ᠰᠢ ᠶᠢᠨ ᠫᠢᠩ ᠪᠦᠬᠦ ᠵᠠᠯᠠᠭᠤᠴᠤᠳ ᠲᠤ  ᠬᠠᠨᠳᠤᠵᠤ  ᠬᠡᠯᠡᠭᠰᠡᠨ‌ᠦᠭᠡ 
ᠨᠡᠶᠢᠲᠡᠯᠡᠭᠰᠡᠨ ᠴᠠᠭ᠄
2022/10/19
    10 ᠰᠠᠷ᠎ᠠ ᠶᠢᠨ 16᠎ ᠤ ᠡᠳᠦᠷ᠂ ᠨᠠᠮ ᠤᠨ  ᠬᠤᠷᠢᠳᠤᠭᠠᠷ  ᠶᠡᠭᠡ  ᠬᠤᠷᠠᠯ  ᠡᠬᠢᠯᠡᠪᠡ᠃  ᠰᠢ ᠶᠢᠨ  ᠫᠢᠩ  ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠬᠢᠵᠦ᠂  ᠢᠯᠡᠳᠭᠡᠯ ᠎ ᠤᠨ ᠵᠢᠡᠨ‌‍ᠲ᠋ᠡᠭᠦᠰᠬᠡᠯ ᠤᠨ ᠬᠡᠰᠡᠭ ᠲᠤ ᠵᠠᠯᠠᠭᠤᠴᠤᠳ ᠲᠤ ᠰᠡᠳᠬᠢᠯ ᠤᠨ ᠨᠠᠶᠢᠲᠠᠯᠭ᠎ᠠ ᠪᠠᠨ ᠲᠠᠯᠪᠢᠯ᠎ᠠ᠃          ᠰᠢ ᠶᠢᠨ ᠫᠢᠩ ᠬᠡᠯᠡᠬᠦ ᠳᠡᠭᠡᠨ᠄ ︽ᠵᠠᠯᠠᠭᠤᠴᠤᠳ ᠬᠦᠴᠦᠷᠬᠡᠭᠵᠢᠪᠡᠯ  ᠤᠯᠤᠰ  ᠣᠷᠣᠨ  ᠬᠦᠴᠦᠷᠬᠡᠭᠵᠢᠨ᠎ᠡ᠃  ᠤᠳᠤ‌ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ‌ᠥᠷᠭᠡᠨ ᠠᠭᠤᠳᠠᠮ᠂ ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ  ᠰᠠᠷᠠᠭᠤᠯ  ᠪᠠᠶᠢᠨ᠎ᠠ᠃  ᠪᠦᠬᠦ ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ  ᠠᠵᠢᠯ  ᠪᠣᠯᠭᠠᠨ  ᠠᠳᠬᠤᠵᠤ᠂  ᠨᠠᠮ ‍ᠤᠨ‌‍ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ ᠵᠡᠪᠰᠡᠭᠯᠡᠵᠦ᠂ ᠨᠠᠮ ᠤᠨ  ᠤᠬ  ᠵᠤᠷᠢᠯᠲᠠ  ᠡᠭᠦᠷᠭᠡ  ᠬᠠᠷᠢᠭᠤᠴᠠᠯᠭ᠎ᠠ ᠪᠠᠷ‌ᠵᠠᠯᠠᠭᠤᠴᠤᠳ ᠢ  ᠤᠷᠢᠶᠠᠯᠠᠵᠤ᠂  ᠵᠠᠯᠠᠭᠤᠴᠤᠳ ᠤᠨ  ᠰᠡᠳᠬᠢᠯ ᠢ  ᠮᠡᠳᠡᠭᠴᠢ᠂  ᠵᠠᠯᠠᠭᠤᠴᠤᠳ ᠤᠨ   ᠠᠵᠢᠯ ᠤᠨ   ᠬᠠᠯᠠᠭᠤᠨ‌‍ᠰᠡᠳᠬᠢᠯᠲᠡᠨ᠂ ᠵᠠᠯᠠᠭᠤᠴᠤᠳ ᠤᠨ ᠵᠠᠮᠴᠢᠯᠠᠭᠴᠢ ᠪᠣᠯᠬᠤ ᠬᠡᠷᠡᠭᠲᠡᠢ᠃︾           ︽ᠥᠷᠭᠡᠨ ᠤᠯᠠᠨ ᠵᠠᠯᠠᠭᠤᠴᠤᠳ ᠨᠠᠮ ᠤᠨ ᠦᠭᠡ ᠶᠢ ᠡᠷᠡᠰ ᠭᠤᠶᠢᠪᠢᠰᠢ ᠰᠣᠨᠣᠰᠴᠤ᠂ ᠨᠠᠮ ᠢᠶᠠᠨ ᠲᠠᠭᠠᠵᠤ᠂ ᠬᠦᠰᠡᠯ‌ᠵᠡᠭᠦᠳᠦ ᠲᠠᠢ ᠪᠥᠭᠡᠳ ᠯᠠᠪᠳᠠᠭᠤᠨ ᠪᠠᠲᠤᠲᠠᠢ ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ  ᠮᠥᠷᠲᠡᠭᠡᠨ  ᠴᠢᠳᠠᠮᠠᠭᠠᠢ  ᠬᠢᠵᠦ ᠴᠢᠳᠠᠮᠠᠭᠠᠢ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠡᠭᠦᠷᠭᠡᠯᠡᠵᠦ᠂ ᠬᠦᠴᠢᠷ ᠠᠴᠠ ᠠᠶᠤᠬᠤ  ᠦᠭᠡᠢ᠂  ᠵᠣᠷᠢᠭᠲᠠᠢ  ᠲᠡᠮᠡᠴᠡᠬᠦ‌‍ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠪᠠᠷ ᠵᠤᠷᠢᠭ ᠰᠢᠭᠤᠲᠤᠨ᠂  ᠵᠠᠯᠠᠭᠤ  ᠨᠠᠰᠤᠨ ᠤ ᠨᠡᠶᠢᠭᠡᠮ ᠵᠢᠷᠤᠮ ‍ᠤᠨ‌ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠠᠯ  ᠬᠠᠯᠠᠭᠤᠨ  ᠦᠢᠯᠡᠳᠦᠯᠭᠡ ᠶᠢᠨ  ᠳᠤᠮᠳᠠ  ᠭᠡᠷᠡᠯ‌‍ᠭᠢᠯᠪᠠᠭ᠎ᠠ ᠪᠠᠨ ᠰᠠᠴᠤᠷᠠᠭᠤᠯᠰᠤᠭᠠᠢ︾  ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2