ᠢᠷᠡᠭᠡᠳᠦᠢ ᠳᠤ ᠶᠠᠭᠠᠬᠢᠵᠤ ᠬᠢᠬᠦ ᠪᠤᠢ︖ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠡᠳᠡᠭᠡᠷ ᠵᠠᠩᠭᠢᠯᠠᠭ᠎ᠠ ᠶᠢᠨ ᠦᠭᠡ ᠶᠢ ᠦᠵᠡᠵᠦ ᠣᠶᠢᠯᠠᠭᠠᠶ᠎ᠠ
ᠨᠡᠶᠢᠲᠡᠯᠡᠭᠰᠡᠨ ᠴᠠᠭ᠄
2022/10/19
     16᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠬᠤᠷᠢᠳᠤᠭᠠᠷ  ᠤᠳᠠᠭ᠎ᠠ ᠶᠢᠨ  ᠪᠦᠬᠦ  ᠤᠯᠤᠰ ‍ᠤᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠵᠦ᠂ ᠰᠢ ᠶᠢᠨ ᠫᠢᠩ ᠠᠷᠪᠠ  ᠶᠢᠰᠦᠳᠦᠭᠡᠷ  ᠬᠤᠭᠤᠴᠠᠭᠠᠨ ᠤ  ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠬᠢᠪᠡ᠃ ᠢᠷᠡᠭᠡᠳᠦᠢ ᠳᠤ ᠶᠠᠭᠠᠬᠢᠵᠤ ᠬᠢᠬᠦ ᠪᠤᠢ︖ ᠬᠤᠷᠢᠳᠤᠭᠠᠷ ᠶᠡᠭᠡ‌ᠬᠤᠷᠠᠯ ᠤᠨ ᠢᠯᠡᠳᠬᠡᠯ ᠳᠠᠬᠢ ᠡᠳᠡᠭᠡᠷ ᠵᠠᠩᠭᠢᠯᠠᠭ᠎ᠠ ᠶᠢᠨ ᠦᠭᠡ ᠶᠢ ᠦᠵᠡᠵᠦ ᠣᠶᠢᠯᠠᠭᠠᠶ᠎ᠠ᠃              ᠭᠤᠣᠯ ᠡᠭᠦᠷᠭᠡ             ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠭᠤᠣᠯ  ᠡᠭᠦᠷᠭᠡ  ᠪᠣᠯ  ᠪᠦᠬᠦ  ᠤᠯᠤᠰ ‍ᠤᠨ‌ᠦᠨᠳᠦᠰᠦᠲᠡᠨ ᠨᠦᠭᠦᠳ ᠤᠨ  ᠠᠷᠠᠳ  ᠲᠦᠮᠡᠨ ᠢ  ᠪᠦᠯᠬᠦᠮᠳᠡᠭᠦᠯᠦᠨ  ᠳᠠᠭᠠᠭᠤᠯᠵᠤ  ᠨᠡᠶᠢᠭᠡᠮ  ᠵᠢᠷᠤᠮᠲᠤ  ᠣᠳᠣᠬᠢᠴᠢᠯᠠᠭᠰᠠᠨ‌‍ᠬᠦ᠋ᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂  ᠬᠤᠶᠠᠳᠤᠭᠠᠷ  ᠵᠠᠭᠤᠨ‌ᠵᠢᠯ ‍ᠤᠨ‌‍ᠲ᠋ᠡᠮᠡᠴᠡᠬᠦ  ᠬᠠᠷᠠᠯᠲᠠ ᠵᠢ‌‍ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ  ᠳᠤᠮᠳᠠᠳᠤ ᠶᠢᠨ  ᠦᠨᠳᠦᠰᠦᠲᠡᠨ ᠤ  ᠠᠭᠤᠤ  ᠶᠡᠭᠡ‌‍ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃             ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ            ᠳᠤᠮᠳᠠᠳᠤ  ᠤᠯᠤᠰ ᠤᠨ  ᠮᠠᠶ᠋ᠢᠭ ᠤᠨ  ᠣᠳᠣᠬᠢᠴᠢᠯᠠᠯᠲᠠ  ᠪᠣᠯ  ᠳᠤᠮᠳᠠᠳᠤ  