ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠎ ᠤᠨ ᠶᠡᠭᠡ ᠲᠢᠩᠬᠢᠮ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ  ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2022/10/20
    10 ᠰᠠᠷ᠎ᠠ ᠶᠢᠨ 16᠎ ᠤ ᠡᠳᠦᠷ ᠠᠴᠠ ᠡᠬᠢᠯᠡᠨ᠂ ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠭᠦᠶᠴᠡᠳᠬᠡᠵᠦ ᠪᠣᠯᠬᠤ ᠲᠤᠬᠠᠶᠢᠯᠠᠭᠰᠠᠨ ᠠᠵᠢᠯ ᠤᠨ ᠴᠣᠩᠬᠤ 44 ᠭᠠᠷᠭᠠᠵᠤ᠂ ᠶᠡᠭᠡ ᠲᠢᠩᠬᠢᠮ ᠤᠨ ᠲᠤᠬᠠᠶᠢᠯᠠᠭᠰᠠᠨ ᠠᠵᠢᠯ ᠤᠨ ᠭᠦᠶᠴᠡᠳᠬᠡᠯ ᠢ ᠡᠮᠬᠢ ᠵᠢᠷᠤᠮ ᠲᠠᠢ ᠪᠠᠷ ᠰᠡᠷᠭᠦᠭᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ︽ᠲᠠᠰᠤᠷᠠᠯᠲᠠ ᠥᠬᠡᠶ ᠲᠠᠩᠰᠠ ᠡᠪᠬᠡᠮᠡᠯ︾᠎ ᠢ ᠦᠨᠡᠨ ᠬᠦ ᠪᠠᠲᠤᠯᠠᠪᠠ᠃    ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠤᠨ ᠣᠷᠣᠬᠤ ᠡᠭᠦᠳᠡᠨ ᠳᠤ ᠂ ᠠᠵᠢᠯᠲᠠᠳ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠶᠡᠭᠡ ᠲᠢᠩᠬᠢᠮ ᠳᠤ ᠡᠮᠬᠢ ᠵᠢᠷᠤᠮ ᠲᠠᠢ ᠪᠠᠷ ᠣᠷᠣᠵᠤ ᠲᠤᠬᠠᠶᠢᠯᠠᠭᠰᠠᠨ ᠠᠵᠢᠯ ᠢᠶᠠᠨ ᠭᠦᠶᠴᠡᠳᠬᠡᠵᠦ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠣᠷᠣᠨ ᠪᠦᠰᠡ ᠪᠣᠯᠭᠠᠵᠤ᠂ ᠣᠶᠢᠷ᠎ᠠ ᠶᠢᠨ ᠡᠳᠦᠷ ᠤᠳ ᠲᠤ᠂ ᠶᠡᠭᠡ ᠲᠢᠩᠬᠢᠮ ᠤᠨ ᠬᠢᠨ ᠬᠥᠮᠦᠰ ᠤᠨ ᠬᠠᠮᠢᠶᠠᠷᠤᠯᠲᠠ ᠶᠢ ᠲᠠᠰᠤᠷᠠᠯᠲᠠ ᠦᠭᠡᠶ ᠴᠢᠩᠭᠠᠳᠬᠠᠵᠤ᠂ ᠶᠡᠭᠡ ᠲᠢᠩᠬᠢᠮ ᠤᠨ ᠬᠥᠮᠦᠰ ᠤᠨ ᠭᠦᠢᠯᠭᠡᠭᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠶᠡᠭᠡ ᠲᠢᠩᠬᠢᠮ ᠳᠤ ᠣᠷᠣᠬᠤ ᠬᠥᠮᠦᠰ ᠢ ᠬᠠᠮᠤᠭ ᠤᠨ ᠶᠡᠭᠡ ᠳᠠᠭᠠᠭᠠᠴᠠ ᠶᠢᠨ 50%᠎ ᠠᠴᠠ ᠬᠡᠲᠦᠷᠡᠭᠦᠯᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ᠶᠢᠨ ᠵᠡᠷᠭᠡ ᠳᠤ ᠠᠷᠢᠭᠤᠨ ᠴᠡᠪᠡᠷ ᠤᠨ ᠠᠵᠢᠯᠲᠠᠳ ᠠᠷᠢᠭᠤᠨ ᠴᠡᠪᠡᠷ ᠤᠨ ᠲᠠᠰᠤᠯᠭ᠎ᠠ᠂ ᠰᠠᠭᠤᠳᠠᠯ᠂ ᠠᠵᠢᠯᠯᠠᠬᠤ ᠲᠠᠪᠴᠠᠩ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢ ᠴᠠᠭ ᠲᠣᠭᠲᠠᠭᠠᠨ ᠤᠰᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠪᠠᠶᠢᠩᠭᠤ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠪᠣᠯᠤᠨ᠎ᠠ᠃   ᠡᠭᠦᠨ ᠤ ᠬᠠᠮᠲᠤ᠂ ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠨᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠳ᠋ᠤᠭᠠᠷ ᠠᠪᠬᠤ᠂ ᠰᠦᠯᠵᠢᠶᠡᠨ ᠭᠠᠳᠠᠨ᠎ᠠ ᠲᠤᠰᠬᠠᠶ ᠬᠥᠮᠦᠨ ᠬᠥᠲᠥᠯᠦᠨ ᠵᠢᠯᠣᠭᠤᠳᠬᠤ ᠠᠷᠭ᠎ᠠ ᠮᠠᠶ᠋ᠢᠭ ᠢ ᠠᠪᠴᠤ᠂ ᠶᠡᠭᠡ ᠲᠢᠩᠬᠢᠮ ᠤᠨ ᠲᠤᠬᠠᠶᠢᠯᠠᠭᠰᠠᠨ ᠠᠵᠢᠯ ᠤᠨ ᠭᠦᠶᠴᠡᠳᠬᠡᠯ ᠢ ᠡᠮᠬᠢ ᠵᠢᠷᠤᠮ ᠲᠠᠢ ᠪᠠᠷ ᠰᠡᠷᠭᠦᠭᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ︽ᠲᠠᠰᠤᠷᠠᠯᠲᠠ ᠥᠬᠡᠶ ᠲᠠᠩᠰᠠ ᠡᠪᠬᠡᠮᠡᠯ︾᠎ ᠢ ᠦᠨᠡᠨ ᠬᠦ ᠪᠠᠲᠤᠯᠠᠬᠤ ᠬᠡᠷᠡᠭᠲᠡᠶ᠃ ᠰᠦᠯᠵᠢᠶᠡᠨ ᠳᠡᠭᠡᠷᠡᠬᠢ ᠬᠤᠲᠠ ᠶᠢᠨ ᠠᠷᠠᠳ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠲᠠᠭᠤᠨ ᠳᠣᠬᠢᠶ᠎ᠠ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠭᠦᠶᠴᠡᠳᠬᠡᠬᠦ ᠴᠢᠬᠤᠯᠠᠲᠠᠶ ᠵᠦᠶᠯᠡᠰ ᠢ ᠪᠠᠶᠢᠴᠠᠭᠠᠨ ᠯᠠᠪᠯᠠᠬᠤ ᠶᠠᠪᠤᠴᠠ ᠪᠠᠷ ᠳᠠᠮᠵᠢᠭᠤᠯᠤᠨ᠂ ︽ᠲᠤᠭ᠎ᠠ ᠪᠠᠷᠢᠮᠲᠠ ᠶᠢ ᠢᠯᠡᠭᠦᠤ ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾᠎ ᠶᠢ ᠪᠡᠶᠡᠯᠡᠭᠦᠯᠵᠦ ᠪᠣᠯᠤᠨ᠎ᠠ᠃ ᠣᠶᠢᠯᠠᠭᠠᠭᠰᠠᠨ ᠢᠶᠠᠷ᠂ ᠵᠢᠨᠢᠩ ᠲᠣᠭᠤᠷᠢᠭ ᠤᠨ 1468 ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠳᠣᠲᠣᠷᠠᠬᠢ 82.29%᠎ ᠨᠢ ᠨᠢᠭᠡᠨᠲᠡ ᠪᠥᠬᠦ ᠶᠠᠪᠤᠴᠠ ᠳᠤ ︽ᠰᠦᠯᠵᠢᠶᠡᠨ ᠳᠡᠭᠡᠷ᠎ᠡ ᠭᠦᠶᠴᠡᠳᠬᠡᠬᠦ︾᠎ ᠶᠢ ᠪᠡᠶᠡᠯᠡᠭᠦᠯᠵᠦ᠂ 296 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠠᠯᠠᠭᠠᠨ ᠳᠡᠭᠡᠷ᠎ᠡ ᠪᠠᠨ ᠭᠦᠶᠴᠡᠳᠬᠡᠬᠦ︾᠎ ᠶᠢ ᠪᠡᠶᠡᠯᠡᠭᠦᠯᠵᠦ ᠂ 59.06%᠎ ᠶᠢᠨ ᠵᠦᠶᠯᠡᠰ ᠢ ︽ᠪᠠᠷᠢᠨ ᠭᠦᠶᠴᠡᠳᠬᠡᠬᠦ︾᠎ ᠶᠢ ᠪᠡᠶᠡᠯᠡᠭᠦᠯᠦᠭᠰᠡᠨ ᠪᠠᠶᠢᠨ᠎ᠠ᠃ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ ᠴᠢᠭᠯᠡᠭᠦᠯᠦᠨ᠂ ᠶᠡᠭᠡ ᠲᠢᠩᠬᠢᠮ ᠤᠨ ᠠᠵᠢᠯᠲᠠᠳ ᠣᠯᠠᠨ ᠲᠦᠮᠡᠨ ᠤ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠲᠥᠷᠥᠯ ᠢᠯᠭᠠᠯ ᠢ ᠦᠨᠳᠦᠰᠦᠯᠡᠨ ᠳ᠋ᠤᠭᠠᠷ ᠠᠪᠬᠤ ᠶᠢ ᠬᠥᠲᠥᠯᠦᠨ ᠵᠢᠯᠣᠭᠤᠳᠴᠤ᠂ ᠬᠤᠲᠠ ᠶᠢᠨ ᠠᠷᠠᠳ ᠤᠨ ᠡᠳᠦᠷ ᠪᠦᠷᠢ ᠳ᠋ᠤᠭᠠᠷ ᠠᠪᠬᠤ ᠳᠤ ᠵᠠᠪᠠᠯ ᠭᠦᠶᠴᠡᠳᠬᠡᠵᠦ᠂ ᠲᠤᠬᠠᠶ ᠶᠢᠨ ᠡᠳᠦᠷ ᠤᠨ ᠤᠴᠢᠷ ᠢ ᠲᠤᠬᠠᠶ ᠶᠢᠨ ᠡᠳᠦᠷ ᠲᠤᠨᠢ ᠳᠠᠭᠤᠰᠬᠠᠬᠤ ᠶᠢ ᠪᠠᠷᠢᠮᠲᠠᠯᠠᠨ᠎ᠠ᠃ ᠡᠭᠦᠨ ᠠᠴᠠ ᠭᠠᠳᠠᠨ᠎ᠠ᠂ ᠡᠯ᠎ᠡ ᠣᠷᠣᠵᠤ ᠰᠠᠭᠤᠬᠤ ᠰᠠᠯᠠᠭ᠎ᠠ ᠮᠥᠴᠢᠷ ᠤᠨ ᠬᠢᠨ ᠪᠠᠰᠠ ᠬᠠᠪᠰᠤᠷᠤᠨ ᠰᠢᠶᠳᠪᠦᠷᠢᠯᠡᠬᠦ ᠣᠷᠣᠯᠠᠨ ᠭᠦᠶᠴᠡᠳᠬᠡᠬᠦ᠂ ᠣᠨᠴᠠᠭᠠᠶ ᠬᠡᠷᠡᠭ ᠢ ᠣᠨᠴᠠᠭᠠᠶ ᠰᠢᠶᠳᠪᠦᠷᠢᠯᠡᠬᠦ᠂ ᠬᠤᠶᠢᠰᠢᠯᠠᠭᠤᠯᠤᠨ ᠭᠦᠶᠴᠡᠳᠬᠡᠬᠦ ᠵᠡᠷᠭᠡ ᠦᠶᠯᠡᠴᠢᠯᠡᠭᠡ ᠶᠢ ᠥᠷᠨᠢᠭᠦᠯᠵᠦ᠂ ᠣᠯᠠᠨ ᠲᠦᠮᠡᠨ ᠳᠤ ᠦᠶᠯᠡᠴᠢᠯᠡᠬᠦ ᠳᠡᠭᠡᠨ ︽ᠦᠨ᠎ᠡ ᠪᠠᠭᠤᠷᠠᠭᠤᠯᠬᠤ ᠥᠬᠡᠶ︾ ᠪᠠᠶᠢᠬᠤ ᠶᠢ ᠪᠠᠲᠤᠯᠠᠪᠠ᠃            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2