ᠵᠢᠨᠢᠩ ᠲᠣᠭᠤᠷᠢᠭ ᠤᠨ 2022 ᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 8 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/21
624470.jpg
    10 ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ  ᠵᠢᠨᠢᠩ ᠲᠣᠭᠤᠷᠢᠭ ᠤᠨ 2022 ᠣᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 8 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠲᠤᠰᠬᠠᠶ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠵᠡᠶ᠃      ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠲᠣᠭᠤᠷᠢᠭ ᠤᠨ ᠤᠳᠤᠷᠢᠳᠤᠯᠭ᠎ᠠ ᠵᠠᠩ ᠱᠧᠩ ᠵᠢᠶᠠᠩ᠂ ᠵᠠᠩ ᠱᠦᠨ ᠴᠧᠩ᠂  ᠶᠤᠤ ᠬᠠᠢ ᠮᠢᠩ᠂ ᠾᠧ ᠷᠦᠨ ᠭᠧᠨ᠂ ᠵᠠᠩ ᡁᠢ ᠷᠦᠩ᠂ ᠰᠢᠤᠢ ᠹᠧᠩ᠂ ᠸᠠᠩ ᠯᠢ ᠰᠢᠨ᠂ ᠶᠠᠩ ᠶᠦᠩ᠂ ᠵᠦ ᠶᠠᠨ ᠵᠢᠶᠦ᠋ᠨ᠂ ᠯᠢ ᠯᠢᠨ᠂ ᠯᠢᠦ ᡁᠢ ᠷᠦᠩ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠬᠤᠷᠠᠯ ᠠᠴᠠ  ᠵᠢᠭᠠᠭᠰᠠᠨ ᠨᠢ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠣᠯᠠᠨ ᠭᠠᠵᠠᠷ ᠲᠤ ᠪᠠᠶᠢᠨ ᠳᠠᠬᠢᠨ ᠡᠭᠦᠰᠬᠦ ᠪᠠᠶᠢᠳᠠᠯ ᠢᠯᠡᠷᠡᠵᠦ᠂ ᠮᠠᠨ ᠤ  ᠲᠤᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠤ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠤᠯᠭᠠᠷᠠᠵᠤ ᠪᠠᠶᠢᠭ᠎ᠠ ᠪᠠᠶᠢᠳᠠᠯ ᠢ ᠭᠦᠶᠴᠡᠳ ᠲᠠᠨᠢᠵᠤ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠨ ᠬᠠᠮᠠᠭᠠᠯᠠᠬᠤ ᠲᠣᠤᠷ ᠢ ᠦᠨᠡᠨᠬᠦ ᠪᠠᠲᠤ ᠪᠠᠬᠢ ᠪᠥᠭᠡᠳ ᠨᠢᠭᠲᠠ ᠪᠠᠶᠢᠭᠤᠯᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠤᠰᠬᠠᠶ ᠵᠦᠶᠯ ᠤᠨ ᠳᠤᠭᠤᠶᠢᠯᠠᠩ ᠨᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠪᠥᠬᠦ ᠲᠠᠯ᠎ᠠ ᠪᠠᠷ ᠰᠡᠷᠭᠦᠭᠡᠨ᠂ ᠲᠤᠰᠠᠭᠠᠷᠯᠠᠭᠰᠠᠨ ᠪᠠᠭᠤᠳᠠᠯ ᠤᠨ ᠥᠭᠡᠷᠡᠴᠢᠯᠡᠯᠲᠡ᠂ ᠪᠥᠭᠡᠮ ᠬᠦᠴᠢᠯ ᠤᠨ ᠥᠯᠢᠭᠡᠷ ᠠᠪᠬᠤ ᠠᠵᠢᠯᠲᠠᠨ ᠤ ᠬᠠᠮᠢᠶᠠᠷᠤᠯᠲᠠ᠂ ᠪᠠᠶᠢᠴᠠᠭᠠᠨ ᠬᠡᠮᠵᠢᠬᠦ ᠴᠢᠬ ᠪᠠᠶᠢᠷᠢ ᠶᠢ ᠰᠢᠯᠢᠳᠡᠭᠵᠢᠭᠦᠯᠦᠨ ᠳᠣᠭᠢᠷᠠᠭᠤᠯᠬᠤ ᠵᠡᠷᠭᠡ ᠭᠤᠤᠯᠳᠠᠯᠭ᠎ᠠ ᠲᠠᠢ ᠭᠤᠭᠴᠤᠭ᠎ᠠ ᠵᠢᠴᠢ ︽ᠨᠢᠭᠡ ᠲᠠᠯᠠᠪᠤᠷ ᠬᠤᠶᠠᠷ ᠥᠷᠲᠡᠭᠡ︾᠂ ᠳᠥᠷᠪᠡᠯᠵᠢᠨ ᠥᠷᠥᠭᠡ ᠶᠢᠨ ᠲᠤᠷᠰᠢᠯᠲᠠ ᠶᠢᠨ ᠲᠠᠰᠤᠭ᠂ ᠬᠤᠳᠠᠯᠳᠤᠭᠠᠨ ᠤ ᠲᠠᠯᠠᠪᠤᠷ ᠤᠨ ᠲᠠᠷᠢᠶᠠᠯᠠᠩ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠶᠢ ᠠᠪᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠳᠤᠲᠠᠭᠤᠳᠠᠯ ᠢ ᠨᠥᠬᠦᠪᠥᠷᠢᠯᠡᠵᠦ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︽ᠠᠮᠠᠷᠠᠬᠤ︾᠂ ︽ᠰᠤᠯᠠ ᠵᠠᠳᠠᠭᠠᠢ︾ ᠪᠤᠳᠤᠯ ᠢ ᠡᠷᠡᠰ ᠬᠤᠷᠢᠭᠯᠠᠵᠤ᠂ ᠲᠦᠷᠢᠮ ᠤᠨ ᠶᠠᠪᠤᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠷᠢᠨ ᠨᠢᠮᠪᠠᠢ ᠨᠠᠶᠢᠳᠠᠪᠤᠷᠢᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠤᠨ ᠤᠯᠤᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠵᠢᠯᠣᠭᠤᠳᠬᠤ ᠶᠢ ᠴᠢᠩᠭᠠᠳᠬᠠᠵᠤ᠂ ᠨᠡᠩ ᠲᠦᠷᠭᠡᠨ᠂ ᠨᠡᠩ ᠣᠨᠣᠪᠴᠢᠲᠠᠢ᠂ ᠨᠡᠩ ᠴᠢᠩᠭ᠎ᠠ᠂ ᠨᠡᠩ ᠨᠠᠷᠢᠯᠢᠭ᠂ ᠨᠡᠩ ᠪᠣᠳᠠᠲᠠᠢ ᠠᠷᠭ᠎ᠠ  ᠬᠡᠮᠵᠢᠶ᠎ᠡ ᠪᠠᠷ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠪᠠ᠃ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ  ᠬᠡᠯᠬᠢᠶ᠎ᠡ ᠶᠢ ᠴᠢᠩᠭ᠎ᠠ ᠳᠠᠷᠤᠵᠤ᠂ ᠠᠵᠢᠯ ᠢ ᠠᠳᠬᠤᠬᠤ ᠬᠥᠮᠦᠨ ᠲᠠᠢ᠂ ᠡᠭᠦᠷᠭᠡ ᠶᠢ ᠨᠠᠶᠢᠳᠠᠪᠤᠷᠢᠵᠢᠭᠤᠯᠬᠤ ᠬᠥᠮᠦᠨ ᠲᠠᠢ᠂ ᠬᠠᠷᠢᠭᠤᠴᠠᠯᠭ᠎ᠠ ᠶᠢ ᠬᠡᠢ ᠬᠤᠭᠤᠰᠣᠨ ᠪᠣᠯᠭᠠᠬᠤ ᠦᠭᠡᠢ ᠪᠠᠶᠢᠬᠤ ᠶᠢ ᠪᠠᠲᠤᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ᠃                ᠵᠢᠷᠤᠭ᠄ ᠴᠢᠶᠤᠤ ᠮᠢᠨ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2