ᠤᠯᠤᠰ ᠤᠨ  ᠡᠪ  ᠬᠠᠮᠲᠤ  ᠨᠠᠮ ‍ᠤᠨ‌ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠡᠯ᠎ᠡ ᠤᠯᠤᠰ ᠤᠨ  ᠣᠳᠣᠬᠢᠴᠢᠯᠠᠯᠲᠠ ᠶᠢᠨ ᠬᠠᠮᠲᠤ ᠵᠢᠨ‌ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ  ᠪᠠᠶᠢᠳᠠᠯ ᠳᠠᠭᠠᠨ  ᠰᠠᠭᠤᠷᠢᠯᠠᠭᠰᠠᠨ  ᠳᠤᠮᠳᠠᠳᠤ  ᠤᠯᠤᠰ ‍ᠤᠨ‌ᠣᠨᠴᠠᠯᠢᠭ ᠲᠠᠢ ᠶᠤᠮ᠃             ᠬᠤᠶᠠᠷ ᠠᠯᠬᠤᠮ ᠢᠶᠠᠷ ᠶᠠᠪᠤᠬᠤ           ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠶᠡᠷᠦᠩᠬᠡᠢ‌‍ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠤᠨ᠎ᠠ᠄ 2020 ᠣᠨ ᠠᠴᠠ2035 ᠣᠨ ᠪᠣᠯᠲᠠᠯ᠎ᠠ ᠨᠡᠶᠢᠭᠡᠮ ᠵᠢᠷᠤᠮ ‍ᠤᠨ‌ᠣᠳᠣᠬᠢᠴᠢᠯᠠᠯᠲᠠ ᠶᠢ  ᠦᠨᠳᠦᠰᠦᠨ ᠳᠡᠭᠡᠨ ᠪᠡᠶᠡᠯᠡᠭᠦᠯᠦᠨ᠎ᠡ᠃ 2035ᠣᠨ ᠠᠴᠠ ᠲᠤᠰ ᠵᠠᠭᠤᠨ ᠤ  ᠳᠤᠮᠳᠠᠴᠢ  ᠦᠶ᠎ᠡ  ᠪᠣᠯᠲᠠᠯ᠎ᠠ  ᠮᠠᠨ ᠤ  ᠤᠯᠤᠰ ᠢᠶᠠᠨ  ᠪᠠᠶᠠᠨ  ᠬᠦᠴᠦᠷᠬᠡᠭ  ᠠᠷᠠᠳᠴᠢᠯᠠᠭᠰᠠᠨ‌‍ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠤᠨ᠎ᠠ᠃ ᠢᠷᠡᠭᠡᠳᠦᠢ ᠶᠢᠨ ᠲᠠᠪᠤᠨ  ᠵᠢᠯ  ᠪᠣᠯ  ᠨᠡᠶᠢᠭᠡᠮ  ᠵᠢᠷᠤᠮᠲᠤ  ᠣᠳᠣᠬᠢᠴᠢᠯᠠᠭᠰᠠᠨ  ᠤᠯᠤᠰ ᠢ  ᠪᠦᠬᠦ‌‍ᠲ᠋ᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃          ᠲᠡᠷᠢᠭᠦᠨ ᠴᠢᠬᠤᠯᠠ ᠡᠭᠦᠷᠭᠡ             ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ  ᠤᠯᠤᠰ ᠢ  ᠪᠥᠬᠦ  ᠲᠠᠯ᠎ᠠ ᠪᠠᠷ  ᠪᠥᠲᠥᠭᠡᠨ‌‍ᠪᠠᠶᠢᠭᠤᠯᠬᠤ ᠶᠢᠨ ᠲᠡᠷᠢᠭᠦᠨ  ᠴᠢᠬᠤᠯᠠ  ᠡᠭᠦᠷᠭᠡ  ᠮᠥᠨ᠃  ᠬᠥᠭᠵᠢᠭᠦᠯᠬᠦ  ᠪᠣᠯ  ᠨᠠᠮ ᠤᠨ  ᠲᠦᠷᠦ  ᠪᠠᠷᠢᠵᠤ  ᠤᠯᠤᠰ ᠵᠶ᠋ᠠᠨ‌ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃           ᠴᠢᠬᠤᠯᠠ ᠶᠡᠭᠡ ᠵᠠᠷᠴᠢᠮ           ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠳᠣᠣᠷᠠᠬᠢ ᠴᠢᠬᠤᠯᠠ ᠶᠡᠭᠡ  ᠵᠠᠷᠴᠢᠮ ᠢ  ᠪᠠᠲᠤ  ᠡᠵᠡᠮᠰᠢᠬᠦ  ᠬᠡᠷᠡᠭᠲᠡᠢ᠄ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ‌ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ  ᠪᠠᠷᠢᠮᠲᠠᠯᠠᠵᠤ᠂  ᠲᠡᠮᠡᠴᠡᠯ ᠤᠨ  ᠵᠣᠷᠢᠭ  ᠰᠠᠨᠠᠭ᠎ᠠ ᠶᠢ  ᠪᠠᠳᠠᠷᠠᠭᠤᠯᠬᠤ ᠵᠢ‌‍ᠪᠠᠷᠢᠮᠲᠠᠯᠠᠨ᠎ᠠ᠃           ᠬᠦᠴᠦᠯᠡᠬᠦ ᠴᠡᠭ           ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ  ᠠᠵᠤ  ᠠᠬᠤᠢ  ᠳᠡᠭᠡᠷ᠎ᠡ  ᠲᠠᠯᠪᠢᠬᠤ ᠵᠢ‌‍ᠪᠠᠷᠢᠮᠲᠠᠯᠠᠵᠤ᠂ ᠰᠢᠨ᠎ᠡ ᠬᠡᠯᠪᠡᠷᠢ ᠶᠢᠨ ᠠᠵᠤ  ᠦᠢᠯᠡᠳᠪᠦᠷᠢᠵᠢᠯᠲᠡ ᠶᠢ  ᠠᠬᠢᠭᠤᠯᠵᠤ᠂  ᠦᠢᠯᠡᠳᠬᠦ  ᠦᠢᠯᠡᠰ ᠤᠨ ᠬᠦᠴᠦᠷᠬᠡᠭ‌ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠠᠨᠰᠠᠷ ᠤᠨ  ᠠᠶᠠᠯᠠᠯ ᠤᠨ  ᠬᠦᠴᠦᠷᠬᠡᠭ  ᠤᠯᠤᠰ᠂  ᠵᠠᠮ  ᠬᠠᠷᠢᠯᠴᠠᠭᠠᠨ ‍ᠤ‌‍ᠬᠦ᠋ᠴᠦᠷᠬᠡᠭ  ᠤᠯᠤᠰ᠂  ᠰᠦᠯᠵᠢᠶᠡᠨ ᠤ  ᠬᠦᠴᠦᠷᠬᠡᠭ  ᠤᠯᠤᠰ᠂  ᠲᠣᠭᠠᠴᠢᠯᠠᠭᠰᠠᠨ  ᠳᠤᠮᠳᠠᠳᠤ   ᠤᠯᠤᠰ ᠢ   ᠲᠦᠷᠭᠡᠳᠬᠡᠨ‌‍ᠪᠠᠶᠢᠭᠤᠯᠤᠨ᠎ᠠ᠃           ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ         ᠮᠠᠨ ᠤ ᠤᠯᠤᠰ ᠤᠨ ᠣᠳᠣᠬᠢᠴᠢᠯᠠᠬᠤ  ᠪᠦᠲᠦᠭᠡᠨ  ᠪᠠᠶᠢᠭᠤᠯᠤᠯᠲᠠ ᠶᠢᠨ  ᠪᠦᠬᠦ  ᠲᠠᠯ᠎ᠠ ᠳᠠᠬᠢ  ᠰᠢᠨ᠎ᠡ ᠶᠢ  ᠡᠭᠦᠳᠬᠦ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠂ ᠤᠯᠤᠰ ᠳᠠᠶᠠᠭᠠᠷ ᠤᠨ ᠰᠢᠨ᠎ᠡ ᠮᠠᠶ᠋ᠢᠭ ᠤᠨ  ᠪᠠᠶᠢᠭᠤᠯᠤᠯ ᠢ ᠲᠡᠭᠦᠯᠳᠡᠷᠵᠢᠭᠦᠯᠵᠦ᠂ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ  ᠮᠡᠷᠭᠡᠵᠢᠯ ᠤᠨ  ᠬᠦᠴᠦᠨ ᠢ  ᠴᠢᠩᠭᠠᠷᠠᠭᠤᠯᠤᠨ᠂ ᠤᠯᠤᠰ ‍ᠤᠨ‌‍ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠪᠥᠮᠪᠥᠷᠴᠡᠭ ‍ᠤᠨ‌ᠦᠷᠢᠰᠦᠯᠳᠦᠬᠦ ᠬᠦᠴᠦᠨ ᠪᠦᠬᠦᠢ ᠨᠡᠭᠡᠭᠡᠯᠲᠡ ᠬᠢᠵᠦ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠨ᠎ᠠ᠃             ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ             ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠨᠡᠶᠢᠭᠡᠮ  ᠵᠢᠷᠤᠮ ᠤᠨ  ᠠᠷᠠᠳᠴᠢᠯᠠᠭᠰᠠᠨ  ᠤᠯᠤᠰ  ᠲᠦᠷᠦ ᠵᠢᠨ‌ᠮᠥ᠋ᠨ ᠴᠢᠨᠠᠷ ᠤᠨ ᠣᠨᠴᠠᠯᠢᠭ ᠰᠢᠨᠵᠢ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ  ᠦᠨᠡᠨ  ᠪᠣᠳᠠᠲᠠᠢ᠂  ᠬᠠᠮᠤᠭ ‍ᠤᠨ‌‍ᠲ᠋ᠤᠰᠠᠲᠠᠢ  ᠠᠷᠠᠳᠴᠢᠯᠠᠯ  ᠮᠥᠨ᠃  ᠠᠷᠠᠳ  ᠲᠦᠮᠡᠨ  ᠡᠵᠡᠨ  ᠰᠠᠭᠤᠵᠤ  ᠡᠷᠬᠡ  ᠮᠡᠳᠡᠬᠦ  ᠪᠠᠶᠢᠭᠤᠯᠤᠯ ᠤᠨ  ᠰᠢᠰᠲ᠋ᠧᠮ ᠢ‌‍ᠲ᠋ᠡᠭᠦᠯᠳᠡᠷᠵᠢᠭᠦᠯᠵᠦ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠣᠯᠴᠠᠬᠤ ᠶᠢ ᠥᠷᠭᠡᠳᠬᠡᠵᠦ᠂  ᠠᠷᠠᠳ‌‍ᠲ᠋ᠦ᠋ᠮᠡᠨ ᠤ  ᠠᠷᠠᠳᠴᠢᠯᠠᠯ ᠢᠶᠠᠷ  ᠰᠣᠩᠭᠤᠭᠤᠯᠢ  ᠶᠠᠪᠤᠭᠤᠯᠬᠤ᠂  ᠠᠷᠠᠳᠴᠢᠯᠠᠯ ᠢᠶᠠᠷ  ᠵᠥᠪᠯᠡᠬᠦ᠂  ᠠᠷᠠᠳᠴᠢᠯᠠᠯ ᠢᠶᠠᠷ  ᠪᠤᠳᠤᠯᠭ᠎ᠠ‌‍ᠲ᠋ᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ  ᠬᠡᠷᠡᠭᠵᠢᠭᠦᠯᠬᠦ ᠶᠢ ᠪᠠᠲᠤᠯᠠᠨ᠎ᠠ᠃              ᠬᠠᠤᠯᠢ ᠶᠣᠰᠣᠭᠠᠷ ᠤᠯᠤᠰ ᠢᠶᠠᠨ ᠵᠠᠰᠠᠬᠤ           ᠬᠠᠤᠯᠢ ᠶᠣᠰᠣᠭᠠᠷ ᠤᠯᠤᠰ ᠢᠶᠠᠨ  ᠵᠠᠰᠠᠬᠤ᠂  ᠬᠠᠤᠯᠢ  ᠶᠣᠰᠣᠭᠠᠷ  ᠲᠦᠷᠦ  ᠪᠠᠷᠢᠬᠤ᠂  ᠬᠠᠤᠯᠢ  ᠶᠣᠰᠣᠭᠠᠷ  ᠵᠠᠰᠠᠭ ᠶᠠᠪᠤᠭᠤᠯᠬᠤ ᠶᠢ ᠬᠠᠮᠲᠤ ᠪᠠᠷ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠬᠠᠤᠯᠢ ᠪᠠᠷ  ᠵᠠᠰᠠᠬᠤ  ᠤᠯᠤᠰ᠂  ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠭᠴᠠᠵᠢᠭᠤᠯᠤᠨ  ᠪᠠᠶᠢᠭᠤᠯᠬᠤ ᠶᠢ ᠪᠠᠷᠢᠮᠲᠠᠯᠠᠵᠤ᠂  ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ  ᠪᠠᠷᠢᠬᠤ᠂  ᠠᠷᠠᠳ‌ᠨᠡᠶᠢᠲᠡ ᠪᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠯᠤᠰ ᠤᠨ ᠡᠯ᠎ᠡ  ᠲᠠᠯ᠎ᠠ ᠶᠢᠨ  ᠠᠵᠢᠯ ᠢ‌ᠬᠠᠤᠯᠢᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃             ᠨᠡᠶᠢᠭᠡᠮ ᠵᠢᠷᠤᠮ ᠤᠨ ᠰᠣᠶᠣᠯ         ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳᠤ ᠬᠠᠨᠳᠤᠭᠤᠯᠤᠭᠰᠠᠨ᠂ ᠢᠷᠡᠭᠡᠳᠦᠢ ᠳᠤ  ᠬᠠᠨᠳᠤᠭᠤᠯᠤᠭᠰᠠᠨ᠂ᠦᠨᠳᠦᠰᠦᠲᠡᠨ ᠤ ᠪᠥᠭᠡᠳ ᠰᠢᠨᠵᠢᠯᠡᠬᠦ ᠤᠬᠠᠭᠠᠨᠴᠢ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠵᠦ᠂  ᠪᠦᠬᠦ ᠦᠨᠳᠦᠰᠦᠲᠡᠨ ᠤ ᠰᠣᠶᠣᠯ ᠤᠨ  ᠰᠢᠨ᠎ᠡ ᠶᠢ  ᠡᠭᠦᠳᠬᠦ  ᠪᠠ  ᠡᠭᠦᠳᠦᠨ  ᠪᠦᠲᠦᠭᠡᠬᠦ  ᠠᠮᠢᠳᠤᠯᠢᠭ  ᠬᠦᠴᠦᠨ ᠢ  ᠬᠥᠭᠵᠢᠭᠡᠵᠦ᠂ᠳᠤᠮᠳᠠᠳᠤ ᠶᠢᠨ ᠦᠨᠳᠦᠰᠦᠲᠡᠨ ᠤ ᠠᠭᠤᠤ  ᠶᠡᠭᠡ  ᠰᠡᠷᠭᠦᠨ  ᠮᠠᠨᠳᠤᠯᠲᠠ ᠵᠢ‌‍ᠪᠡᠶᠡᠯᠡᠭᠦᠯᠬᠦ  ᠤᠶᠤᠨ  ᠰᠠᠨᠠᠭᠠᠨ ᠤ  ᠬᠦᠴᠦᠨ ᠢ‌‍ᠴᠢᠩᠭᠠᠷᠠᠭᠤᠯᠤᠨ᠎ᠠ᠃        ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ   ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠥᠳᠡᠯᠮᠦᠷᠢᠯᠡᠭᠰᠡᠨ ᠤ ᠬᠢᠨᠢ  ᠬᠢᠷᠢ ᠪᠠᠷ  ᠬᠤᠪᠢᠶᠠᠷᠢᠯᠠᠬᠤ ᠪᠠᠷ ᠭᠤᠣᠯ  ᠴᠣᠭᠴᠠ  ᠪᠣᠯᠭᠠᠬᠤ᠂  ᠤᠯᠠᠨ  ᠵᠦᠢᠯ ᠤᠨ  ᠬᠤᠪᠢᠶᠠᠷᠢᠯᠠᠯᠲᠠ ᠶᠢᠨ  ᠠᠷᠭ᠎ᠠ  ᠬᠡᠯᠪᠡᠷᠢ  ᠵᠡᠷᠭᠡ ᠪᠠᠷ‌ᠣᠷᠣᠰᠢᠬᠤ ᠵᠢ‌‍ᠪᠠᠷᠢᠮᠲᠠᠯᠠᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠤᠯᠬᠤ ᠶᠢ  ᠪᠠᠷᠢᠮᠲᠠᠯᠠᠵᠤ᠂  ᠠᠵᠢᠯᠴᠢ ᠬᠥᠳᠡᠯᠮᠦᠷᠢᠴᠢ ᠪᠠᠷ  ᠪᠠᠶᠠᠵᠢᠬᠤ ᠵᠢ‌ᠵᠣᠷᠢᠭᠵᠢᠭᠤᠯᠵᠤ᠂ ᠠᠵᠠ ᠲᠣᠬᠢᠶᠠᠯ ᠤᠨ  ᠲᠥᠪ  ᠭᠤᠣᠯᠴᠢ  ᠪᠠᠶᠢᠬᠤ ᠶᠢ ᠠᠬᠢᠭᠤᠯᠵᠤ᠂  ᠣᠷᠣᠯᠭ᠎ᠠ  ᠪᠠᠭᠠᠲᠠᠢ ᠬᠥᠮᠦᠰ ‍ᠤᠨ‌ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠳᠤᠯᠢᠭ ᠴᠤᠭᠴᠠ ᠶᠢ ᠥᠷᠭᠡᠳᠬᠡᠵᠦ᠂ ᠣᠷᠣᠯᠭ᠎ᠠ ᠵᠢᠨ‌ᠬᠤᠪᠢᠶᠠᠷᠢᠯᠠᠯᠲᠠ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠤᠨ᠎ᠠ᠃          ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ          ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ  ᠳᠠᠪᠠᠭᠤᠯᠢᠭ ᠲᠤ  ᠰᠠᠭᠤᠷᠢᠯᠠᠨ᠂  ᠤᠷᠢᠳ ᠢᠶᠠᠷ ᠪᠠᠶᠢᠭᠤᠯᠵᠤ ᠳᠠᠷᠠᠭ᠎ᠠ ᠨᠢ‌ᠡᠪᠳᠡᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ  ᠬᠦᠷᠭᠡᠬᠦ‌ᠠᠵᠢᠯᠯᠠᠭ᠎ᠠ ᠶᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠬᠡᠷᠡᠭᠵᠢᠭᠦᠯᠵᠦ᠂  ᠡᠨᠧᠷᠭᠢ ᠶᠢᠨ  ᠰᠤᠷᠪᠤᠯᠵᠢ ᠶᠢᠨ  ᠬᠤᠪᠢᠰᠬᠠᠯ ᠢ‌‍ᠭᠦ᠋ᠨᠵᠡᠭᠡᠢ ᠠᠬᠢᠭᠤᠯᠤᠨ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ᠂  ᠰᠢᠨ᠎ᠡ‌‍ᠬᠡᠯᠪᠡᠷᠢ ᠶᠢᠨ ᠡᠨᠧᠷᠭᠢ ᠶᠢᠨ ᠰᠤᠷᠪᠤᠯᠵᠢ ᠵᠢᠨ‌‍ᠰᠢᠰᠲ᠋ᠧᠮ ᠢ ᠲᠦᠷᠭᠡᠯᠡᠨ ᠲᠥᠯᠥᠪᠵᠢᠭᠦᠯᠦᠨ ᠪᠠᠶᠢᠭᠤᠯᠵᠤ᠂ ᠠᠭᠤᠷ  ᠠᠮᠢᠰᠬᠤᠯ ‍ᠤᠨ‌ᠬᠤᠪᠢᠷᠠᠯᠲᠠ ᠶᠢ ᠠᠷᠭᠠᠴᠠᠬᠤ ᠪᠦᠬᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃     ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ        ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠰᠢᠨ᠎ᠡ  ᠠᠮᠤᠷ‌‍ᠲ᠋ᠦ᠋ᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠎ᠠ᠃ ᠤᠯᠤᠰ ᠤᠨ ᠵᠠᠰᠠᠭ ᠤᠨ ᠡᠷᠬᠡ ᠶᠢᠨ ᠠᠮᠤᠷ‌‍ᠲ᠋ᠦ᠋ᠪᠰᠢᠨ᠂  ᠪᠠᠶᠢᠭᠤᠯᠤᠯ ᠤᠨ  ᠠᠮᠤᠷ  ᠲᠦᠪᠰᠢᠨ᠂  ᠦᠵᠡᠯ  ᠤᠬᠠᠮᠰᠠᠷ ᠤᠨ  ᠬᠡᠯᠪᠡᠷᠢ ᠶᠢᠨ  ᠠᠮᠤᠷ  ᠲᠦᠪᠰᠢᠨ ᠢ  ᠡᠷᠡᠰ‌ᠬᠠᠮᠠᠭᠠᠯᠠᠵᠤ᠂  ᠠᠮᠤ  ᠪᠤᠳᠠᠭ᠎ᠠ᠂  ᠡᠨᠧᠷᠭᠢ ᠶᠢᠨ  ᠰᠤᠷᠪᠤᠯᠵᠢ  ᠡᠬᠢ  ᠪᠠᠶᠠᠯᠢᠭ᠂  ᠴᠢᠬᠤᠯᠠ  ᠠᠵᠤ  