ᠨᠠᠮ ‍ᠤᠨ‌ᠬᠤᠷᠢᠳᠤᠭᠠᠷ ᠶᠡᠭᠡ ᠬᠤᠷᠠᠯ ᠤᠨ ᠢᠯᠡᠳᠭᠡᠯ ᠤᠨ ᠠᠯᠳᠠᠨ ᠪᠠᠳᠠᠭ
ᠨᠡᠶᠢᠲᠡᠯᠡᠭᠰᠡᠨ ᠴᠠᠭ᠄
2022/10/19
    1. ᠮᠠᠨ ᠤ ᠨᠠᠮ ᠲᠤᠮᠳᠠᠳᠤ ᠶᠢᠨ ᠦᠨᠳᠦᠰᠦᠳᠡᠨ ᠤ ᠮᠢᠩᠭᠠᠨ ᠤᠨ ᠤ ᠠᠭᠤᠤ ᠦᠢᠯᠡᠰ ᠢ  ᠪᠦᠳᠦᠭᠡᠬᠦ ᠎ ᠪᠠᠷ  ᠵᠤᠷᠢᠭ‌‍ᠰᠢᠭᠤᠳᠴᠤ᠂ ᠬᠦᠮᠦᠨ ᠲᠦᠷᠦᠯᠬᠢᠳᠡᠨ ᠤ ᠡᠩᠬᠡ ᠲᠠᠶᠢᠪᠤᠩ ᠬᠦᠭᠵᠢᠯᠳᠡ ᠶᠢᠨ ᠡᠷᠬᠢᠮ  ᠲᠡᠭᠡᠳᠤ  ᠦᠢᠯᠡᠰ  ᠎ ᠲᠤ  ᠬᠦᠴᠦ  ᠪᠡᠨ‌ᠡᠷᠭᠦᠵᠤ᠂ ᠡᠭᠦᠷᠭᠡ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠤ ᠪᠦᠭᠡᠳ ᠢᠷᠠᠭᠤ  ᠠᠯᠳᠠᠷ  ᠎ ᠲᠠᠢ  ᠶᠤᠮ᠃  ᠨᠠᠮ ᠤᠨ  ᠪᠦᠬᠦ ᠨᠦᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠎ ᠪᠠᠨ ᠪᠠᠲᠤ ᠴᠡᠭᠡᠵᠢᠯᠡᠵᠤ᠂ ᠡᠷᠬᠡᠪᠰᠢ ᠲᠠᠷᠤᠤ ᠪᠤᠯᠭᠤᠮᠵᠢᠳᠠᠢ᠂ ᠲᠡᠰᠪᠦᠷᠢ ᠬᠠᠳᠠᠭᠤᠵᠢᠯᠳᠠᠢ ᠲᠡᠮᠡᠴᠡᠵᠤ᠂ ᠡᠷᠬᠡᠪᠰᠢ ᠵᠤᠷᠢᠭᠳᠠᠢ ᠪᠠᠷ ᠴᠢᠷᠮᠠᠶᠢᠨ᠂  ᠴᠢᠳᠠᠮᠠᠭᠠᠢ ᠎ ᠪᠠᠷ  ᠲᠡᠮᠡᠴᠡᠵᠤ᠂ᠲᠡᠤᠭᠡ ᠶᠢᠨ ᠢᠳᠡᠭᠡᠯ ᠢᠶᠠᠨ ᠪᠠᠳᠤᠳᠬᠠᠨ᠂ ᠲᠡᠤᠭᠡ ᠶᠢᠨ ᠰᠠᠨᠠᠭᠠᠴᠢᠯᠠᠭᠠᠳᠤ ᠡᠷᠬᠡ ᠪᠠᠨ ᠴᠢᠩᠭᠠᠳᠬᠠᠵᠤ᠂  ᠰᠢᠨ᠎ᠡ  ᠴᠠᠭ  ᠦᠶ᠎ᠡ‌ᠵᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠨᠡᠩ ᠭᠤᠶᠢᠳᠠ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠬᠦ‌‍ᠬᠡᠷᠡᠭᠳᠡᠢ᠃            