ᠨᠥᠬᠦᠷ ᠵᠣᠣ ᠯᠧ ᠵᠢᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2022/10/19
     ᠨᠥᠬᠦᠷ ᠵᠣᠣ ᠯᠧ ᠵᠢᠢ 17᠎ ᠤ ᠦᠳᠡ ᠶᠢᠨ ᠡᠮᠦᠨ᠎ᠡ᠂ ᠲᠡᠭᠦᠨ ᠤ ᠪᠠᠶᠢᠭ᠎ᠠ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠤᠨ ᠪᠦᠭᠦᠳᠡ‌ᠬᠤᠷᠠᠯ ᠳᠤ ᠣᠷᠣᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ  ᠰᠤᠷᠤᠯᠴᠠᠵᠤ  ᠶᠠᠷᠢᠯᠴᠠᠭᠰᠠᠨ  ᠪᠠᠶᠢᠨ᠎ᠠ᠃ ᠲᠡᠷᠡ ᠵᠢᠭᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠎ ᠲᠠᠢ ᠬᠤᠷᠠᠯᠳᠤᠭᠰᠠᠨ ᠨᠢ ᠪᠦᠬᠦ  ᠨᠠᠮ  ᠪᠦᠬᠦ  ᠤᠯᠤᠰ‌‍ᠣᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠵᠶ᠋ᠠᠨ‌ᠨᠢᠭᠲᠠᠷᠠᠭᠤᠯᠵᠤ᠂ ᠠᠯᠬᠤᠭ᠎ᠠ ᠨᠢᠭᠡᠲᠡᠢ ᠤᠷᠤᠭᠰᠢᠯᠠᠬᠤ ᠳᠤ ᠴᠢᠬᠤᠯᠠ ᠶᠡᠭᠡ ᠭᠦᠨ ᠭᠦᠨᠵᠡᠭᠡᠢ ᠠᠴᠢ ᠬᠤᠯᠪᠣᠭᠳᠠᠯ ᠎ ᠲᠠᠢ  ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠰᠡᠳᠦᠪ ᠢᠯᠠ ᠲᠣᠳᠣ᠂ ᠦᠵᠡᠯ ᠰᠠᠨᠠᠭ᠎ᠠ ᠭᠦᠨ  ᠭᠦᠨᠵᠡᠭᠡᠢ᠂ᠬᠠᠷᠠᠭᠠᠰᠤ ᠥᠷᠭᠡᠨ ᠪᠥᠭᠡᠳ ᠲᠥᠪ ᠭᠤᠣᠯᠴᠢ ᠪᠠᠷ ᠡᠭᠦᠳᠦᠯᠲᠡ ᠰᠢᠨᠡᠴᠢᠯᠡᠯᠲᠡ  ᠬᠢᠬᠦ ᠎ ᠶᠢ  ᠪᠠᠷᠢᠮᠲᠠᠯᠠᠵᠤ᠂  ᠥᠪᠡᠷ ᠎ ᠢ  ᠪᠡᠨ‌ᠢᠲᠡᠭᠡᠨ ᠥᠪᠡᠷ ᠢ ᠪᠠᠨ ᠬᠦᠴᠦᠷᠬᠡᠭᠵᠢᠭᠦᠯᠬᠦ ᠶᠢ ᠬᠠᠷᠠᠭᠤᠯᠵᠤ ᠂ ᠪᠦᠯᠬᠦᠮᠳᠡᠯ ᠲᠡᠮᠡᠴᠡᠯ ᠢ  ᠲᠤᠤᠱᠯᠠᠭᠤᠯᠤᠭᠰᠠᠨ  ᠪᠣᠯᠬᠤᠷ  ᠪᠦᠬᠦ ᠨᠠᠮ ᠤᠨ ᠣᠶᠣᠨ ᠤᠬᠠᠭᠠᠨ ᠢ ᠨᠢᠭᠲᠠᠷᠠᠭᠤᠯᠤᠨ᠂ ᠠᠷᠠᠳ ᠲᠦᠮᠡᠨ ᠤ ᠬᠦᠰᠡᠯ ᠵᠣᠷᠢᠯᠲᠠ ᠶᠢ ᠲᠤᠰᠬᠠᠭᠰᠠᠨ ᠨᠠᠮ  ᠲᠥᠷᠥ  ᠵᠢᠨ‌ᠠᠵᠢᠯ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠵᠢᠯᠣᠭᠤᠳᠬᠤ ᠦᠢᠯᠡᠳᠦᠯ‌‍ᠲ᠋ᠠᠢ ᠬᠥᠲᠥᠯᠪᠦᠷᠢ ᠎ ᠶᠢᠨ  ᠴᠢᠨᠠᠷᠲᠠᠢ  ᠪᠢᠴᠢᠭ‌ᠮᠠᠲ᠋ᠧᠷᠢᠶᠠᠯ ᠪᠣᠯᠬᠤ ᠶᠤᠮ ᠭᠡᠵᠡᠢ᠃                            ᠵᠣᠣ ᠯᠧ ᠵᠢᠢ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ  ᠠᠭᠤᠤ  ᠶᠡᠭᠡ  ᠬᠤᠪᠢᠰᠤᠯᠲᠠ‌ᠵᠢᠨ ᠦᠨᠳᠦᠰᠦ ᠨᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠡᠷᠦᠩᠬᠡᠢ ᠱᠦᠵᠢ  ᠰᠢ  ᠵᠢᠨ‌‍ᠫᠢᠩ ᠤᠨ ᠵᠠᠯᠠᠭᠤᠷ ᠠᠳᠬᠤᠨ ᠠᠶᠠᠯᠠᠯ ᠢ ᠵᠢᠯᠣᠭᠤᠳᠤᠭᠰᠠᠨ ᠳᠤ ᠪᠠᠶᠢᠭ᠎ᠠ ᠶᠤᠮ᠂ ᠰᠢ ᠎ ᠶᠢᠨ ᠫᠢᠩ ᠤᠨ ᠰᠢᠨ᠎ᠡ ᠴᠠᠭ ᠦᠶ᠎ᠡ  ᠵᠢᠨ‌‍ᠲ᠋ᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳ᠋ᠣ᠋‌‍ᠪᠠᠶᠢᠭ᠎ᠠ ᠶᠤᠮ ᠭᠡᠵᠡᠢ᠃                            ᠵᠣᠣ ᠯᠧ ᠵᠢᠢ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ  ᠲᠣᠮᠣ  ᠨᠠᠮ‌‍ᠳᠣ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠤᠬᠠᠭᠠᠨ ᠪᠣᠯᠣᠨ ᠡᠷᠡᠰ ᠪᠠᠲᠤ ᠵᠣᠷᠢᠭ ᠎ ᠢ  ᠴᠠᠭ  ᠢᠮᠠᠭᠲᠠ‌‍ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠡᠭᠡᠳᠦ ᠬᠡᠮᠵᠢᠶᠡᠨ ᠎ ᠤ  ᠤᠬᠠᠮᠰᠠᠷ ᠎ ᠢ  ᠴᠠᠭ  ᠢᠮᠠᠭᠲᠠ‌‍ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠎ ᠶᠢ  ᠴᠢᠩᠳᠠᠯᠠᠵᠤ  ᠠᠪᠯᠢᠭᠠᠯ ᠎ ᠢ  ᠡᠰᠡᠷᠭᠦᠴᠡᠨ ᠲᠣᠪᠣᠶᠢᠮ᠎ᠠ ᠦᠷ᠎ᠡ ᠳ᠋ᠦᠩ ᠳᠤ ᠬᠦᠷᠴᠦ᠂ ᠭᠦᠨᠵᠡᠭᠡᠢ ᠠᠴᠢ ᠬᠤᠯᠪᠣᠭᠳᠠᠯ ᠦᠵᠡᠭᠦᠯᠦᠭᠰᠡᠨ ᠶᠤᠮ᠃ ᠨᠠᠮ ᠢᠶᠠᠨ ᠪᠦᠬᠦ ᠲᠠᠯ᠎ᠠ ᠪᠠᠷ‌‍ᠴᠢᠩᠭ᠎ᠠ ᠵᠠᠰᠠᠬᠤ ᠠᠵᠢᠯ ᠡᠭᠦᠷᠢᠳᠡ ᠦᠷᠭᠦᠯᠵᠢᠯᠡᠬᠦ ᠪᠥᠭᠡᠳ ᠨᠠᠮ ᠤᠨ ᠥᠪᠡᠷ ᠤᠨ  ᠪᠡᠶ᠎ᠡ ᠎ ᠳᠡᠭᠡᠨ  ᠬᠤᠪᠢᠰᠬᠠᠯ  ᠬᠢᠬᠦ  ᠠᠵᠢᠯ‌‍ᠬᠡᠵᠢᠶ᠎ᠡ ᠴᠦ ᠵᠣᠭᠰᠤᠰᠢ ᠦᠭᠡᠢ ᠶᠤᠮ᠂ ᠶᠠᠭᠠᠬᠢᠭᠰᠠᠨ ᠴᠦ ᠠᠮᠠᠷᠠᠵᠤ ᠰᠤᠯᠠᠷᠠᠬᠤ᠂ ᠲᠠᠷᠳᠠᠵᠤ  ᠲᠦᠪᠡᠭᠰᠢᠶᠡᠬᠦ  ᠰᠡᠳᠬᠢᠯᠭᠡ  ᠲᠠᠢ‌‍ᠪᠠᠶᠢᠵᠤ ᠪᠣᠯᠬᠤ ᠦᠭᠡᠢ᠂ ᠨᠠᠮ ᠎ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠡᠷᠬᠡᠪᠰᠢ ᠵᠣᠭᠰᠣᠯᠲᠠ ᠦᠭᠡᠢ  ᠠᠬᠢᠭᠤᠯᠵᠤ᠂ᠨᠠᠮ ᠤᠨ ᠮᠥᠨ ᠴᠢᠨᠠᠷ ᠢ ᠡᠭᠦᠷᠢᠳᠡ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2