ᠵᠢᠨᠢᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠵᠢᠨ‌ᠬᠤᠷᠢᠶ᠎ᠠ ᠶᠢᠨ ᠬᠤᠷᠠᠯ ᠵᠢᠴᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/19
705470.jpg
     10 ᠰᠠᠷ᠎ᠠ ᠶᠢᠨ 18᠎ ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 15 ᠳ᠋ᠤᠭᠠᠷ ᠤᠳᠠᠭᠠᠨ ᠤ ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠱᠠᠨᠳᠦ᠋ᠩ ᠮᠤᠵᠢ ᠶᠢᠨ ᠭᠠᠵᠠᠷ ᠰᠢᠷᠣᠢ ᠠᠭᠤᠷᠬᠠᠢ ᠶᠢᠨ ᠲᠤᠪᠴᠢᠶ᠎ᠠ ᠶᠢᠨ ᠵᠢᠷᠭᠤᠳᠤᠭᠠᠷ ᠭᠠᠵᠠᠷ ᠰᠢᠨᠵᠢᠯᠡᠭᠡᠨ ᠤ ᠶᠡᠭᠡ ᠠᠩᠬᠢ ᠶᠢᠨ ᠪᠦᠬᠦ ᠭᠠᠵᠠᠷ ᠰᠢᠨᠵᠢᠯᠡᠭᠡᠨ ᠤ ᠠᠵᠢᠯᠲᠠᠳ ᠲᠤ ᠢᠯᠡᠭᠡᠭᠰᠡᠨ ᠬᠠᠷᠢᠭᠤ ᠵᠠᠬᠢᠳᠠᠯ ᠪᠣᠯᠤᠨ ᠲᠥᠪ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠵᠢᠷᠭᠤᠳᠤᠭᠠᠷ᠂ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠵᠢᠨᠢᠩ ᠲᠣᠭᠤᠷᠢᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠳᠠᠷᠤᠯᠲᠠ ᠥᠭᠴᠦ ᠠᠬᠢᠭᠤᠯᠵᠤ᠂ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ ᠪᠦᠬᠦ ᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠲᠠᠢ ᠪᠠᠶᠢᠬᠤ ᠶᠢ ᠪᠠᠷᠢᠮᠲᠠᠯᠠᠵᠤ᠂ ᠴᠠᠭ ᠢᠮᠠᠭᠲᠠ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠪᠡᠶᠡᠯᠡᠭᠦᠯᠦᠭᠡᠳᠦᠢ ᠥᠭᠡᠷᠡᠴᠢᠯᠡᠯᠲᠡ ᠶᠢᠨ ᠬᠡᠷᠡᠭ ᠶᠠᠪᠤᠳᠠᠯ ᠢ ᠴᠢᠩᠭ᠎ᠠ ᠠᠳᠬᠤᠭᠠᠳ ᠲᠠᠯᠪᠢᠬᠤ ᠦᠭᠡᠢ ᠪᠠᠶᠢᠵᠤ᠂ ᠡᠴᠦᠰ ᠲᠤᠨᠢ ᠲᠤᠯᠲᠠᠯ᠎ᠠ ᠠᠳᠬᠤᠵᠤ᠂ ᠨᠢᠭᠡ ᠶᠢ ᠥᠭᠡᠷᠡᠴᠢᠯᠡᠪᠡᠯ ᠨᠢᠭᠡ ᠶᠢ ᠪᠦᠲᠦᠭᠡᠬᠦ ᠶᠢ ᠪᠠᠲᠤᠯᠠᠬᠤ ᠬᠡᠷᠡᠭᠲᠡᠢ᠃   ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾᠎ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠰᠢ ᠶᠢᠨ ᠫᠢᠩ  ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ  ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠨᠢᠭᠡᠳᠦᠮᠡᠯ ᠹᠷᠣᠨᠲ ᠤᠨ ᠠᠵᠢᠯ ᠢ ᠤᠨᠢᠨ ᠳᠡᠭᠡᠷ᠎ᠡ ᠨᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠬᠤᠷᠠᠯ ᠠᠴᠠ ᠵᠢᠨᠢᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠯᠠᠪᠳᠠᠭᠤᠨ ᠪᠠᠲᠤᠲᠠᠢ᠂ ᠨᠠᠷᠢᠨ ᠨᠢᠮᠪᠠᠢ᠂ ᠡᠮᠬᠢ ᠳᠢᠭᠯᠢᠮ ᠲᠠᠢ ᠪᠠᠷ ᠬᠤᠳᠠ ᠶᠢ ᠪᠠᠶᠢᠭᠤᠯᠬᠤ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠱᠠᠩᠨᠠᠵᠤ ᠲᠣᠷᠭᠠᠬᠤ ᠶᠢ ᠨᠠᠶᠢᠳᠠᠪᠤᠷᠢᠵᠢᠭᠤᠯᠵᠤ᠂ ᠬᠤᠳᠠ ᠪᠠᠶᠢᠭᠤᠯᠬᠤ ᠠᠵᠢᠯ ᠢ ᠶᠠᠪᠤᠳᠠᠯ ᠪᠦᠬᠦᠨ ᠳᠤ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠣᠳᠣᠬᠠᠨ ᠤ ᠬᠤᠳᠠ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ᠰᠢᠯᠲᠠᠭᠠᠨ ᠢ ᠬᠢᠨᠠᠮᠠᠭᠠᠢ ᠵᠠᠳᠠᠯᠵᠤ᠂ ᠴᠢᠨᠠᠭᠰᠢᠳᠠ ᠳᠡᠭᠡᠭᠰᠢᠯᠡᠭᠦᠯᠬᠦ ᠴᠢᠭᠯᠡᠯ ᠢ ᠡᠷᠢᠯᠬᠢᠯᠡᠵᠦ᠂ ᠬᠥᠳᠡᠯᠦᠩᠭᠦᠢ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠪᠣᠳᠠᠲᠠᠢ ᠬᠢᠬᠦ ᠬᠡᠷᠡᠭᠲᠡᠢ᠃ ᠬᠤᠷᠠᠯ ᠠᠴᠠ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ᠂ ᠬᠡᠯᠪᠡᠷᠢᠴᠢ ᠦᠵᠡᠯ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠴᠡᠭᠴᠡᠯᠡᠨ ᠵᠠᠰᠠᠬᠤ ᠵᠡᠷᠭᠡ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                 ᠵᠢᠷᠤᠭ᠄   ᠭᠦᠸᠧ  ᠸᠧᠨ  ᠵᠢᠶᠧ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2