2 . ᠴᠦᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠵᠤ᠂ ᠨᠠᠮ ᠠᠴᠠ ᠦᠪᠡᠷ ᠤᠨ ᠪᠡᠶ᠎ᠡ ᠳᠡᠭᠡᠨ ᠬᠤᠪᠢᠰᠬᠠᠯ  ᠬᠢᠬᠦ  ᠡᠨᠡ‌‍ᠬᠦ ᠵᠠᠰᠠᠬᠤ ᠰᠠᠮᠠᠭᠤᠷᠠᠬᠤ ᠮᠠᠨᠳᠤᠬᠤ ᠲᠤᠷᠤᠶᠢᠳᠠᠬᠤ ᠲᠡᠤᠭᠡ ᠶᠢᠨ ᠦᠶᠡᠯᠡᠯ ᠤᠨ ᠲᠠᠪᠳᠠᠮᠵᠢ ᠠᠴᠠ ᠵᠠᠶᠢᠯᠠᠵᠤ ᠭᠠᠷᠬᠤ ᠬᠤᠶᠠᠳᠤᠭᠠᠷ‌ᠬᠠᠷᠢᠭᠤᠯᠳᠠ ᠶᠢ ᠤᠯᠵᠤ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠦᠩᠭᠡ ᠬᠤᠪᠢᠷᠠᠬᠤ ᠦᠭᠡᠢ᠂ ᠦᠨᠦᠷ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠳᠤᠯᠠᠪᠠ᠃               3. ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠳᠠ ᠪᠦᠳᠦᠮᠵᠢ ᠶᠢ ᠪᠣᠯ ᠨᠠᠮ ᠪᠠ  ᠠᠷᠠᠳ  ᠲᠦᠮᠡᠨ  ᠬᠠᠮᠳᠤ ᠪᠠᠷ‌ᠮᠡᠷᠡᠶᠢᠵᠤ ᠪᠠᠶᠢᠭᠠᠳ ᠤᠯᠤᠭᠰᠠᠨ ᠶᠤᠮ᠂ ᠠᠵᠢᠯᠯᠠᠵᠤ ᠪᠠᠶᠢᠭᠠᠳ ᠤᠯᠤᠭᠰᠠᠨ ᠶᠤᠮ᠂ ᠲᠡᠮᠡᠴᠡᠵᠤ ᠪᠠᠶᠢᠭᠠᠳ ᠤᠯᠤᠭᠰᠠᠨ ᠶᠤᠮ᠃            4 . ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠳᠠ ᠨᠢ ᠨᠠᠮ ᠤᠨ ᠲᠡᠤᠭᠡ᠂ ᠰᠢᠨ᠎ᠡ ᠲᠤᠮᠳᠠᠳᠤ‌ᠤᠯᠤᠰ ᠤᠨ ᠲᠡᠤᠭᠡ᠂ ᠦᠭᠡᠷᠡᠴᠢᠯᠡᠯᠳᠡ ᠨᠡᠭᠡᠭᠡᠯᠳᠡ ᠶᠢᠨ ᠲᠡᠤᠭᠡ᠂ ᠨᠡᠶᠢᠭᠡᠮ ᠵᠢᠷᠤᠮ ᠤᠨ ᠭᠦᠭᠵᠢᠯᠳᠡ ᠶᠢᠨ ᠲᠡᠤᠭᠡ᠂  ᠲᠤᠮᠳᠠᠳᠤ‌ᠵᠢᠨ ᠦᠨᠳᠦᠰᠦᠳᠡᠨ ᠤ ᠭᠦᠭᠵᠢᠯᠳᠡ ᠶᠢᠨ ᠲᠡᠤᠭᠡᠨ ᠲᠡᠭᠡᠷ᠎ᠡ ᠬᠦᠰᠢᠶ᠎ᠡ ᠲᠤᠷᠠᠰᠬᠠᠯ ᠤᠨ ᠠᠴᠢ ᠬᠤᠯᠪᠤᠭᠳᠠᠯ ᠲᠠᠢ ᠶᠤᠮ᠃            5 . ᠲᠤᠮᠳᠠᠳᠤ ᠤᠯᠤᠰ ᠤᠨ ᠡᠪ ᠬᠠᠮᠳᠤ  ᠨᠠᠮ  ᠶᠠᠭᠠᠬᠢᠭᠠᠳ  ᠲᠡᠶᠢᠯᠦᠨ᠎ᠡ  ᠭᠡᠳᠡᠭ  ᠪᠤᠢ᠂  ᠲᠤᠮᠳᠠᠳᠤ  ᠤᠯᠤᠰ ‍ᠤᠨ‌ᠤᠨᠴᠠᠯᠢᠭ ᠪᠦᠬᠦᠢ ᠨᠡᠶᠢᠭᠡᠮ ᠵᠢᠷᠤᠮ ᠶᠠᠭᠠᠬᠢᠭᠠᠳ ᠰᠠᠶᠢᠨ ᠭᠡᠳᠡᠭ ᠪᠤᠢ ᠭᠡᠪᠡᠯ᠂ ᠡᠴᠤᠰ ᠤᠨ ᠡᠴᠤᠰ ᠎ ᠲᠡᠭᠡᠨ ᠮᠠᠷᠺᠰ ᠤᠨ  ᠦᠵᠡᠯ ᠵᠦᠪ ᠪᠠᠶᠢᠳᠠᠭ᠂ ᠲᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠵᠦᠪ ᠪᠠᠶᠢᠳᠠᠭ ᠲᠤ ᠤᠷᠤᠰᠢᠨ᠎ᠠ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠦᠭᠴᠡᠢ᠃                 6. ᠲᠤᠮᠳᠠᠳᠤ ᠤᠯᠤᠰ ᠤᠨ ᠠᠷᠠᠳ ᠲᠦᠮᠡᠨ  ᠪᠤᠯᠤᠨ  ᠲᠤᠮᠳᠠᠳᠤ ᠎ ᠶᠢᠨ  ᠦᠨᠳᠦᠰᠦᠳᠡᠨ  ᠤᠶᠢᠷ᠎ᠠ  ᠦᠶ᠎ᠡ  ᠡᠴᠡ‌‍ᠰᠡᠭᠦᠯᠡᠷᠬᠢ ᠬᠦᠨᠳᠤ ᠬᠡᠴᠡᠭᠦᠦ ᠭᠠᠰᠠᠯᠠᠩ ᠵᠤᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠳᠠ ᠶᠢᠨ ᠭᠡᠭᠡᠨ ᠰᠠᠷᠠᠭᠤᠯ  ᠢᠷᠡᠭᠡᠳᠤᠢ‌‍ᠲ᠋ᠡᠶᠢᠰᠢ ᠤᠷᠤᠭᠰᠢᠯᠠᠬᠤ ᠳᠤ ᠶᠡᠷᠤ ᠠᠴᠠ ᠰᠤᠷᠬᠤ ᠪᠢᠴᠢᠭ ᠭᠡᠵᠤ ᠪᠠᠶᠢᠭᠰᠠᠨ ᠦᠭᠡᠢ᠂ ᠨᠡᠩ ᠴᠤ  ᠪᠡᠯᠡᠨ  ᠬᠠᠷᠢᠭᠤᠯᠳᠠ  ᠭᠡᠵᠤ ᠪᠠᠶᠢᠭᠰᠠᠨ ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠳᠠ ᠤᠯᠤᠭᠰᠠᠨ ᠵᠠᠮ ᠢ ᠪᠤᠯ  ᠨᠠᠮ ᠎ ᠠᠴᠠ  ᠠᠷᠠᠳ‌‍ᠲ᠋ᠦ᠋ᠮᠡᠨ ᠢ ᠤᠳᠤᠷᠢᠳᠤᠨ ᠪᠡᠶ᠎ᠡ ᠪᠠᠨ ᠲᠠᠭᠠᠭᠠᠵᠤ ᠡᠵᠡᠨ  ᠮᠡᠳᠡᠵᠤ  ᠪᠠᠶᠢᠭᠠᠳ  ᠬᠠᠶᠢᠨ  ᠰᠦᠪᠡᠭᠴᠢᠯᠡᠵᠦ  ᠨᠡᠭᠡᠭᠡᠭᠰᠡᠨ  ᠶᠤᠮ᠂ᠮᠠᠷᠺᠰ ᠤᠨ ᠦᠵᠡᠯ ᠤᠨ ᠲᠤᠮᠳᠠᠳᠤ ᠤᠯᠤᠰ ᠤᠨ ᠬᠠᠭᠤᠳᠠᠰᠤ ᠶᠢ ᠪᠣᠯ ᠲᠤᠮᠳᠠᠳᠤ ᠤᠯᠤᠰ ᠤᠨ ᠡᠪ  ᠬᠠᠮᠳᠤᠴᠤᠳ  ᠦᠪᠡᠷ ‍ᠦᠨ‌‍ᠬᠦ᠋ᠴᠦᠨ ᠳᠡᠭᠡᠨ ᠲᠦᠰᠢᠭᠯᠡᠵᠦ ᠪᠠᠶᠢᠭᠠᠳ ᠦᠢᠯᠡᠳᠦᠯᠭᠡᠵᠢᠬᠦᠯᠵᠤ ᠪᠢᠴᠢᠭᠯᠡᠭᠰᠡᠨ ᠶᠤᠮ᠂ ᠡᠭᠦᠨ ᠤ  ᠲᠤᠳᠤᠷ᠎ᠠ  ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ ᠪᠣᠯ ᠲᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠲᠤᠮᠳᠠᠳᠤ ᠤᠯᠤᠰ ᠤᠨ ᠦᠨᠳᠦᠰᠦᠨ‌‍ᠪᠠᠶᠢᠳᠠᠯ ᠠᠴᠠ ᠡᠭᠦᠰᠴᠤ ᠪᠠᠶᠢᠭᠠᠳ ᠲᠤᠮᠳᠠᠳᠤ ᠤᠯᠤᠰ ᠤᠨ ᠬᠦᠮᠦᠨ ᠦᠪᠡᠷ ᠢᠶᠠᠨ ᠬᠠᠷᠢᠭᠤᠯᠬᠤ  ᠬᠡᠷᠡᠭᠳᠡᠢ  ᠪᠠᠶᠢᠬᠤ  ᠶᠠᠪᠤᠳᠠᠯ‌‍ᠪᠤᠯᠤᠨ᠎ᠠ᠃            7. ᠵᠠᠮ ᠢᠶᠠᠨ ᠬᠤᠪᠢᠷᠠᠭᠤᠯᠬᠤ ᠦᠭᠡᠢ᠂ ᠵᠤᠷᠢᠭ ᠢᠶᠠᠨ ᠦᠭᠡᠷᠡᠴᠢᠯᠡᠬᠦ ᠦᠭᠡᠢ ᠪᠠᠶᠢᠬᠤ ᠶᠢ ᠪᠠᠷᠢᠮᠳᠠᠯᠠᠵᠤ᠂ ᠲᠦᠭᠵᠢᠮᠡᠯ ᠬᠡᠪᠰᠢᠮᠡᠯ ᠬᠠᠭᠤᠴᠢᠨ ᠵᠠᠮ ᠢᠶᠠᠷ ᠵᠠᠮᠨᠠᠬᠤ ᠦᠭᠡᠢ ᠮᠦᠷᠳᠡᠭᠡᠨ ᠲᠤᠭ ᠢᠶᠠᠨ ᠰᠤᠯᠢᠵᠤ ᠲᠠᠯᠪᠠᠭ᠎ᠠ ᠪᠠᠨ ᠬᠠᠯᠠᠬᠤ ᠭᠠᠵᠢᠭᠤ ᠵᠠᠮ ᠵᠢᠡᠷ‌‍ᠴᠤ  ᠵᠠᠮᠨᠠᠬᠤ  ᠦᠭᠡᠢ  ᠪᠠᠶᠢᠵᠤ᠂  ᠤᠯᠤᠰ  ᠪᠠ  ᠦᠨᠳᠦᠰᠦᠳᠡᠨ ᠤ   ᠭᠦᠭᠵᠢᠯᠳᠡ   ᠎ ᠶᠢ   ᠦᠪᠡᠷ ᠤᠨ   ᠬᠦᠴᠦᠨ ᠳ᠋ᠡᠬᠡᠨ‌‍ᠰᠠᠭᠤᠷᠢᠯᠠᠭᠤᠯᠬᠤ ᠶᠢ ᠪᠠᠷᠢᠮᠳᠠᠯᠠᠵᠤ᠂ ᠲᠤᠮᠳᠠᠳᠤ ᠤᠯᠤᠰ ᠤᠨ ᠭᠦᠭᠵᠢᠯᠳᠡ ᠲᠠᠪᠰᠢᠯᠳᠠ ᠶᠢᠨ ᠬᠤᠪᠢ  ᠵᠠᠶᠠᠭ᠎ᠠ ᠎ ᠶᠢ  ᠦᠪᠡᠷ ‍ᠦᠨ‌ᠭᠠᠷ ᠲᠠᠭᠠᠨ ᠪᠠᠲᠤ ᠡᠵᠡᠮᠰᠢᠬᠦ ᠶᠢ ᠪᠠᠷᠢᠮᠳᠠᠯᠠᠨ᠎ᠠ᠃             8. ᠪᠦᠬᠦ ᠨᠠᠮ ᠪᠦᠬᠦ ᠤᠯᠤᠰ ᠤᠨ ᠦᠨᠳᠦᠰᠦᠳᠡᠨ ᠎ ᠨᠦᠭᠦᠳ ᠤᠨ  ᠠᠷᠠᠳ  ᠲᠦᠮᠡᠨ ᠤ  ᠡᠷᠴᠢ  ᠵᠤᠷᠢᠭ᠂  ᠰᠦᠰᠦ ᠵᠤᠷᠢᠭ᠂ ᠢᠳᠡᠭᠡᠯ ᠵᠤᠷᠢᠭ ᠢ ᠴᠢᠩᠭᠠᠷᠠᠭᠤᠯᠵᠤ᠂ ᠭᠠᠵᠢᠭᠤ ᠪᠤᠷᠤᠭᠤ ᠶᠢ  ᠢᠳᠡᠭᠡᠬᠦ  ᠦᠭᠡᠢ᠂  ᠪᠤᠭ  ᠴᠢᠳᠭᠦᠷ ᠎ ᠠᠴᠠ  ᠠᠶᠤᠬᠤ ᠦᠭᠡᠢ᠂ ᠲᠠᠷᠤᠯᠳᠠ ᠠᠴᠠ ᠰᠦᠷᠳᠡᠬᠦ ᠦᠭᠡᠢ ᠪᠠᠷ ᠬᠦᠴᠢᠷ ᠢ ᠮᠡᠳᠡᠵᠤ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ  ᠰᠦᠷᠦᠨ‌ᠤᠷᠤᠭᠰᠢᠯᠠᠵᠤ᠂ ᠬᠦᠭᠵᠢᠯᠳᠡ ᠪᠠ ᠠᠮᠤᠷ ᠲᠦᠪᠰᠢᠨ ᠢ ᠨᠢᠭᠡᠳᠦᠯᠳᠠᠢ ᠲᠦᠯᠦᠪᠯᠡᠨ᠂ ᠤᠷᠤᠭᠰᠢᠯᠠᠯᠳᠠ ᠶᠢᠨ ᠵᠠᠮ ᠲᠡᠭᠡᠷᠡᠬᠢ  ᠡᠯ᠎ᠡ‌ᠵᠦ᠋ᠢᠯ ᠤᠨ ᠬᠦᠴᠢᠷ ᠪᠡᠷᠭᠡᠰᠢᠶᠡᠯ ᠪᠤᠯᠤᠨ ᠰᠢᠯᠭᠠᠯᠳᠠ ᠶᠢ ᠪᠦᠬᠦ ᠬᠦᠴᠦ ᠪᠠᠷ ᠢᠶᠠᠨ ᠢᠯᠠᠨ ᠲᠠᠪᠠᠵᠤ᠂ ᠰᠢᠷᠭᠠᠭᠤ  ᠬᠠᠳᠠᠭᠤᠵᠢᠯᠳᠠᠢ‌‍ᠲ᠋ᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠡ ᠬᠦᠷᠢᠶ᠎ᠡ ᠶᠢ ᠨᠡᠭᠡᠭᠡᠨ᠎ᠡ᠃           9. ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ  ᠨᠠᠶᠢᠷᠠᠮᠳᠠᠯ  ᠎ ᠢᠶᠠᠷ ᠨᠢᠭᠡᠳᠭᠡᠬᠦ ᠢᠷᠡᠭᠡᠳᠦᠢ ᠶᠢ ᠲᠡᠮᠡᠴᠡᠨ ᠤᠯᠬᠤ ᠶᠢ ᠪᠠᠷᠢᠮᠳᠠᠯᠠᠨ᠎ᠠ᠂ ᠬᠡᠪᠡᠴᠤ ᠵᠡᠪᠰᠡᠭᠳᠦ ᠬᠦᠴᠦ  ᠬᠡᠷᠡᠭᠯᠡᠬᠦ ᠶᠢ ᠲᠠᠶᠠᠭᠳᠠᠨ᠎ᠠ  ᠭᠡᠵᠤ ᠶᠠᠭᠠᠬᠢᠭᠰᠠᠨ ᠴᠤ ᠠᠮᠠᠯᠠᠬᠤ ᠦᠭᠡᠢ᠂ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠤᠩᠭᠤᠯᠳᠠ ᠪᠠᠨ ᠦᠯᠡᠳᠡᠭᠡᠨ᠎ᠡ᠃           ᠤᠯᠤᠰ ᠤᠷᠤᠨ ᠤ ᠨᠢᠭᠡᠳᠦᠯ᠂ ᠦᠨᠳᠦᠰᠦᠳᠡᠨ ᠤ ᠰᠡᠷᠭᠦᠨ ᠮᠠᠨᠳᠤᠯᠳᠠ ᠶᠢᠨ ᠲᠡᠤᠭᠡ ᠎ ᠶᠢᠨ  ᠬᠦᠷᠳᠦ  ᠦᠷᠭᠦᠯᠵᠢᠯᠡᠨ‌ᠤᠷᠤᠭᠰᠢᠯᠠᠵᠤ᠂ ᠡᠬᠡ ᠤᠯᠤᠰ ᠤᠨ ᠪᠦᠷᠢᠨ ᠨᠢᠭᠡᠳᠤᠯ ᠢ ᠵᠠᠪᠠᠯ ᠪᠡᠶᠡᠯᠡᠭᠦᠯᠬᠦ ᠪᠦᠭᠡᠳ ᠯᠠᠪᠳᠠᠢ ᠪᠡᠶᠡᠯᠡᠭᠦᠯᠵᠦ ᠴᠢᠳᠠᠬᠤ ᠶᠤᠮ︕            10. ᠢᠯᠵᠠᠷᠠᠯ ᠪᠤᠯ  ᠨᠠᠮ ᠤᠨ  ᠠᠮᠢᠵᠢᠷᠠᠯ ᠤᠨ  ᠬᠦᠴᠦᠨ  ᠪᠤᠯᠤᠨ  ᠲᠠᠶᠢᠴᠢᠨ  ᠬᠦᠴᠦᠨ ᠳᠤ  ᠬᠤᠤᠷ  ᠬᠦᠨᠦᠭᠡᠯ‌ᠤᠴᠠᠷᠠᠭᠤᠯᠬᠤ ᠬᠠᠮᠤᠭ ᠤᠨ ᠶᠡᠭᠡ ᠬᠤᠤᠷᠳᠤ ᠬᠠᠪᠤᠳᠠᠷ ᠮᠦᠨ᠂ ᠢᠯᠵᠠᠷᠠᠯ ᠢ ᠡᠰᠡᠷᠭᠦᠴᠡᠬᠦ ᠪᠤᠯ ᠦᠪᠡᠷ ᠤᠨ  ᠪᠡᠶ᠎ᠡ ᠳᠡᠭᠡᠨ  ᠬᠢᠬᠦ‌ᠬᠠᠮᠤᠭ ᠤᠨ ᠲᠤᠶᠢᠯᠪᠤᠷᠢᠳᠠᠢ ᠬᠤᠪᠢᠰᠬᠠᠯ ᠮᠦᠨ᠃ ᠢᠯᠵᠠᠷᠠᠯ ᠤᠨ  ᠠᠰᠠᠭᠤᠳᠠᠯ  ᠡᠭᠦᠰᠬᠦ  ᠬᠦᠷᠦᠰᠦ  ᠰᠢᠷᠤᠢ  ᠪᠠ  ᠨᠦᠬᠦᠴᠡᠯ‌ᠤᠷᠤᠰᠢᠵᠤ ᠯᠠ ᠪᠠᠶᠢᠪᠠᠯ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠦᠴᠡ ᠴᠤ ᠵᠤᠭᠰᠤᠭᠠᠵᠤ ᠪᠤᠯᠬᠤ ᠦᠭᠡᠢ᠂ ᠲᠠᠭᠠᠷᠢᠯᠳᠠ‌ᠵᠢᠨ ᠪᠦᠷᠢᠶ᠎ᠡ ᠶᠢ ᠡᠷᠬᠡᠪᠰᠢ ᠬᠡᠵᠢᠶᠡᠳᠡ ᠦᠯᠢᠶᠡᠬᠦ ᠬᠡᠷᠡᠭᠳᠡᠢ᠃            11. ᠴᠠᠭ ᠦᠶ᠎ᠡ ᠪᠢᠳᠡᠨ ᠢ ᠤᠷᠢᠶᠠᠯᠠᠵᠤ ᠪᠠᠶᠢᠨ᠎ᠠ᠂ ᠠᠷᠠᠳ ᠲᠦᠮᠡᠨ ᠪᠢᠳᠡᠨ ᠳᠤ ᠬᠦᠰᠡᠯ ᠡᠷᠡᠮᠡᠯᠵᠡᠯ ᠢᠶᠠᠨ ᠲᠠᠯᠪᠢᠵᠤ‌‍ᠪᠠᠶᠢᠨ᠎ᠠ᠂ ᠭᠠᠭᠴᠠ ᠬᠦ ᠮᠤᠬᠤᠰᠢ ᠦᠭᠡᠢ ᠵᠤᠷᠢᠭ ᠢᠶᠠᠷ ᠨᠠᠵᠠᠭᠠᠶᠢᠷᠠᠨ ᠬᠤᠶᠢᠷᠭᠤᠰᠢᠬᠤ ᠦᠭᠡᠢ ᠦᠨᠡᠨᠴᠢ ᠰᠢᠳᠤᠷᠭᠤ  ᠠᠵᠢᠯᠯᠠᠪᠠᠯ‌‍ᠰᠠᠶ᠋ᠢ ᠴᠠᠭ ᠦᠶ᠎ᠡ ᠳᠤ ᠤᠰᠤᠯᠳᠠᠬᠤ ᠦᠭᠡᠢ᠂ ᠠᠷᠠᠳ ᠲᠦᠮᠡᠨ ᠳᠤ ᠤᠰᠤᠯᠳᠠᠬᠤ ᠦᠭᠡᠢ ᠪᠠᠶᠢᠵᠤ ᠴᠢᠳᠠᠨ᠎ᠠ᠃ ᠨᠠᠮ ᠤᠨ ᠪᠦᠬᠦ‌‍ᠲ᠋ᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠣᠯ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ  ᠵᠢᠷᠤᠮ ᠢ  ᠪᠠᠷᠢᠮᠳᠠᠯᠠᠨ‌‍ᠬᠦ᠋ᠭᠵᠢᠬᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠦᠨ᠂ ᠲᠤᠮᠳᠠᠳᠤ ᠤᠯᠤᠰ ᠤᠨ ᠤᠨᠴᠠᠯᠢᠭ ᠪᠦᠬᠦᠢ  ᠨᠡᠶᠢᠭᠡᠮ  ᠵᠢᠷᠤᠮ  ᠪᠤᠯ‌‍ᠲ᠋ᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠬᠦᠯᠬᠦ ᠶᠢᠨ  ᠵᠠᠶᠢᠯᠠᠰᠢ  ᠦᠭᠡᠢ  ᠵᠠᠮᠨᠠᠬᠤ  ᠵᠠᠮ‌ᠮᠦ᠋ᠨ᠂ ᠪᠦᠯᠬᠦᠮᠳᠡᠨ ᠲᠡᠮᠡᠴᠡᠬᠦ ᠪᠤᠯ ᠲᠤᠮᠳᠠᠳᠤ ᠤᠯᠤᠰ ᠤᠨ ᠠᠷᠠᠳ ᠲᠦᠮᠡᠨ ᠤ ᠲᠡᠤᠭᠡ ᠎ ᠶᠢᠨ  ᠠᠭᠤᠤ  ᠦᠢᠯᠡᠰ ᠢ ᠡᠭᠦᠳᠦᠨ‌‍ᠪᠦ᠋ᠳᠦᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠦᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠲᠤᠭᠤᠰᠢᠯᠠᠭᠤᠯᠬᠤ ᠪᠤᠯ‌‍ᠰᠢᠨ᠎ᠡ ᠴᠠᠭ ᠦᠶ᠎ᠡ ᠳᠤ ᠮᠠᠨ ᠤ ᠤᠯᠤᠰ ᠤᠨ ᠭᠦᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ  ᠵᠠᠮ  ᠮᠦᠨ᠂  ᠨᠠᠮ ᠢ‌‍ᠪᠦ᠋ᠬᠦ ᠲᠠᠯ᠎ᠠ ᠪᠠᠷ  ᠴᠢᠩᠭ᠎ᠠ  ᠵᠠᠰᠠᠬᠤ  ᠪᠤᠯ  ᠨᠠᠮ ᠤᠨ  ᠠᠮᠢᠵᠢᠷᠠᠯ ᠤᠨ  ᠬᠦᠴᠦᠨ  ᠪᠠ  ᠠᠮᠢᠳᠤᠯᠢᠭ  ᠬᠦᠴᠦᠨ ᠢ  ᠡᠭᠦᠷᠢᠳᠡ‌ᠬᠠᠳᠠᠭᠠᠯᠠᠵᠤ᠂ ᠰᠢᠨ᠎ᠡ ᠰᠢᠯᠭᠠᠯᠳᠠ ᠶᠢᠨ ᠵᠠᠮ ᠢᠶᠠᠨ ᠰᠠᠶᠢᠳᠤᠷ ᠬᠦᠭᠡᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠦᠨ᠃            12.  ᠨᠠᠮ ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ  ᠦᠢᠯᠡᠰ ᠢ  ᠪᠦᠳᠦᠭᠡᠪᠡ᠂  ᠪᠠᠰᠠ  ᠯᠠᠪᠳᠠᠢ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠭᠤᠤ ᠶᠡᠭᠡ ᠦᠢᠯᠡᠰ ᠢ ᠪᠦᠳᠦᠭᠡᠵᠦ ᠴᠢᠳᠠᠬᠤ ᠶᠤᠮ᠃                     ᠢᠷᠡᠯᠳᠡ᠄ ᠠᠷᠠᠳ ᠤᠨ ᠰᠦᠯᠵᠢᠶ᠎ᠡ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2