︽ᠲᠠᠪᠤᠨ ᠴᠢᠬᠤᠯᠠ ᠶᠡᠭᠡ ᠵᠠᠷᠴᠢᠮ︾ ᠎ ᠢ  ᠸᠢᠳᠢᠣ᠋ ᠪᠠᠷ  ᠣᠶᠢᠯᠠᠭᠠᠭᠠᠷᠠᠢ︕
ᠨᠡᠶᠢᠲᠡᠯᠡᠭᠰᠡᠨ ᠴᠠᠭ᠄
2022/10/20
   16᠎ ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠪᠡᠭᠡᠵᠢᠩ ᠳᠤ ᠡᠬᠢᠯᠡᠪᠡ᠃ ᠰᠢ ᠶᠢᠨ ᠫᠢᠩ ᠠᠷᠪᠠ ᠶᠢᠰᠦᠳᠦᠭᠡᠷ‌ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠬᠢᠪᠡ᠃          ᠰᠢ ᠶᠢᠨ ᠫᠢᠩ᠂ ᠤᠳᠤ ᠠᠴᠠ ᠡᠬᠢᠯᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ  ᠪᠣᠯ  ᠳᠠᠷᠤᠢ‌‍ᠪᠦ᠋ᠬᠦ ᠤᠯᠤᠰ ᠤᠨ  ᠦᠨᠳᠦᠰᠦᠲᠡᠨ ᠨᠦᠭᠦᠳ ᠤᠨ  ᠠᠷᠠᠳ  ᠲᠦᠮᠡᠨ ᠢ  ᠪᠦᠯᠬᠦᠮᠳᠡᠭᠦᠯᠦᠨ  ᠳᠠᠭᠠᠭᠤᠯᠵᠤ  ᠨᠡᠶᠢᠭᠡᠮ  ᠵᠢᠷᠤᠮᠳᠤ‌ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ  ᠲᠡᠮᠡᠴᠡᠬᠦ‌ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠎ ᠤᠨ  ᠣᠳᠣᠬᠢᠴᠢᠯᠠᠯᠲᠠ ᠪᠠᠷ  ᠳᠤᠮᠳᠠᠳᠤ ᠶᠢᠨ  ᠦᠨᠳᠦᠰᠦᠲᠡᠨ ‍ᠤ‌ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃      ᠤᠷᠤᠭᠰᠢᠯᠠᠯᠲᠠ ᠶᠢᠨ ᠵᠠᠮ ᠳᠤ ᠡᠷᠬᠡᠪᠰᠢ ᠴᠢᠬᠤᠯᠠ ᠶᠡᠭᠡ ᠵᠠᠷᠴᠢᠮ ᠢ ᠪᠠᠲᠤ ᠡᠵᠡᠮᠰᠢᠬᠦ ᠬᠡᠷᠡᠭᠲᠡᠢ᠄          ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠎ᠠ    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ             ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ      ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ           ᠪᠦᠬᠦ ᠨᠠᠮ ᠪᠦᠬᠦ ᠤᠯᠤᠰ ᠎ ᠤᠨ ᠦᠨᠳᠦᠰᠦᠲᠡᠨ  ᠨᠦᠭᠦᠳ  ᠎ ᠤᠨ  ᠠᠷᠠᠳ  ᠲᠦᠮᠡᠨ ᠤ  ᠴᠤᠭ  ᠵᠣᠷᠢᠭ᠂  ᠰᠥᠰᠥ ᠵᠣᠷᠢᠭ᠂ ᠢᠲᠡᠭᠡᠯ ᠵᠣᠷᠢᠭ ᠢ ᠴᠢᠩᠭᠠᠳᠬᠠᠵᠤ᠂ ᠭᠠᠵᠢᠭᠤ ᠪᠤᠷᠤᠭᠤ ᠶᠢ ᠢᠲᠡᠭᠡᠬᠦ ᠦᠭᠡᠢ᠂ ᠴᠢᠳᠬᠦᠷ ᠎ ᠠᠴᠠ  ᠠᠶᠤᠬᠤ ᠦᠭᠡᠢ᠂ ᠳᠠᠷᠤᠯᠲᠠ ᠠᠴᠠ ᠠᠶᠤᠬᠤ ᠦᠭᠡᠢ᠂ ᠬᠦᠴᠢᠷ ᠢ ᠰᠦᠷᠦᠨ ᠤᠷᠤᠭᠰᠢᠯᠠᠵᠤ᠂ ᠬᠥᠭᠵᠢᠯᠲᠡ ᠪᠠ ᠠᠮᠤᠷ  ᠲᠦᠪᠰᠢᠨ ᠢ  ᠨᠢᠭᠡᠳᠦᠯᠲᠡᠢ ᠲᠥᠯᠥᠪᠵᠢᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ  ᠪᠦᠬᠦ‌‍ᠬᠦ᠋ᠴᠦ ᠪᠠᠷ ᠢᠶᠠᠨ ᠢᠯᠠᠨ ᠳᠠᠪᠠᠵᠤ᠂ ᠰᠢᠷᠭᠠᠭᠤ ᠲᠡᠮᠡᠴᠡᠯ ᠢᠶᠠᠷ ᠢᠶᠠᠨ ᠠᠵᠢᠯ ᠦᠢᠯᠡᠰ ᠤᠨ ᠬᠥᠭᠵᠢᠯᠲᠡ ᠶᠢᠨ  ᠰᠢᠨ᠎ᠡ  ᠶᠢᠷᠲᠢᠨᠴᠤ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2