| ︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ | ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠡᠳᠦᠭᠡ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄ | ᠨᠢᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠣᠪᠴᠢᠯᠠᠯ | ︵ᠨᠢᠭᠡ︶ ᠨᠡᠶᠢᠲᠡᠯᠡᠭᠰᠡᠨ ᠠᠬᠤᠢ ᠪᠠᠶᠢᠳᠠᠯ | 2020 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠤᠵᠢ ᠶᠢᠨ | ᠱᠠᠲᠤᠨ ᠠᠴᠠ ᠳᠣᠷᠣᠭᠰᠢᠬᠢ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ ᠭᠡᠵᠦ | ᠱᠠᠭᠠᠷᠳᠠᠪᠠ᠃ᠤᠯᠤᠰ ᠤᠨ ᠥᠭᠡᠷᠡᠴᠢᠯᠡᠯᠲᠡ ᠶᠢᠨ ᠲᠥᠰᠥᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ | ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠦᠷᠢᠶᠡᠨ ᠳᠠᠬᠢ ᠮᠤᠵᠢ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠥᠪᠡᠷᠲᠡᠭᠡᠨ ᠵᠠᠰᠠᠬᠤ | ᠣᠷᠣᠨ ᠤ ᠥᠭᠡᠷᠡᠴᠢᠯᠡᠯᠲᠡ ᠶᠢᠨ ᠥ᠋ᠰᠥᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠷᠣᠨ ᠤ ᠡᠳ᠋ ᠤᠨ | ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠯᠤᠭ᠎ᠠ ᠬᠠᠮᠲᠤᠷᠠᠨ ᠲᠤᠰ ᠲᠥᠰᠥᠯ ᠢ ᠰᠤᠳᠤᠯᠤᠨ ᠲᠤᠭᠤᠷᠪᠢᠪᠠ᠃ | ︵ᠬᠤᠶᠠᠷ︶ ᠦᠨᠳᠦᠰᠦᠨ ᠵᠠᠷᠴᠢᠮ | ᠨᠢᠭᠡ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠥᠷᠭᠡᠨ ᠢᠶᠠᠷ ᠣᠷᠣᠯᠴᠠᠭᠤᠯᠬᠤ ᠶᠢ ᠪᠠᠷᠢᠮᠲᠠᠯᠠᠨ᠎ᠠ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠪᠠᠷ ᠡᠬᠢᠯᠡᠯᠲᠡ ᠵᠣᠭᠰᠣᠯᠲᠠ ᠪᠣᠯᠭᠠᠵᠤ᠂ ᠮᠠᠨ ᠤ | ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ | ᠪᠠᠷᠢᠮᠲᠠᠯᠠᠵᠤ᠂ ᠭᠤᠣᠯ ᠵᠠᠷᠤᠯᠭ᠎ᠠ ᠶᠢᠨ ᠠᠷᠢᠭᠤᠴᠠᠯᠭᠠ ᠶᠢ ᠡᠭᠦᠷᠭᠡᠯᠡᠨ᠎ᠡ᠃ ᠡᠭᠦᠨ ᠤ ᠵᠡᠷᠭᠡ ᠳᠤ᠂ ᠨᠡᠶᠢᠭᠡᠮ ᠤᠨ | ᠬᠦᠴᠦᠨ ᠢ ᠲᠡᠳᠡᠨ ᠳᠠᠶᠢᠴᠢᠯᠠᠵᠤ ᠪᠠᠶᠢᠭᠠᠳ ᠥᠷᠭᠡᠨ ᠢᠶᠠᠷ ᠣᠷᠣᠯᠴᠠᠭᠤᠯᠵᠤ᠂ ᠵᠠᠰᠠᠭ ᠤᠨ ᠣᠷᠳᠣᠨ ᠪᠣᠯᠣᠨ | ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠮᠵᠢᠯᠴᠠᠭᠰᠠᠨ᠂ ᠠᠰᠢᠭᠲᠠᠢ ᠬᠠᠷᠢᠯᠴᠠᠨ | ᠦᠢᠯᠡᠳᠦᠯᠴᠡᠭᠰᠡᠨ ᠪᠠᠴᠢᠮ ᠪᠠᠶᠢᠳᠠᠯ ᠢ ᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠤᠶ | ᠪᠣᠯᠭᠠᠬᠤ ᠶᠢ ᠠᠬᠢᠭᠤᠯᠤᠨ᠎ᠠ᠃ | ᠬᠤᠶᠠᠷ ᠲᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ᠃ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠶᠢᠨ ᠥᠭᠡᠷᠡᠴᠢᠯᠡᠯᠲᠡ ᠶᠢᠨ ᠲᠥᠰᠥᠯ ᠤᠨ ᠶᠡᠷᠦᠩᠬᠡᠢ ᠪᠣᠷᠣ ᠲᠥᠰᠥᠪ ᠤᠨ ᠳᠣᠣᠷ᠎ᠠ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠵᠣᠬᠢᠰᠲᠠᠢ ᠬᠤᠪᠢᠶᠠᠷᠢᠯᠠᠵᠤ᠂ ᠪᠥᠬᠦ ᠣᠷᠣᠨ ᠤ ᠴᠢᠨᠠᠷᠲᠠᠢ ᠪᠤᠶᠤ ᠣᠷᠣᠨ ᠪᠦᠰᠡ ᠠᠯᠤᠰᠯᠠᠭᠰᠠᠨ᠂ ᠭᠤᠣᠯᠳᠠᠯᠭ᠎ᠠ ᠲᠠᠢ | ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ ᠥᠪᠡᠷᠲᠡᠭᠡᠨ | ᠵᠠᠰᠠᠬᠤ ᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠵᠣᠬᠢᠬᠤ ᠬᠡᠮᠵᠢᠶ᠎ᠡ ᠪᠠᠷ ᠴᠢᠩᠭᠠᠳᠬᠠᠨ᠎ᠠ︔ ᠣᠷᠣᠨ ᠪᠦᠰᠡ ᠶᠢᠨ ᠴᠢᠨᠠᠷ ᠢᠶᠠᠷ ᠴᠢᠩᠭ᠎ᠠ᠂ ᠦᠨᠳᠦᠰᠦᠨ ᠱᠠᠲᠤᠨ ᠳᠤ | ᠰᠢᠭᠤᠳ ᠬᠠᠨᠳᠤᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳ᠋ᠤ᠋ᠠᠶᠢᠮᠠᠭ | ᠬᠤᠲᠠ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠳᠠᠪᠠᠭᠤᠯᠢᠭ ᠪᠠ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ︔ | ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠬᠠᠷᠠᠭᠤᠯᠤᠭᠰᠠᠨ᠂ ᠨᠢᠭᠡᠳᠦᠯᠲᠡᠢ ᠪᠠᠶᠢᠷᠢᠯᠠᠭᠤᠯᠤᠭᠰᠠᠨ᠂ ᠱᠠᠲᠤ | ᠬᠤᠪᠢᠶᠠᠨ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨᠲ᠋ᠤᠰᠠᠯᠠᠬᠤ ᠬᠡᠷᠡᠭ ᠶᠠᠪᠤᠳᠠᠯ ᠳᠤ ᠠᠰᠢᠭ | ᠭᠥᠷᠳᠡᠬᠦ ᠬᠡᠪᠴᠢᠶ᠎ᠡ᠂ ᠵᠠᠰᠠᠭ ᠵᠠᠬᠢᠷᠭᠠᠨ ᠤ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠵᠤ᠂ ᠪᠥᠬᠦ ᠣᠷᠣᠨ ᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠨᠡᠶᠢᠯᠡᠮᠡᠯ | ᠬᠦᠴᠦᠨ ᠢ ᠴᠢᠷᠮᠠᠶᠢᠨ ᠪᠣᠶ ᠪᠣᠯᠭᠠᠨ᠎ᠠ᠃ ᠭᠤᠷᠪᠠ ᠳᠤ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠲᠥᠷᠥᠯ | ᠬᠤᠪᠢᠶᠠᠨ ᠠᠬᠢᠭᠤᠯᠬᠤ ᠶᠢ ᠪᠠᠷᠢᠮᠲᠠᠯᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠶᠡᠷᠦᠩᠬᠡᠢ ᠳᠤ ᠪᠠᠨ | ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ | ᠬᠠᠷᠠᠭᠠᠯᠵᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠲᠥᠷᠥᠯ ᠬᠤᠪᠢᠶᠠᠨ ᠠᠬᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠲᠣ ᠶᠢᠨ | ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ | ᠮᠥᠷᠲᠡᠭᠡᠨ ᠪᠦᠲᠦᠮᠵᠢᠲᠡᠶ ᠵᠦᠢᠯᠡᠰ ᠢ ᠨᠤᠲᠠᠯᠠᠨ ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ | ᠬᠤᠪᠢᠶᠠᠷᠢᠯᠠᠭᠠᠳᠤᠢ ᠵᠦᠢᠯᠡᠰ ᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠣᠳᠣᠷᠬᠠᠶᠢᠯᠠᠨ᠎ᠠ︔ ᠥᠭᠡᠷᠡᠴᠢᠯᠡᠯᠲᠡ ᠶᠢᠨ | ᠨᠥᠬᠦᠴᠡᠯ ᠬᠠᠷᠠᠬᠠᠨ ᠪᠦᠷᠢᠯᠳᠦᠭᠡᠳᠦᠢ ᠵᠦᠢᠯᠡᠰ ᠲᠤ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠪᠣᠯᠭᠠᠵᠤ᠂ | ᠬᠤᠯᠪᠣᠭᠳᠠᠯ ᠪᠦᠬᠦᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ | ᠴᠠᠭ ᠲᠤᠬᠠᠢ ᠳᠤ ᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠭᠤᠣᠯ ᠠᠭᠤᠯᠭ᠎ᠠ | ᠭᠤᠣᠯ ᠠᠭᠤᠯᠭ᠎ᠠ ᠳᠤ᠄ ᠶᠡᠷᠦᠩᠬᠡᠢ ᠱᠠᠭᠠᠷᠳᠠᠯᠭ᠎ᠠ᠂ ᠭᠤᠣᠯ ᠠᠭᠤᠯᠭ᠎ᠠ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ | ᠪᠠᠭᠲᠠᠨ᠎ᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | 1. ᠶᠡᠷᠦᠩᠬᠡᠢ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ | ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠡᠳ᠋ ᠤᠨ ᠵᠠᠰᠠᠭ ᠤᠨ | ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ | ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠡᠳ᠋ ᠤᠨ ᠵᠠᠰᠠᠭ ᠤᠨ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠠᠵᠢᠯ ᠶᠠᠪᠤᠳᠠᠯ ᠢ | ᠬᠠᠮᠢᠶᠠᠷᠬᠤ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ | ᠲᠣᠭᠲᠠᠪᠤᠷᠢᠲᠠᠢ ᠳᠦᠷᠢᠮ ᠢ ᠪᠣᠶ ᠪᠣᠯᠭᠠᠵᠤ᠂ ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠭᠲᠠᠯᠴᠠᠭ᠎ᠠ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ | 2. ᠭᠤᠣᠯ ᠠᠭᠤᠯᠭ᠎ᠠ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠢ ᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ | ᠪᠣᠷᠣ ᠲᠥᠰᠥᠪ ᠶᠣᠰᠣᠭᠠᠷ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠤᠷᠢᠳᠴᠢᠯᠠᠨ ᠰᠡᠷᠭᠡᠶᠢᠯᠡᠬᠦ | ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠢ ᠭᠠᠮᠰᠢᠭ ᠠᠳᠡᠯ ᠤᠨ ᠲᠦᠭᠰᠢᠭᠦᠷᠢ ᠶᠢᠨ ᠳᠠᠯᠳᠠ ᠬᠡᠮ ᠢ | ᠪᠠᠶᠢᠴᠠᠭᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ | ᠰᠢᠢᠳᠪᠦᠷᠢᠯᠡᠬᠦ ᠪᠠ ᠠᠪᠤᠷᠠᠨ ᠲᠤᠰᠠᠯᠠᠬᠤ ᠭᠤᠷᠪᠠᠨ ᠲᠠᠯ᠎ᠠ ᠶᠢᠨ 8 ᠵᠦᠢᠯ ᠤᠨ ᠪᠣᠳᠠᠲᠠᠢ ᠠᠭᠤᠯᠭ᠎ᠠ ᠳᠤ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ | ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠤᠨ ᠲᠠᠯ᠎ᠠ ᠶᠢᠨ ᠪᠣᠳᠠᠲᠠᠢ | ᠠᠭᠤᠯᠭ᠎ᠠ ᠳᠤ ᠪᠠᠭᠲᠠᠬᠤ ᠨᠢ᠄ | ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ︔ ︵2︶ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ︔ ︵3︶ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ︔ ︵4︶ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ︔ ︵5︶ ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ | ᠬᠥᠮᠦᠵᠢᠯ ᠤᠨ ᠪᠣᠯᠪᠠᠰᠤᠷᠠᠯ᠃ | ᠬᠤᠶᠠᠷ ᠲᠤ᠂ ᠭᠠᠢ ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ ᠵᠢᠴᠢ ᠬᠢᠨᠠᠨ | ᠰᠢᠨᠵᠢᠯᠡᠵᠦ ᠤᠷᠢᠳᠴᠢᠯᠠᠨᠰᠡᠷᠡᠮᠵᠢᠯᠡᠭᠦᠯᠬᠦ ᠪᠣᠳᠠᠲᠠᠢ ᠠᠭᠤᠯᠭ᠎ᠠ ᠳᠤ ᠪᠠᠭᠲᠠᠬᠤ ᠨᠢ᠄ ︵1︶ ᠭᠠᠢ ᠭᠠᠮᠰᠢᠭ ᠪᠠ | ᠠᠳᠡᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠬᠤ︔ ︵2︶ ᠭᠠᠢ ᠭᠠᠮᠰᠢᠭ ᠪᠠ ᠠᠳᠡᠯ ᠢ ᠬᠢᠨᠠᠨ | ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠃ | ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ᠃ | | 3. ᠢᠵᠢ ᠪᠦᠷᠢᠳᠦᠭᠦᠯᠬᠦ ᠠᠷᠭ᠎ᠠ ᠬᠡᠮᠵᠢᠶ᠎ᠡ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ | ᠬᠤᠶᠠᠷ ᠲᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠨ᠎ᠠ︔ | ᠭᠤᠷᠪᠠ ᠳᠤ᠂ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠬᠠᠮᠵᠢᠯᠴᠠᠨ | ᠠᠬᠢᠭᠤᠯᠤᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ ᠬᠡᠷᠪᠡ ᠲᠣᠰ | ᠲᠥᠰᠥᠯ᠂ ᠰᠠᠨᠠᠯ ᠢ ᠣᠶᠢᠯᠠᠭᠠᠬᠤ ᠦᠭᠡᠢ ᠭᠠᠵᠠᠷ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨᠲ᠋ᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠬᠢᠭᠡᠳ ᠠᠮᠢ ᠠᠬᠤᠢ ᠣᠷᠴᠢᠨ ᠲᠣᠭᠤᠷᠢᠨ ᠤ | ᠭᠠᠵᠠᠷ ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ | 0471-4192195᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ ᠸᠠᠩ ᠳ᠋ᠦᠩ ᠱᠧᠩ︔ ᠪᠠᠰᠠᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠠᠯᠪᠠᠨ | ᠭᠡᠷ ᠠᠴᠠ ᠠᠰᠠᠭᠤᠨ ᠯᠠᠪᠯᠠᠵᠤᠪᠣᠯᠣᠨᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ | 0471-4820211᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ ᠼᠦᠢ ᠶᠢᠩ ᠵᠢᠶᠧ ︵ᠠᠵᠢᠯᠯᠠᠬᠤ | ᠡᠳᠦᠷ ᠤᠨ 9᠄ 00 - 12᠄ 00᠂ 13᠄ 30 - 17᠄ 00︶᠃ ᠬᠤᠶᠠᠷ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ ᠬᠡᠯᠪᠡᠷᠢ ᠲᠣᠰ ᠲᠠᠶᠢᠯᠤᠮᠵᠢ ᠶᠢᠨ ᠲᠥᠰᠥᠯ ᠢ ᠪᠢᠴᠢᠭ ᠤᠨ ᠬᠡᠯᠪᠡᠷᠢ ᠪᠠᠷ ᠲᠠᠶᠢᠯᠪᠤᠷᠢᠯᠠᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ | ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠣᠯᠣᠨ᠎ᠠ᠃ ᠳᠥᠷᠪᠡ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭᠲ᠋ᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ ᠴᠠᠭ ᠨᠢ ᠲᠣᠰ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ᠎ᠡ᠃ | | |