ᠦᠢᠯᠡᠰ ᠤᠨ  ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ  ᠠᠮᠤᠷ  ᠲᠦᠪᠰᠢᠨ ᠢ  ᠦᠨᠡᠨ  ᠬᠦ  ᠪᠠᠲᠤᠯᠠᠵᠤ᠂  ᠮᠠᠨ ᠤ  ᠤᠯᠤᠰ ᠤᠨ  ᠠᠷᠠᠳ  ᠢᠷᠭᠡᠨ᠂ᠬᠠᠤᠯᠢ ᠶᠢᠨ ᠬᠥᠮᠦᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ‍ᠤ‌ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃           ᠪᠠᠶᠢᠯᠳᠤᠬᠤ ᠪᠤᠳᠤᠯᠭ᠎ᠠ ᠶᠢᠨ ᠰᠦᠷᠳᠡᠭᠦᠯᠬᠦ ᠬᠦᠴᠦᠨ ᠤ ᠰᠢᠰᠲ᠋ᠧᠮ           ᠪᠢᠳᠡ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ  ᠴᠡᠷᠢᠭ‌ᠠᠩᠭᠢ ᠶᠢᠨ ᠢᠯᠠᠯᠲᠠ ᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠴᠡᠷᠢᠭ ᠤᠨ  ᠶᠠᠪᠤᠳᠠᠯ ᠤᠨ  ᠪᠠᠶᠢᠯᠳᠤᠬᠤ  ᠪᠤᠳᠤᠯᠭ᠎ᠠ ᠵᠢᠨ‌ᠵᠢᠯᠤᠭᠤᠳᠤᠯᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ  ᠲᠠᠶᠢᠨ ᠤ  ᠪᠠᠶᠢᠯᠳᠤᠬᠤ  ᠪᠤᠳᠤᠯᠭ᠎ᠠ  ᠪᠠᠶᠢᠯᠳᠤᠬᠤ  ᠠᠷᠭ᠎ᠠ ᠶᠢ ᠬᠥᠭᠵᠢᠭᠦᠯᠵᠦ᠂ ᠬᠦᠴᠦᠷᠬᠡᠭ ᠶᠡᠭᠡ ᠪᠠᠶᠢᠯᠳᠤᠬᠤ ᠪᠤᠳᠤᠯᠭ᠎ᠠ ᠶᠢᠨ ᠰᠦᠷᠳᠡᠭᠦᠯᠬᠦ ᠬᠦᠴᠦᠨ ᠤ ᠰᠢᠰᠲ᠋ᠧᠮ ᠢ  ᠪᠠᠶᠢᠭᠤᠯᠵᠤ᠂  ᠰᠢᠨ᠎ᠡ‌ᠣᠷᠣᠨ  ᠪᠦᠰᠡ  ᠰᠢᠨ᠎ᠡ   ᠴᠢᠨᠠᠷ ᠤᠨ   ᠪᠠᠶᠢᠯᠳᠤᠬᠤ   ᠬᠦᠴᠦᠨ ᠤ   ᠬᠤᠪᠢ ᠶᠢᠨ   ᠵᠢᠩ ᠢ   ᠨᠡᠮᠡᠭᠳᠡᠭᠦᠯᠵᠦ᠂   ᠪᠣᠳᠠᠲᠤ‌‍ᠪᠠᠶᠢᠯᠳᠤᠭᠠᠨᠴᠢᠯᠠᠬᠰᠠᠨ ᠴᠡᠷᠢᠭ ᠤᠨ ᠪᠣᠯᠪᠠᠰᠤᠷᠠᠯ ᠢ ᠭᠦᠨᠵᠡᠭᠡᠢ ᠠᠬᠢᠭᠤᠯᠤᠨ᠎ᠠ᠃             ᠵᠠᠪᠠᠯ ᠶᠠᠪᠤᠬᠤ ᠵᠠᠮ            ᠴᠠᠭ ᠦᠶ᠎ᠡ ᠪᠢᠳᠠᠨ ᠢ ᠤᠷᠢᠶᠠᠯᠠᠵᠤ ᠪᠠᠶᠢᠨ᠎ᠠ᠂ ᠠᠷᠠᠳ ᠲᠦᠮᠡᠨ ᠪᠢᠳᠠᠨ ᠢ ᠬᠦᠰᠡᠨ ᠬᠦᠯᠢᠶᠡᠵᠦ ᠪᠠᠶᠢᠨ᠎ᠠ᠃  ᠨᠠᠮ ‍ᠤᠨ‌‍ᠪᠦ᠋ᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ‌‍ᠬᠥ᠋ᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ  ᠤᠯᠤᠰ ᠤᠨ  ᠣᠨᠴᠠᠯᠢᠭ  ᠎ ᠲᠠᠢ  ᠨᠡᠶᠢᠭᠡᠮ  ᠵᠢᠷᠤᠮ  ᠪᠣᠯ‌‍ᠲ᠋ᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ  ᠪᠡᠶᠡᠯᠡᠭᠦᠯᠬᠦ ᠶᠢᠨ  ᠵᠠᠶᠢᠯᠠᠰᠢ  ᠦᠭᠡᠢ  ᠵᠠᠮᠨᠠᠬᠤ  ᠵᠠᠮ‌ᠮᠥ᠋ᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠪᠦᠲᠦᠭᠡᠬᠦ ᠵᠢᠨ‌ᠵᠠᠶᠢᠯᠠᠰᠢ ᠦᠭᠡᠢ ᠵᠠᠮᠨᠠᠬᠤ ᠵᠠᠮ ᠮᠥᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ  ᠪᠣᠯ  ᠰᠢᠨ᠎ᠡ  ᠴᠠᠭ‌ᠦᠶ᠎ᠡ ᠶᠢᠨ ᠮᠠᠨ ᠤ ᠤᠯᠤᠰ ᠤᠨ ᠬᠥᠭᠵᠢᠨ ᠪᠤᠵᠠᠭᠠᠢᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠪᠦᠬᠦ ᠲᠠᠯ᠎ᠠ ᠪᠠᠷ ᠨᠠᠮ ᠢ‌‍ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠢᠶᠠᠨ  ᠡᠭᠦᠷᠢᠳᠡ  ᠪᠠᠲᠤᠯᠠᠵᠤ᠂  ᠰᠢᠨ᠎ᠡ  ᠰᠢᠯᠭᠠᠯᠲᠠ ᠶᠢ  ᠲᠤᠭᠤᠯᠬᠤ‌ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮᠨᠠᠬᠤ ᠵᠠᠮ  ᠮᠥᠨ  ᠭᠡᠳᠡᠭ ᠢ  ᠪᠦᠬᠦ  ᠨᠠᠮ ᠢᠶᠠᠷ ᠢᠶᠠᠨ  ᠡᠷᠬᠡᠪᠰᠢ  ᠪᠠᠲᠤ‌‍ᠴᠡᠭᠡᠵᠢᠯᠡᠬᠦ ᠬᠡᠷᠡᠭᠲᠡᠢ᠃            ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠠᠵᠢᠯ              ᠪᠦᠬᠦ  ᠨᠠᠮ ᠢᠶᠠᠷ ᠢᠶᠠᠨ  ᠵᠠᠯᠠᠭᠤᠴᠤᠳ ᠤᠨ  ᠠᠵᠢᠯ ᠢ  ᠪᠠᠶᠢᠯᠳᠤᠬᠤ  ᠪᠤᠳᠤᠯᠭ᠎ᠠ ᠶᠢᠨ  ᠴᠢᠨᠠᠷᠲᠠᠢ  ᠠᠵᠢᠯ  ᠪᠣᠯᠭᠠᠨ‌ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ ᠵᠡᠪᠰᠡᠭᠯᠡᠵᠦ᠂ ᠨᠠᠮ ᠤᠨ  ᠤᠬ  ᠰᠠᠨᠠᠭ᠎ᠠ  ᠡᠭᠦᠷᠭᠡ‌ᠬᠠᠷᠢᠭᠤᠴᠠᠯᠭ᠎ᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠤᠨ ᠰᠡᠳᠬᠢᠯ ᠢ ᠮᠡᠳᠡᠭᠴᠢ᠂  ᠵᠠᠯᠠᠭᠤᠴᠤᠳ ᠤᠨ  ᠠᠵᠢᠯ ‍ᠤᠨ‌ᠬᠠᠯᠠᠭᠤᠨ ᠰᠡᠳᠬᠢᠯᠲᠡᠨ᠂ ᠵᠠᠯᠠᠭᠤᠴᠤᠳ ᠤᠨ ᠵᠠᠮᠴᠢᠯᠠᠭᠴᠢ ᠪᠣᠯᠰᠤᠭᠠᠢ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2