᠵᠤ᠂ ᠮᠢᠩᠭᠠᠨ ᠬᠦᠴᠢᠷ ᠲᠠᠭᠠᠷᠠᠯᠳᠤᠭᠰᠠᠨ ᠴᠤ ᠨᠤᠭᠤᠷᠠᠰᠢ ᠦᠭᠡᠢ ᠲᠡᠮᠡᠴᠡᠵᠤ᠂ ᠲᠦᠮᠡᠨ ᠪᠡᠷᠬᠡ | ᠳᠤᠬᠢᠶᠠᠯᠳᠤᠭᠰᠠᠨ ᠴᠤ ᠴᠦᠬᠦᠷᠡᠰᠢ ᠦᠭᠡᠢ ᠵᠢᠳᠭᠦᠭᠰᠡᠭᠡᠷ ᠵᠠᠭᠤᠨ ᠵᠢᠯ ᠤᠨ ᠲᠡᠦᠬᠡ ᠲᠠᠢ ᠲᠣᠮᠤ ᠨᠠᠮ ᠤᠨ ᠠᠭᠤᠤ | ᠲᠦᠷᠬᠦ ᠶᠢ ᠪᠦᠳᠦᠬᠡᠭᠰᠡᠨ ᠪᠠᠶᠢᠨ᠎ᠠ᠃ ᠤᠭ ᠰᠠᠨᠠᠭ᠎ᠠ ᠪᠠᠨ ᠦᠯᠦ ᠮᠠᠷᠲᠠᠪᠡᠯ ᠰᠠᠶ᠋ᠢ ᠡᠴᠣᠰ ᠤᠨ ᠬᠠᠷᠠᠯᠲᠠ ᠳᠠᠭᠠᠨ | ᠬᠦᠷᠴᠦ ᠴᠢᠳᠠᠨ᠎ᠠ᠃ ᠪᠢᠳᠡ ᠵᠥᠪᠬᠡᠨ ᠡᠷᠡᠯᠬᠡᠭᠯᠡᠨ ᠤᠷᠤᠭᠰᠢᠯᠠᠵᠤ᠂ ᠬᠤᠶᠢᠷᠭᠤᠰᠢᠬᠤ ᠦᠭᠡᠢ ᠰᠢᠳᠤᠷᠭᠤ ᠪᠠᠷ | ᠴᠢᠷᠮᠠᠶᠢᠪᠠᠯ ᠰᠠᠶ᠋ᠢ ᠲᠡᠦᠬᠡᠨ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠤᠯᠳᠠᠬᠤ ᠦᠭᠡᠢ᠂ ᠠᠷᠠᠳ ᠲᠦᠮᠡᠨ ᠳᠤ | ᠣᠰᠤᠯᠳᠠᠬᠤ ᠦᠭᠡᠢ ᠪᠠᠶᠢᠵᠤ ᠴᠢᠳᠠᠨ᠎ᠠ᠃ | ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ | ᠬᠤᠷᠠᠯ ᠠᠴᠠ ᠨᠠᠮ ᠤᠨ ᠭᠤᠷᠪᠠᠳᠠᠬᠢ ᠲᠡᠦᠬᠡᠨ ᠰᠢᠢᠳᠪᠤᠷᠢ ᠶᠢ ᠪᠠᠲᠤᠯᠠᠭᠰᠠᠨ ᠪᠠᠶᠢᠨ᠎ᠠ᠃ ᠵᠠᠭᠤᠨ ᠵᠢᠯ ᠤᠨ | ᠠᠮᠵᠢᠯᠲᠠ ᠨᠢ ᠬᠦᠮᠦᠰ ᠢ ᠵᠣᠷᠢᠭᠵᠢᠭᠤᠯᠵᠤ᠂ ᠵᠠᠭᠤᠨ ᠵᠢᠯ ᠤᠨ ᠲᠤᠷᠰᠢᠯᠭ᠎ᠠ ᠮᠥᠨ ᠬᠦᠮᠦᠰ ᠢ ᠰᠡᠩᠬᠡᠷᠡᠭᠦᠯᠦᠨᠠ᠃ | ᠪᠢ ᠲᠤᠬᠠᠢ ᠶᠢᠨ ᠵᠢᠯ ᠤᠨ ᠮᠠᠤ ᠲᠡᠷᠢᠭᠦᠯᠡᠭᠴᠢ ᠪᠠ ᠬᠤᠸᠠᠩ ᠶᠠᠨ ᠫᠢᠩ ᠠᠪᠤᠭᠠᠢ ᠶᠢᠨ ︽ᠨᠥᠬᠡᠨ ᠭᠡᠷ ᠲᠠᠬᠢ | ᠶᠠᠷᠢᠯᠴᠠᠭ᠎ᠠ︾ ᠶᠢ ᠶᠠᠷᠢᠵᠤ ᠦᠩᠭᠡᠷᠡᠪᠡ᠂ ᠪᠢᠳᠡ ᠵᠦᠪᠬᠡᠨᠥᠪᠡᠷ ᠤᠨ ᠪᠡᠶ᠎ᠡ ᠳᠡᠭᠡᠨ ᠵᠣᠷᠢᠭᠲᠠᠢ ᠪᠠᠷ ᠬᠤᠪᠢᠰᠬᠠᠯ | ᠬᠢᠪᠡᠯ ᠰᠠᠶ᠋ᠢ ᠲᠡᠦᠬᠡ ᠶᠢᠨ ᠰᠠᠨᠠᠭᠠᠴᠢᠯᠠᠭᠠᠲᠤ ᠪᠠᠶᠢᠷᠢ ᠶᠢ ᠡᠵᠡᠮᠳᠡᠵᠤ ᠴᠢᠳᠠᠬᠤ ᠶᠤᠮ᠃ ᠳᠤᠮᠳᠠᠲᠤ ᠶᠢᠨ | ᠦᠨᠳᠦᠰᠤᠲᠡᠡ ᠤ ᠠᠭᠤᠤ ᠶᠡᠭᠡ ᠰᠡᠷᠭᠦᠨ ᠮᠠᠨᠳᠤᠯᠲᠠ ᠶᠢ ᠶᠠᠭᠠᠬᠢᠭᠰᠠᠨ ᠴᠦ ᠲᠡᠶᠢᠮᠦ ᠬᠢᠯᠪᠠᠷᠬᠠᠨ ᠢᠶᠠᠷ ᠬᠤᠭᠤᠰᠤᠨ | ᠤᠷᠢᠶ᠎ᠠ ᠬᠠᠰᠭᠢᠷᠤᠭᠠᠳ ᠪᠡᠶᠡᠯᠡᠭᠦᠯᠴᠢᠬᠡᠳᠡᠭ ᠪᠢᠰᠢ᠂ᠪᠠᠰᠠ ᠴᠤ ᠶᠠᠮᠠᠷ ᠴᠤ ᠬᠠᠷᠰᠢ ᠰᠠᠭᠠᠳ ᠦᠭᠡᠢ ᠪᠠᠷ᠂ ᠥᠷᠯᠦᠭᠡ | ᠦᠳᠡᠰᠢ ᠶᠢᠨ ᠴᠢᠯᠦᠭᠡᠨ ᠳᠤ ᠪᠡᠶᠡᠯᠡᠭᠦᠯᠴᠢᠬᠡᠳᠡᠭ ᠪᠢᠰᠢ ᠶᠤᠮ᠃ ᠪᠢᠳᠡ ᠢᠮᠠᠬᠳᠠ ᠬᠤᠯᠠ ᠶᠢ ᠪᠣᠳᠤᠯᠬᠢᠯᠠᠵᠤ᠂ | ᠠᠮᠤᠷ ᠲᠤᠭᠳᠠᠭᠤᠨ ᠪᠠᠶᠢᠬᠤ ᠦᠶ᠎ᠠ ᠳᠤ ᠠᠶᠤᠯ ᠲᠦᠭᠰᠢᠭᠦᠷᠢ ᠶᠢ ᠦᠯᠦ ᠮᠠᠷᠳᠠᠵᠤ᠂ ᠪᠠᠶᠢᠯᠳᠤᠬᠤ ᠪᠣᠳᠤᠯᠭ᠎ᠠ ᠶᠢᠨ | ᠲᠤᠭᠳᠠᠯ ᠬᠦᠴᠦᠨ ᠪᠠ ᠲᠡᠰᠪᠤᠷᠢ ᠲᠡᠪᠴᠢᠶᠡᠷᠢ ᠪᠠᠨ ᠪᠠᠲᠤᠯᠠᠨ᠂ ︽ᠠᠭᠤᠳᠠᠮᠴᠢ ᠪᠠᠭᠳᠠᠭᠠᠮᠵᠢ ᠳᠤ ᠬᠦᠷᠬᠦ ᠪᠦᠬᠡᠳ | ᠭᠦᠨᠵᠡᠭᠡᠢ ᠨᠠᠷᠢᠯᠢᠭ ᠲᠤ ᠬᠦᠷᠦᠭᠰᠡᠨ ᠪᠠᠶᠢᠬᠤ ᠬᠡᠷᠡᠭᠳᠠᠢ︾᠃ ᠲᠣᠮᠤ ᠤᠯᠤᠰ ᠤᠨ ᠶᠡᠭᠡ ᠶᠠᠪᠤᠳᠠᠯ ᠭᠡᠵᠦ ᠪᠠᠶᠢᠳᠠᠭ᠂ | ᠪᠠᠰᠠ ᠲᠣᠮᠤ ᠤᠯᠤᠰ ᠤᠨ ᠴᠢᠬᠤᠯᠠ ᠶᠠᠪᠤᠳᠠᠯ ᠬᠡᠵᠤ ᠪᠠᠶᠢᠳᠠᠭ᠃ ᠡᠭᠡᠳᠡᠷᠡᠭᠡᠨ ᠪᠤᠳᠤᠯᠢᠶᠠᠨᠳᠠᠢ ᠤᠴᠢᠷ | ᠶᠠᠪᠤᠳᠠᠯ ᠤᠳ ᠨᠢ ᠬᠡᠷᠡᠭ ᠳᠡᠭᠡᠷ᠎ᠡ ᠪᠠᠨ ᠲᠦᠭ ᠲᠦᠮᠡᠨ ᠠᠶᠢᠯ ᠡᠷᠦᠬᠡ ᠶᠢᠨ ᠤᠴᠢᠷ ᠶᠠᠪᠤᠳᠠᠯ ᠤᠳ ᠪᠤᠯᠤᠨ᠎ᠠ᠃ ᠪᠢ | ᠵᠠᠷᠢᠮ ᠭᠠᠵᠠᠷ ᠢᠶᠠᠷ ᠪᠠᠶᠢᠴᠠᠭᠠᠨ ᠰᠤᠳᠤᠯᠵᠦ᠂ ᠴᠥᠭᠡᠨ ᠪᠤᠰᠤ ᠪᠠᠶᠢᠳᠠᠯ ᠢ ᠦᠵᠡᠵᠦ ᠰᠤᠨᠤᠰᠴᠤ᠂ ᠲᠤᠩ ᠶᠡᠭᠡ | ᠰᠡᠩᠬᠡᠷᠡᠭᠦᠯᠤᠯ ᠣᠯᠣᠯᠲᠠ ᠲᠠᠢ ᠪᠣᠯᠣᠯ᠎ᠠ᠃ ᠠᠷᠠᠳ ᠶᠢᠨ ᠭᠡᠷ ᠲᠤ ᠬᠦᠷᠬᠦ ᠪᠣᠯᠭᠠᠨ ᠶᠠᠮᠠᠷ ᠬᠦᠴᠢᠷ ᠲᠦᠪᠡᠭ ᠲᠤ | ᠲᠤᠯᠭᠠᠷᠠᠵᠤ ᠪᠠᠶᠢᠭ᠎ᠠ ᠶᠢ ᠨᠢ ᠪᠠᠶᠢᠩᠭᠤ ᠠᠰᠠᠭᠤᠵᠤ ᠰᠤᠷᠠᠨ᠂ ᠨᠤᠳᠤᠭ ᠤᠨ ᠠᠬ᠎ᠠ ᠲᠡᠬᠦᠦ ᠨᠠᠷ ᠤᠨ ᠬᠡᠯᠡᠭᠰᠡᠨ | ᠦᠬᠡ ᠶᠢ ᠪᠢ ᠪᠦᠷ ᠰᠡᠳᠬᠢᠯ ᠳᠡᠭᠡᠨ ᠴᠡᠭᠡᠵᠢᠯᠡᠵᠦ ᠪᠠᠶᠢᠨ᠎ᠠ᠃ | ᠠᠷᠠᠳ ᠤᠨ ᠵᠤᠪᠠᠨᠢᠯ ᠢ ᠪᠢ ᠯᠠᠪᠳᠠᠢ ᠪᠤᠳᠤᠨ᠎ᠠ︔ ᠠᠷᠠᠳ ᠤᠨ ᠬᠦᠰᠠᠯ ᠢ ᠪᠡᠶᠡᠯᠡᠭᠦᠯᠬᠦ ᠪᠠᠷ ᠪᠢ ᠵᠠᠪᠠᠯ | ᠴᠢᠷᠮᠠᠶᠢᠨ᠎ᠠ᠃ ᠪᠢ ᠴᠦ ᠭᠡᠰᠡᠨ ᠬᠥᠳᠡᠭᠡ ᠨᠤᠳᠤᠭ ᠠᠴᠠ ᠭᠠᠷᠴᠦ ᠢᠷᠡᠭᠰᠠᠨ ᠪᠣᠯᠬᠤᠷ ᠶᠠᠳᠠᠭᠤ ᠬᠦᠴᠢᠷᠳᠡᠯ ᠢ | ᠪᠡᠶ᠎ᠡ ᠪᠠᠷ ᠢᠶᠠᠨ ᠥᠩᠭᠡᠷᠡᠭᠦᠯᠦᠭᠰᠡᠨ ᠶᠤᠮ᠃ ᠦᠶ᠎ᠡ ᠦᠶ᠎ᠡ ᠶᠢᠨ ᠬᠥᠮᠤᠰ ᠤᠨ ᠲᠠᠰᠤᠷᠠᠯᠳᠠ ᠦᠭᠡᠢ ᠴᠢᠷᠮᠠᠶᠢᠯᠭ᠎ᠠ ᠪᠠᠷ | ᠥᠩᠭᠡᠷᠡᠭᠰᠡᠨ ᠳᠤ ᠶᠠᠳᠠᠭᠤ ᠵᠦᠳᠡᠭᠦᠦ ᠪᠠᠶᠢᠬᠰᠠᠨ ᠬᠥᠮᠤᠰ ᠣᠳᠤ ᠢᠳᠡᠵᠤ ᠡᠮᠦᠰᠬᠦ ᠳᠡᠭᠡᠨ ᠵᠥᠪ ᠪᠣᠯᠵᠤ᠂ | ᠬᠠᠯᠠᠭᠤᠨ ᠲᠤᠯᠠᠭᠠᠬᠠᠨ ᠡᠮᠦᠰᠴᠤ᠂ ᠰᠤᠷᠤᠯᠴᠠᠬᠤ ᠠᠴᠠ ᠰᠤᠷᠭᠠᠭᠤᠯᠢ ᠲᠠᠢ᠂ ᠰᠠᠭᠤᠬᠤ ᠠᠴᠠ ᠤᠷᠤᠨ | ᠰᠠᠭᠤᠴᠠ ᠲᠠᠢ᠂ ᠡᠮ ᠡᠮᠨᠡᠯᠬᠡ ᠶᠢᠨ ᠳᠠᠭᠠᠳᠬᠠᠯ ᠲᠠᠢ ᠪᠣᠯᠵᠠᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠦᠭᠰᠡᠨ᠂ ᠶᠠᠳᠠᠭᠤ ᠠᠴᠠ ᠠᠩᠭᠢᠵᠢᠷᠠᠭᠤᠯᠤᠬᠰᠠᠨ ᠪᠣᠯ ᠮᠠᠨ ᠤ ᠨᠠᠮ ᠤᠨ ᠠᠷᠠᠳ ᠲᠦᠮᠡᠨ ᠳᠤ ᠥᠭᠬᠦᠭᠰᠡᠨ | ᠲᠤᠰᠢᠶᠠᠯᠳᠠ ᠮᠦᠨ᠂ ᠳᠡᠯᠡᠬᠡᠢ ᠳ᠋ᠡᠬᠢᠨ ᠳᠤ ᠦᠵᠡᠭᠦᠯᠦᠭᠰᠡᠨ ᠬᠤᠪᠢ ᠨᠡᠮᠡᠷᠢ ᠪᠤᠯᠬᠤ ᠶᠤᠮ᠃ ᠠᠷᠠᠳ ᠤᠯᠠᠨ ᠢᠶᠠᠨ | ᠨᠡᠩ ᠰᠠᠶᠢᠨ ᠰᠠᠶᠢᠬᠠᠨ ᠠᠮᠢᠳᠤᠷᠠᠭᠤᠯᠬᠤ ᠳᠤ ᠪᠢᠳᠠ ᠣᠳᠣᠬᠠᠨ ᠤ ᠨᠢᠳᠤᠨ ᠡᠮᠦᠨᠡᠬᠢ ᠠᠮᠵᠢᠯᠲᠠ ᠳᠠᠭᠠᠨ ᠰᠡᠳᠭᠢᠯ | ᠬᠠᠨᠤᠵᠤ ᠪᠣᠯᠬᠤ ᠦᠭᠡᠢ᠂ ᠶᠠᠪᠤᠬᠤ ᠵᠠᠮ ᠮᠦᠨ ᠬᠦ ᠬᠤᠯᠠ ᠪᠠᠶᠢᠭᠰᠠᠭᠠᠷ᠃ ᠬᠠᠲᠤᠨ ᠭᠤᠣᠯ ᠤᠨ ᠳᠦᠯᠭᠡᠨ | ᠲᠤᠭᠲᠠᠭᠤᠨ ᠪᠠᠶᠢᠬᠤ ᠪᠤᠯ ᠳᠤᠮᠳᠠᠳᠤ ᠶᠢᠨ ᠬᠦᠪᠡᠭᠦᠳ ᠥᠭᠢᠳ ᠤᠨ ᠮᠢᠩᠭᠠᠨ ᠣᠨ ᠤ ᠬᠦᠰᠡᠯ ᠪᠠᠷᠠᠯᠠᠯ ᠶᠤᠮ᠃ | ᠣᠶᠢᠷ᠎ᠠ ᠶᠢᠨ ᠵᠢᠯ ᠤᠳ ᠲᠤ ᠪᠢ ᠬᠠᠲᠤᠨ ᠭᠤᠣᠯ ᠤᠨ ᠳᠡᠭᠡᠳᠦ ᠳᠤᠮᠳᠠ ᠳᠣᠣᠷᠠᠳᠤ ᠤᠷᠤᠰᠬᠠᠯ ᠤᠨ 9 ᠮᠤᠵᠢ | ᠣᠷᠤᠨ ᠪᠦᠬᠦᠨ ᠳᠤ ᠬᠦᠷᠴᠦ ᠦᠡᠭᠭᠡᠷᠡᠵᠡᠢ᠃ ︽ᠡᠬᠡ ᠭᠤᠣᠯ︾ ᠪᠣᠯᠤᠭᠰᠠᠨ ᠬᠠᠲᠤᠨ ᠭᠤᠤᠯ᠂ ᠬᠥᠬᠡᠮᠦ᠋ᠷᠡᠨ | ᠭᠡᠰᠡᠨ ᠦᠭᠡᠢ᠂ ᠨᠤᠮᠢᠨ ᠳᠣᠯᠭᠢᠶᠠᠨ ᠬᠠᠶᠠᠯᠠᠭᠰᠠᠨ ᠬᠥᠬᠡᠨᠠᠭᠤᠷ᠂ ᠳᠣᠯᠭᠢᠨ ᠤᠷᠤᠰᠬᠠᠯᠲᠤ ᠶᠠᠯᠦᠰᠠᠩᠪᠦ ᠮᠥᠷᠡᠨ | ᠭᠡᠰᠡᠨ ᠦᠭᠡᠢ︔ ᠡᠮᠦᠨᠡᠲᠦ ᠶᠢᠨ ᠤᠰᠤ ᠶᠢ ᠤᠮᠠᠷᠠᠰᠢ ᠲᠠᠲᠠᠬᠰᠠᠨ ᠡᠷᠢᠨ ᠵᠠᠭᠤᠨ ᠤ ᠢᠨᠵᠧᠨᠧᠷᠢᠩ ᠭᠡᠰᠡᠨ ᠦᠭᠡᠢ᠂ | ᠰᠠᠶᠢᠬᠠᠨᠳᠠᠪᠠᠭ᠎ᠠ ᠤᠢ ᠰᠢᠭᠤᠢ ᠶᠢᠨ ᠲᠠᠯᠠᠪᠠᠢ ᠶᠢᠨ︽ᠨᠣᠮᠢᠨ ᠨᠣᠭᠤᠭᠠᠨ ᠭᠠᠵᠠᠷ ᠤᠨ ᠵᠢᠷᠤᠭ︾ ᠭᠡᠰᠡᠨ ᠦᠭᠡᠢ︔ | ᠶᠦᠨᠨᠠᠨ ᠤ ᠵᠠᠭᠠᠨ ᠤᠮᠠᠷᠠᠰᠢ ᠶᠠᠪᠤᠵᠦ ᠡᠮᠦᠨᠡᠰᠢ ᠪᠤᠴᠠᠭᠰᠠᠨ ᠭᠡᠰᠡᠨ ᠦᠭᠡᠢ᠂ ᠤᠷᠤᠩᠭᠤ ᠶᠢᠨ ᠦᠷᠡᠵᠢᠯ ᠤᠨ | ᠲᠦᠯᠦᠬᠡᠨ ᠤ ᠨᠡᠭᠦᠳᠡᠯ ᠭᠡᠰᠡᠨ ᠦᠭᠡᠢ ᠁ ᠡᠳᠡᠭᠡᠷ ᠨᠢ ᠴᠦᠮ ᠬᠦᠮᠦᠨ ᠬᠦᠬᠡᠮᠳᠦᠭ ᠠᠭᠤᠯᠠ ᠶᠢ ᠬᠦᠰᠡᠷᠳᠡᠬᠦᠯᠬᠦ | ᠦᠬᠡᠢ ᠶᠤᠮ ᠪᠤᠯ ᠬᠦᠬᠡᠮᠳᠦᠭ ᠠᠭᠤᠯᠠ ᠯᠠᠪᠳᠠᠢ ᠬᠦᠮᠦᠨ ᠢ ᠬᠦᠰᠡᠷᠳᠡᠬᠦᠯᠬᠦ ᠦᠭᠡᠢ ᠭᠡᠳᠡᠭ ᠢ ᠢᠯᠡᠷᠡᠭᠦᠯᠵᠦ ᠪᠤᠢ᠃ | ᠡᠨᠡ ᠵᠢᠯ ᠪᠠᠰᠠ ᠤᠯᠠᠨ ᠠᠷᠪᠢᠨ ᠮᠠᠷᠲᠠᠭᠳᠠᠰᠢ ᠦᠭᠡᠢ ᠳᠤᠮᠳᠠᠳᠤ ᠤᠯᠣᠰ ᠤᠨ ᠳᠠᠭᠤᠨ᠂ ᠳᠤᠮᠳᠠᠳᠤ | ᠤᠯᠤᠰ ᠤᠨ ᠬᠤᠷᠤᠮ᠂ ᠳᠤᠮᠳᠠᠳᠤ ᠤᠯᠤᠰ ᠦᠯᠢᠭᠡᠷ ᠪᠤᠢ᠃ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ | ᠤᠯᠣᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠰᠡᠨ ᠵᠠᠯᠠᠭᠤᠴᠤᠳ ᠤᠨ ᠲᠠᠩᠭᠠᠷᠢᠭ᠂ ︽ᠵᠢᠷᠦᠬᠡᠨ ᠤ | ᠬᠠᠶᠢᠷ᠎ᠠ ᠪᠠᠨ ᠵᠥᠪᠬᠡᠨ ᠳᠤᠮᠳᠠᠳᠤ ᠤᠯᠣᠰ ᠲᠠᠭᠠᠨ ᠡᠷᠬᠦᠨ᠎ᠠ︾ ᠭᠡᠰᠡᠨ ᠰᠡᠳᠭᠢᠯ ᠤᠨ ᠭᠦᠨ ᠠᠴᠠ ᠤᠨᠳᠤᠷᠤᠬᠰᠠᠨ | ᠦᠭᠡ︔ ᠠᠩᠭᠠᠷᠠᠭ ᠢ ᠬᠠᠶᠢᠭᠴᠢ ︽ᠵᠦ ᠷᠦᠩ︾ ᠬᠠᠶᠢᠭᠤᠷ᠂ ᠨᠠᠷᠠᠨ ᠤ ᠠᠶᠢᠮᠠᠭ ᠢ ᠰᠢᠨᠵᠢᠯᠡᠨ ᠰᠤᠳᠤᠯᠬᠤ ︽ᠰᠢ | ᠾᠧ︾ ᠬᠠᠶᠢᠭᠤᠷ᠂ ᠰᠠᠨᠰᠠᠷ ᠣᠷᠴᠢᠯᠠᠩ ᠢ ᠬᠠᠶᠢᠭᠴᠢ ︽ᠲᠢᠶᠠᠨ ᠾᠧ︾ ᠬᠠᠶᠢᠭᠤᠷ︔ ᠲᠠᠮᠢᠷᠴᠢᠳ ᠤᠨ | ᠲᠡᠭᠦᠯᠳᠡᠷ ᠢᠶᠠᠷ ᠮᠠᠩᠯᠠᠶᠢᠯᠠᠨ ᠲᠡᠷᠢᠭᠦᠯᠡᠬᠦ ᠪᠠᠷ ᠴᠢᠷᠮᠠᠶᠢᠭᠰᠠᠨ︔ ᠤᠯᠣᠰ ᠳᠠᠶᠠᠭᠠᠷ ᠢᠶᠠᠨ ᠡᠷᠡᠰ ᠬᠠᠲᠠᠭᠤᠵᠢᠯᠲᠠᠢ ᠪᠠᠷ | ᠬᠢᠵᠢᠭ ᠢ ᠰᠡᠷᠭᠡᠶᠢᠯᠡᠨ ᠡᠵᠡᠮᠳᠡᠭᠰᠡᠨ︔ ᠭᠠᠮᠰᠢᠭᠳᠠᠭᠰᠠᠨ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ | ᠬᠠᠪᠰᠣᠷᠣᠯᠴᠠᠵᠦ᠂ ᠭᠡᠷ ᠣᠷᠣᠨ ᠢᠶᠠᠨ ᠲᠡᠬᠢᠨ ᠪᠠᠶᠢᠭᠤᠯᠤᠭᠰᠠᠨ︔ ᠠᠷᠠᠳ ᠤᠨ ᠴᠢᠯᠦᠭᠡᠯᠡᠭᠦ ᠴᠡᠷᠢᠭ ᠤᠨ | ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭᠠᠨ ᠤ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ | ᠴᠡᠷᠢᠭ ᠢᠶᠠᠨ ᠬᠦᠴᠦᠷᠬᠡᠭᠵᠢᠭᠦᠯᠬᠦ ᠪᠠᠷ ᠵᠣᠷᠢᠭ ᠰᠢᠭᠤᠳᠴᠤ᠂ ᠤᠯᠣᠰ ᠬᠡᠷ ᠢᠶᠠᠨ ᠬᠠᠮᠠᠭᠠᠯᠠᠭᠰᠠᠨ ᠁ | ᠲᠤᠭᠠᠯᠠᠰᠢ ᠦᠭᠡᠢ ᠤᠯᠠᠨ ᠡᠭᠡᠯ ᠵᠢᠷ ᠤᠨ ᠪᠠᠭᠠᠲᠤᠷᠴᠤᠳ ᠡᠷᠡᠯᠬᠡᠭᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠮᠤᠭ ᠲᠡᠭᠦᠯᠳᠡᠷ ᠤᠷᠤᠭᠰᠢᠯᠠᠨ ᠲᠡᠪᠰᠢᠬᠤ ᠰᠦᠷ ᠬᠦᠴᠦᠨ ᠢ ᠪᠦᠷᠢᠯᠳᠦᠭᠦᠯᠦᠭᠰᠡᠨ ᠶᠤᠮ᠃ | ᠡᠬᠡ ᠤᠯᠤᠰ ᠠᠴᠠ ᠰᠢᠶᠠᠩᠭᠠᠩ ᠣᠣᠮᠧᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠡᠬᠡᠨᠡᠭᠳᠡ | ᠬᠠᠯᠠᠮᠵᠢᠯᠠᠬᠰᠠᠭᠠᠷ ᠶᠤᠮ᠃ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠦ ᠪᠠᠷ ᠴᠢᠷᠮᠠᠶᠢᠪᠠᠯ ︽ᠨᠢᠭᠡ | ᠤᠯᠣᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠠᠪᠤᠳᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ | ᠴᠢᠳᠠᠨ᠎ᠠ᠃ ᠡᠭᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠤᠯ ᠲᠠᠶᠢᠸᠠᠨ ᠬᠤᠭᠤᠯᠠᠢ ᠶᠢᠨ ᠬᠤᠶᠠᠷ | ᠬᠦᠪᠡᠭᠡ ᠶᠢᠨ ᠠᠬ᠎ᠠ ᠳᠡᠭᠦᠦ ᠨᠡᠷ ᠤᠨ ᠬᠠᠮᠲᠤ ᠶᠢᠨ ᠬᠦᠰᠡᠯ ᠶᠤᠮ᠃ ᠪᠦᠬᠦ ᠳᠣᠮᠳᠠᠳᠣ ᠶᠢᠨ ᠬᠥᠪᠡᠭᠦᠳ ᠦᠬᠢᠳ | ᠭᠠᠷ ᠬᠤᠯᠪᠤᠨ ᠤᠷᠤᠬᠰᠢᠯᠠᠵᠤ᠂ ᠳᠣᠮᠳᠠᠳᠣ ᠶᠢᠨ ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠬᠴᠠᠯᠠᠬᠤ ᠶᠢ ᠴᠢᠩ ᠰᠡᠳᠭᠢᠯ ᠠᠴᠠ ᠪᠠᠨ ᠬᠦᠰᠡᠨ ᠪᠠᠷᠠᠯᠠᠵᠦ ᠪᠠᠶᠢᠨ᠎ᠠ᠃ ᠪᠢ ᠭᠠᠳᠠᠭᠠᠳᠤ ᠶᠢᠨ ᠤᠳᠤᠷᠢᠳᠬᠤ | ᠬᠥᠮᠤᠨ ᠪᠣᠯᠣᠨ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ ᠤᠲᠠᠰᠤ ᠪᠠᠷ | ᠶᠠᠷᠢᠯᠴᠠᠨ᠂ ᠸᠢᠳᠢᠤ᠋ ᠪᠠᠷ ᠬᠤᠯᠪᠤᠭ᠎ᠠ ᠠᠪᠬᠤ ᠦᠶ᠎ᠡ ᠳᠤ᠂ ᠳᠤᠮᠳᠠᠳᠤ ᠤᠯᠣᠰ ᠤᠨ ᠬᠢᠵᠢᠭ ᠲᠠᠢ ᠲᠡᠮᠡᠴᠡᠭᠰᠡᠨ ᠪᠠ | ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠵᠡᠬᠦᠯᠦᠭᠰᠡᠨ ᠬᠤᠪᠢ ᠨᠡᠮᠡᠷᠢ ᠶᠢ | ᠲᠡᠳᠡ ᠣᠯᠠᠨ ᠤᠳᠠᠭ᠎ᠠ ᠮᠠᠭᠲᠠᠨ ᠰᠠᠶᠢᠰᠢᠶᠠᠭᠰᠠᠨ ᠪᠠᠶᠢᠨ᠎ᠠ᠃ ᠣᠳᠤᠬᠠᠨ ᠪᠤᠯᠳᠠᠯ᠎ᠠ᠂ ᠳᠤᠮᠳᠠᠳᠤ ᠤᠯᠤᠰ 120 | ᠭᠠᠷᠤᠢ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠳᠠ ᠳᠤ 20 ᠳ᠋ᠦᠩᠰᠢᠭᠤᠷ ᠲᠠᠷᠢᠯᠭ᠎ᠠ ᠶᠢᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠬᠠᠩᠭᠠᠵᠠᠢ᠃ ᠳᠡᠯᠡᠬᠡᠢ ᠶᠢᠨ ᠡᠯ᠎ᠡ ᠤᠯᠣᠰ ᠬᠦᠴᠢᠷ ᠪᠡᠷᠬᠡ ᠶᠢ | ᠬᠠᠮᠳᠤ ᠪᠠᠷ ᠲᠤᠭᠤᠯᠵᠤ᠂ ᠪᠦᠯᠬᠦᠮᠳᠡᠨ ᠬᠠᠮᠳᠤᠷᠠᠯᠴᠠᠪᠠᠯ ᠰᠠᠶ᠋ᠢ ᠬᠦᠮᠦᠨ ᠲᠥᠷᠦᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠨ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ | ᠰᠠᠷ᠎ᠠ ᠭᠠᠷᠤᠢ ᠶᠢᠨ ᠲᠠᠷᠠᠭ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠡᠪᠤᠯ ᠤᠨ ᠤᠯᠠᠷᠢᠯ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠬᠢᠯᠡᠨ᠎ᠡ᠃ ᠨᠡᠩ | ᠤᠯᠠᠨ ᠬᠦᠮᠦᠰ ᠢ ᠴᠠᠰᠤ ᠮᠥᠰᠤᠨ ᠤ ᠲᠡᠮᠢᠷ ᠤᠨ ᠬᠥᠳᠡᠯᠭᠡᠭᠡᠨ ᠳᠤ ᠣᠷᠤᠯᠴᠠᠭᠤᠯᠬᠤ ᠨᠢ ᠣᠯᠢᠮᠫᠢᠺ ᠤᠨ ᠲᠠᠮᠢᠷ ᠤᠨ | ᠬᠦᠳᠡᠯᠬᠡᠬᠡᠨ ᠤ ᠭᠤᠤᠯ ᠠᠴᠢ ᠬᠤᠯᠪᠤᠭᠳᠠᠯ ᠪᠣᠯᠤᠨ᠎ᠠ᠃ ᠪᠢᠳᠠ ᠦᠨᠡᠨ ᠰᠡᠳᠬᠢᠯ ᠢᠶᠠᠷ ᠢᠶᠠᠨ ᠴᠢᠷᠮᠠᠶᠢᠵᠤ ᠳᠡᠯᠡᠬᠡᠢ | ᠳ᠋ᠠᠬᠢᠨ ᠳᠤ ᠨᠢᠭᠡ ᠬᠤᠭᠤᠴᠠᠭᠠᠨ ᠤ ᠣᠯᠢᠮᠫᠢᠺ ᠤᠨ ᠦᠪᠡᠳᠡᠭᠰᠢ ᠴᠤᠭᠯᠠᠭᠠᠨ ᠢ ᠡᠷᠬᠦᠨ᠎ᠠ᠃ ᠳᠤᠮᠳᠠᠳᠤ ᠤᠯᠤᠰ ᠢ | ᠳᠡᠯᠡᠬᠡᠢ ᠪᠠᠷ ᠢᠶᠠᠨ ᠬᠦᠰᠡᠨ ᠬᠦᠯᠢᠶᠡᠵᠦ ᠪᠤᠢ᠂ ᠳᠤᠮᠳᠠᠳᠤ ᠤᠯᠤᠰ ᠪᠡᠯᠡᠬᠡᠨ ᠪᠣᠯᠤᠯ᠎ᠠ᠃ ᠰᠢᠨ᠎ᠡ ᠣᠨ ᠤ | ᠬᠤᠩᠬᠤ ᠶᠢᠨ ᠳᠠᠭᠤᠨ ᠤᠳᠠᠯ ᠦᠭᠡᠢ ᠳᠤᠤᠭᠠᠷᠬᠤ ᠪᠣᠯᠤᠯ᠎ᠠ᠃ ᠮᠠᠨ ᠤ ᠭᠤᠷᠪᠠᠨ ᠰᠠᠨᠰᠠᠷᠴᠢᠨ ᠶᠠᠭ ᠰᠠᠨᠰᠠᠷ | ᠣᠷᠴᠢᠯᠠᠩ ᠳᠤ ᠠᠵᠢᠯᠯᠠᠬᠰᠠᠭᠠᠷ ᠪᠠᠶᠢᠨ᠎ᠠ᠂ ᠭᠠᠳᠠᠭᠠᠳᠤ ᠳᠤ ᠪᠠᠶᠢᠭ᠎ᠠ ᠠᠬ᠎ᠠ ᠳᠡᠭᠦᠦ ᠨᠠᠷ ᠮᠥᠨ ᠯᠡ ᠰᠢᠷᠭᠠᠭᠤ | ᠠᠵᠢᠯᠯᠠᠬᠰᠠᠭᠠᠷ ᠪᠠᠶᠢᠨ᠎ᠠ᠂ ᠡᠯᠴᠢᠨ ᠰᠠᠶᠢᠳ ᠺᠤᠨᠰᠦ᠋ᠯ ᠤᠨ ᠭᠠᠵᠠᠷ᠂ ᠳᠤᠮᠳᠠᠳᠤ ᠤᠯᠤᠰ ᠤᠨ ᠪᠡᠯᠡ | ᠣᠷᠤᠭᠤᠯᠤᠭᠰᠠᠨ ᠠᠵᠦ ᠠᠬᠤᠶᠢᠯᠠᠯ ᠵᠡᠷᠭᠡ ᠭᠠᠳᠠᠭᠠᠳᠤ ᠳᠤ ᠲᠣᠮᠢᠯᠠᠨ ᠰᠠᠭᠤᠯᠭᠠᠭᠰᠠᠨ ᠠᠵᠢᠯᠲᠠᠨ ᠪᠣᠯᠤᠨ | ᠭᠠᠳᠠᠭᠠᠳᠤ ᠳᠤ ᠰᠤᠷᠤᠯᠴᠠᠵᠦ ᠪᠠᠶᠢᠭ᠎ᠠ ᠥᠷᠭᠡᠨ ᠣᠯᠠᠨ ᠣᠶᠤᠲᠠᠨ ᠮᠥᠨ ᠯᠡ ᠠᠵᠢᠯ ᠰᠤᠷᠤᠯᠭ᠎ᠠ ᠶᠢᠨ ᠪᠠᠶᠢᠷᠢ ᠪᠠᠨ | ᠪᠠᠲᠤ ᠰᠠᠬᠢᠵᠤ᠂ ᠲᠤᠭ᠎ᠠ ᠲᠣᠮᠰᠢ ᠦᠭᠡᠢ ᠬᠦᠰᠡᠯ ᠵᠡᠭᠦᠳᠦ ᠪᠠᠨ ᠬᠥᠭᠡᠭᠡᠴᠡᠯᠳᠦᠭᠰᠡᠳ ᠮᠦᠨ ᠬᠦ ᠴᠢᠷᠮᠠᠶᠢᠨ | ᠲᠡᠮᠡᠴᠡᠵᠦ ᠬᠤᠪᠢ ᠨᠡᠮᠡᠷᠢ ᠦᠵᠡᠭᠦᠯᠦᠭᠰᠡᠬᠡᠷ ᠪᠠᠶᠢᠨ᠎ᠠ᠃ ᠲᠠ ᠨᠠᠷ ᠵᠦᠳᠡᠷᠡᠯ᠎ᠡ᠂ ᠪᠢ ᠲᠠ ᠨᠠᠷ ᠲᠤ ᠰᠢᠨ᠎ᠡ ᠵᠢᠯ ᠤᠨ | ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠤ ᠪᠠᠶᠢᠨ᠎ᠠ᠃ | ᠪᠢᠳᠠ ᠢᠷᠡᠭᠡᠳᠦᠢ ᠲᠡᠶᠢᠰᠢ ᠬᠠᠮᠳᠤ ᠳᠠᠭᠠᠨ ᠤᠷᠤᠭᠰᠢᠯᠠᠵᠠᠭᠠᠶ᠎ᠠ᠂ ᠲᠥᠷᠦ ᠲᠦᠪᠰᠢᠨ ᠲᠦᠮᠡᠨ | ᠠᠮᠤᠭᠤᠯᠠᠩ ᠪᠠᠶᠢᠬᠤ ᠶᠢ ᠵᠥᠩᠨᠡᠶ᠎ᠡ︕ | |