ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ  ᠲᠤᠭᠤᠷᠢᠭ ᠤᠨ ᠬᠤᠷᠢᠶ᠎ᠠ ᠶᠢᠨ 2022 ᠣᠨ ᠤ 40  ᠳ᠋ᠦ᠋ᠭᠡᠷ ᠤᠳᠠᠭ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/21
624470.jpg
    10 ᠳ᠋ᠤᠭᠠᠷ ᠰᠠᠷ᠎ᠠ ᠶᠢᠨ 20᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ 2022 ᠣᠨ ᠤ 40 ᠳ᠋ᠦ᠋ᠭᠡᠷ ᠤᠳᠠᠭ᠎ᠠ ᠶᠢᠨ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠨᠤᠷᠠᠭᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠭᠰᠡᠨ ᠪᠠ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠰᠠᠷ ᠤᠨ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ ᠰᠤᠨᠤᠰᠴᠠᠢ᠃     ᠲᠣᠭᠤᠷᠢᠭ ᠤᠨ ᠤᠳᠤᠷᠢᠳᠤᠯᠭ᠎ᠠ ᠺᠠᠩ ᠬᠠᠢ ᠷᠦᠢ᠂ ᠰᠢᠤᠢ ᠯᠦᠩ᠂ ᠲᠦᠩ ᠢ᠂ ᠵᠠᠩ ᠱᠧᠩ ᠵᠢᠶᠠᠩ᠂  ᠶᠤᠤ ᠬᠠᠢ ᠮᠢᠩ᠂ ᠵᠠᠩ ᡁᠢ ᠷᠦᠩ᠂ ᠰᠢᠤᠢ ᠹᠧᠩ᠂ ᠸᠠᠩ ᠯᠢ ᠰᠢᠨ᠂ ᠶᠠᠩ ᠶᠦᠩ᠂ ᠵᠦ ᠶᠠᠨ ᠵᠢᠶᠦ᠋ᠨ᠂ ᠬᠤᠤ ᠵᠢᠶᠠᠨ ᠰᠢᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ  ᠵᠢᠭᠠᠭᠰᠠᠨ ᠨᠢ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠬᠦ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠵᠦᠶᠯ ᠤᠨ ᠤᠯᠤᠰ ᠲᠥᠷᠥ ᠶᠢᠨ ᠡᠭᠦᠷᠭᠡ ᠮᠥᠨ᠃ ᠪᠦᠬᠦ ᠲᠤᠭᠤᠷᠢᠭ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠷᠠᠳ ᠤᠯᠠᠨ ᠤ ᠠᠰᠢᠭ ᠲᠤᠰᠠ ᠶᠢ ᠰᠠᠶᠢᠲᠤᠷ ᠬᠠᠮᠠᠭᠠᠯᠠᠬᠤ ᠶᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷᠳᠡᠯ︾᠎  ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠲᠠᠢ ᠪᠠᠶᠢᠵᠤ᠂ ᠲᠥᠷᠥᠯ ᠵᠦᠶᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠵᠣᠷᠢᠭᠲᠠᠶ ᠪᠠᠷ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠦ᠂ ᠰᠢᠶᠳᠪᠦᠷᠢᠯᠡᠬᠦ ᠰᠡᠳᠬᠢᠬᠦᠶ ᠪᠠᠷ ᠬᠦᠴᠢᠷ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠨ᠂ ᠨᠢᠭᠲᠠ ᠬᠠᠮᠵᠢᠯᠴᠠᠬᠤ ᠬᠡᠷᠡᠭᠲᠡᠶ᠃ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠠᠬᠢᠨ ᠡᠮᠬᠢᠯᠡᠵᠦ᠂ ᠲᠠᠬᠢᠨ ᠨᠠᠷᠢᠯᠢᠬᠵᠢᠭᠤᠯᠵᠤ᠂ ᠭᠤᠣᠯ ᠵᠥᠷᠢᠴᠡᠯ ᠢ ᠣᠨᠣᠪᠴᠢᠲᠠᠢ ᠡᠷᠢᠨ ᠣᠯᠵᠤ᠂ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠪᠡᠷᠬᠡ︾ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠬᠡᠪ ᠤᠨ ᠡᠮᠬᠢ ᠵᠢᠷᠤᠮ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃             ᠵᠢᠷᠤᠭ᠄ ᠴᠢᠶᠤᠤ ᠮᠢᠨ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2