ᠪᠦᠬᠦ ᠨᠠᠮ ᠤᠨ ᠭᠡᠰᠢᠭᠦᠨ ᠺᠠᠳ᠋ᠷᠴᠤᠳ ᠡᠳᠡᠭᠡᠷ ᠦᠭᠡ ᠶᠢ ᠪᠠᠲᠤ ᠴᠡᠭᠡᠵᠢᠯᠡᠬᠦ ᠬᠡᠷᠡᠭᠲᠡᠶ︕
ᠨᠡᠶᠢᠲᠡᠯᠡᠭᠰᠡᠨ ᠴᠠᠭ᠄
2022/10/19
    10 ᠰᠠᠷ᠎ᠠ ᠶᠢᠨ 16᠎ ᠤ ᠡᠳᠦᠷ᠂  ᠨᠠᠮ ᠤᠨ  ᠬᠤᠷᠢᠳᠤᠭᠠᠷ  ᠶᠡᠭᠡ  ᠬᠤᠷᠠᠯ  ᠡᠬᠢᠯᠡᠵᠦ᠂  ᠰᠢ ᠶᠢᠨ  ᠫᠢᠩ  ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ  ᠢᠯᠡᠳᠬᠡᠯ  ᠬᠢᠭᠰᠡᠨ‌‍ᠪᠠᠶᠢᠨ᠎ᠠ᠂ ᠡᠲᠡᠭᠡᠷ ᠦᠭᠡ ᠶᠢ ᠪᠥᠬᠦ ᠨᠠᠮ ᠤᠨ ᠭᠡᠰᠢᠭᠦᠨ ᠺᠠᠳ᠋ᠷᠴᠤᠳ ᠪᠠᠲᠤ ᠴᠡᠭᠡᠵᠢᠯᠡᠬᠦ ᠬᠡᠷᠡᠭᠲᠡᠶ︕           1. ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠡᠵᠡᠢ᠃ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ  ᠪᠦᠲᠦᠭᠡᠬᠦ ᠪᠠᠷ  ᠵᠣᠷᠢᠭ  ᠰᠢᠭᠤᠳᠴᠤ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢᠨ ᠡᠷᠬᠢᠮ ᠳᠡᠭᠡᠳᠦ  ᠦᠢᠯᠡᠰ ᠤᠨ  ᠲᠥᠯᠥᠭᠡ  ᠴᠢᠷᠮᠠᠶᠢᠵᠤ ᠪᠠᠶᠢᠭ᠎ᠠ ᠪᠣᠯᠬᠤᠷ ᠬᠠᠷᠢᠭᠤᠴᠠᠯᠭ᠎ᠠ ᠪᠣᠯ ᠬᠢᠵᠠᠭᠠᠯᠠᠰᠢ ᠦᠭᠡᠢ ᠬᠦᠨᠳᠦ  ᠶᠡᠭᠡ᠂  ᠡᠭᠦᠷᠭᠡ  ᠪᠣᠯ  ᠬᠢᠵᠠᠭᠠᠯᠠᠰᠢ  ᠦᠭᠡᠢ  ᠢᠷᠠᠭᠤ ᠠᠯᠳᠠᠷᠲᠠᠢ ᠶᠤᠮ᠃            2. ᠣᠲᠣ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠤᠯ ᠡᠭᠦᠷᠭᠡ ᠪᠣᠯ  ᠪᠥᠬᠦ  ᠤᠯᠤᠰ ‍ᠤᠨ‌ᠦᠨᠳᠦᠰᠦᠲᠡᠨ ᠨᠦᠭᠦᠳ ᠤᠨ  ᠠᠷᠠᠳ  ᠲᠦᠮᠡᠨ ᠢ  ᠪᠦᠯᠬᠦᠮᠳᠡᠭᠦᠯᠦᠨ  ᠳᠠᠭᠠᠭᠤᠯᠵᠤ  ᠨᠡᠶᠢᠭᠡᠮ  ᠵᠢᠷᠤᠮᠲᠤ  ᠣᠳᠣᠬᠢᠴᠢᠯᠠᠭᠰᠠᠨ‌‍ᠬᠦ᠋ᠴᠦᠷᠬᠡᠭ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂  ᠬᠤᠶᠠᠳᠤᠭᠠᠷ  ᠵᠠᠭᠤᠨ  ᠵᠢᠯ ᠤᠨ  ᠲᠡᠮᠡᠴᠡᠬᠦ  ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ  ᠳᠤᠮᠳᠠᠳᠤ ᠶᠢᠨ  ᠦᠨᠳᠦᠰᠦᠲᠡᠨ ᠤ  ᠠᠭᠤᠤ  ᠶᠡᠭᠡ‌‍ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃             3. ᠲᠥᠷᠥ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ  ᠪᠣᠯ  ᠲᠥᠷᠥ  ᠭᠦᠷᠦᠨ  ᠮᠦᠨ᠃  ᠳᠤᠮᠳᠠᠳᠤ‌ᠤᠯᠤᠰ ᠤᠨ ᠡᠪ ᠬᠠᠮᠲᠤ ᠨᠠᠮ ᠠᠷᠠᠳ  ᠲᠦᠮᠡᠨ ᠢ  ᠤᠳᠤᠷᠢᠳᠤᠨ  ᠲᠦᠷᠦ  ᠭᠦᠷᠦᠨ  ᠪᠠᠶᠢᠭᠤᠯᠤᠨ᠂  ᠲᠥᠷᠥ  ᠭᠦᠷᠦᠨ ᠵᠶ᠋ᠡᠨ‌‍ᠰᠠᠬᠢᠬᠤ ᠳᠤ ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠶᠤᠮ᠃            4.ᠠᠷᠠᠳ ᠲᠦᠮᠡᠨ ᠳᠤ ᠪᠤᠶᠠᠨ ᠦᠢᠯᠡᠳᠬᠦ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ‌‍ᠲ᠋ᠦ᠋ᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ ᠬᠦᠭᠵᠢᠭᠦᠯᠬᠦ ᠳᠤᠮᠳᠠ ᠪᠠᠨ ᠠᠷᠠᠳ ᠤᠨ ᠠᠮᠢᠳᠤᠷᠠᠯ ᠢ ᠪᠠᠲᠤᠯᠠᠨ  ᠰᠠᠶᠢᠵᠢᠷᠠᠭᠤᠯᠬᠤ ᠶᠢ  ᠪᠠᠷᠢᠮᠲᠠᠯᠠᠵᠤ᠂  ᠬᠠᠮᠲᠤ ᠪᠠᠷ  ᠲᠡᠮᠡᠴᠡᠨ  ᠰᠠᠶᠢᠨ  ᠰᠠᠶᠢᠬᠠᠨ  ᠠᠮᠢᠳᠤᠷᠠᠯ ᠢ  ᠴᠣᠭᠴᠠᠯᠠᠬᠤ ᠵᠢ‌ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠬᠦ‌‍ᠬᠡᠷᠡᠭᠲᠡᠢ᠃            5. ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ  ᠠᠵᠢᠯ  ᠡᠭᠦᠷᠢᠳᠡ  ᠵᠤᠬᠰᠤᠰᠢ  ᠦᠭᠡᠢ᠂  ᠨᠠᠮ ᠤᠨ  ᠥᠪᠡᠷ ‍ᠤᠨ‌‍ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠪᠠᠶᠢᠲᠠᠭ᠂ ᠶᠠᠭᠠᠬᠢᠭᠰᠠᠨ ᠴᠤ  ᠬᠦᠴᠦ ᠎ ᠪᠠᠨ  ᠰᠤᠯᠠᠳᠬᠠᠨ‌‍ᠬᠦ᠋ᠯ ᠠᠮᠤᠰᠬᠢᠬᠤ᠂ ᠵᠠᠯᠠᠬᠠᠭᠤᠷᠠᠨ ᠬᠤᠶᠢᠷᠭᠤᠰᠢᠵᠤ ᠪᠠᠶᠢᠯᠲᠤᠭᠠᠨ ᠠᠴᠠ ᠰᠢᠨᠲᠠᠷᠠᠬᠤ ᠪᠤᠳᠤᠯ ᠤᠷᠤᠵᠤ ᠪᠣᠯᠬᠤ ᠦᠭᠡᠢ  ᠭᠡᠳᠡᠭ ᠢ‌‍ᠪᠦ᠋ᠬᠦ ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃                 6. ᠴᠠᠭ ᠦᠶ᠎ᠡ ᠪᠢᠳᠠᠨ ᠢ ᠤᠷᠠᠶᠢᠯᠠᠨ ᠳᠠᠭᠤᠳᠠᠵᠤ ᠪᠠᠶᠢᠨ᠎ᠠ᠂  ᠠᠷᠠᠳ  ᠲᠦᠮᠡᠨ  ᠪᠢᠳᠡᠨ ᠢ  ᠬᠦᠰᠡᠨ  ᠬᠦᠯᠢᠶᠡᠵᠦ‌‍ᠪᠠᠶᠢᠨ᠎ᠠ᠂ ᠭᠠᠭᠴᠠ ᠬᠦ ᠡᠷᠡᠰ ᠭᠤᠶᠢᠪᠢᠰᠢ ᠦᠭᠡᠢ᠂ ᠦᠨᠡᠨᠴᠢ ᠰᠢᠳᠤᠷᠭᠤ ᠪᠠᠷ ᠠᠵᠢᠯᠯᠠᠪᠠᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ‌ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃           7.ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ  ᠠᠷᠠᠳ  ᠲᠦᠮᠡᠨ ᠢ  ᠲᠦᠰᠢᠭᠯᠡᠬᠦ ᠵᠢ‌‍ᠪᠠᠷᠢᠮᠲᠠᠯᠠᠵᠤ᠂ ᠤᠯᠠᠨ ᠲᠦᠮᠡᠨ ᠤ ᠳᠤᠮᠳᠠ ᠠᠴᠠ ᠢᠷᠡᠵᠦ᠂ ᠤᠯᠠᠨ ᠲᠦᠮᠡᠨ ᠤ ᠳᠤᠮᠳᠠ ᠬᠦᠷᠴᠦ᠂ ᠠᠷᠠᠳ  ᠤᠯᠠᠨ ᠯᠤᠭ᠎ᠠ ᠵᠢᠨ‌‍ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ  ᠪᠠᠲᠤᠯᠠᠵᠤ᠂  ᠢᠮᠠᠭᠲᠠ  ᠠᠷᠠᠳ  ᠲᠦᠮᠡᠨ ᠤ  ᠰᠢᠭᠦᠮᠵᠢᠯᠡᠯ  ᠪᠠ  ᠬᠢᠨᠠᠯᠲᠠ ᠵᠢ‌‍ᠬᠦ᠋ᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ  ᠰᠠᠨᠠᠭ᠎ᠠ ᠪᠠᠨ  ᠨᠢᠭᠡᠳᠬᠡᠨ᠂  ᠬᠤᠪᠢ  ᠵᠠᠶᠠᠭ᠎ᠠ ᠪᠠᠨ  ᠬᠠᠮᠲᠤᠳᠬᠠᠵᠤ᠂ᠰᠡᠳᠬᠢᠯ ᠵᠢᠷᠦᠬᠡ ᠪᠠᠨ ᠬᠤᠯᠪᠣᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ  ᠶᠡᠭᠡ  ᠪᠦᠯᠬᠦᠮᠳᠡᠯ ᠢ‌‍ᠲ᠋ᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ ᠳᠣᠲᠣᠭᠠᠳᠤ  ᠭᠠᠳᠠᠭᠠᠳᠤ ᠶᠢᠨ  ᠳᠤᠮᠳᠠᠳᠤ ᠶᠢᠨ  ᠬᠥᠪᠡᠭᠦᠳ  ᠥᠬᠢᠳ ‍ᠤᠨ‌‍ᠶᠡᠭᠡ ᠪᠦᠯᠬᠦᠮᠳᠡᠯ ᠢ ᠴᠢᠩᠭᠠᠳᠬᠠᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ  ᠬᠦᠴᠦᠷᠬᠡᠭ‌‍ᠶᠡᠭᠡ ᠨᠡᠶᠢᠯᠡᠯ ᠬᠦᠴᠦᠨ ᠢ ᠪᠦᠷᠢᠯᠳᠦᠭᠦᠯᠦᠨ᠎ᠡ᠃            8 . ᠥᠩᠭᠡᠪᠴᠢ ᠬᠤᠭᠤᠰᠣᠨ ᠶᠠᠷᠢᠭᠠᠳ ᠰᠠᠭᠤᠪᠠᠯ ᠲᠦᠷᠦ ᠭᠦᠷᠦᠨ ᠮᠦᠬᠦᠨ᠎ᠡ᠂ ᠦᠨᠡᠨ ᠪᠣᠳᠠᠲᠠᠢ  ᠠᠵᠢᠯ  ᠬᠢᠪᠡᠯ‌ᠤᠯᠤᠰ ᠣᠷᠣᠨ ᠮᠠᠨᠳᠤᠨ᠎ᠠ ᠭᠡᠲᠡᠭ ᠢ ᠪᠠᠳᠤ  ᠴᠡᠭᠡᠵᠢᠯᠡᠵᠦ᠂  ᠢᠲᠡᠭᠡᠯ  ᠵᠣᠷᠢᠭ ᠢᠶᠠᠨ  ᠪᠠᠲᠤᠳᠬᠠᠨ᠂  ᠨᠢᠭᠡ  ᠰᠡᠳᠬᠢᠯ  ᠨᠢᠭᠡ‌ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂  ᠡᠷᠡᠯᠬᠡᠭᠯᠡᠨ  ᠤᠷᠤᠭᠰᠢᠯᠠᠵᠤ᠂  ᠨᠡᠶᠢᠭᠡᠮ  ᠵᠢᠷᠤᠮᠲᠤ  ᠣᠳᠣᠬᠢᠴᠢᠯᠠᠭᠰᠠᠨ‌ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ  ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2