ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 19 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/14
ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 19 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ        12 ᠰᠠᠷ᠎ᠠ ᠶᠢᠨ 13᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 19  ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠠᠵᠢᠯ ᠤᠨ ᠬᠠᠷᠠᠯᠲᠠ ᠪᠠ ᠱᠠᠭᠠᠷᠳᠠᠯᠭ᠎ᠠ ᠲᠠᠢ ᠬᠢᠨᠠᠮᠠᠭᠠᠶ ᠬᠠᠷᠢᠴᠠᠭᠤᠯᠵᠤ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠪᠥᠬᠦ ᠲᠠᠯ᠎ᠠ ᠪᠠᠷ ᠪᠠᠶᠢᠴᠠᠭᠠᠨ ᠳᠤᠲᠠᠭᠳᠠᠯ ᠢ ᠨᠥᠬᠦᠪᠥᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠮᠵᠢ︾ ᠪᠠ ︽ᠲᠠᠪᠤ ᠶᠢ ᠬᠠᠮᠠᠭᠠᠯᠠᠬᠤ ︾ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠳᠠᠰᠤᠷᠠᠯᠳᠠ ᠦᠭᠡᠢ ᠬᠠᠳᠠᠩᠰᠢᠭᠤᠯᠬᠤ ᠬᠡᠷᠡᠭᠲᠡᠢ᠃         ᠬᠤᠷᠠᠯ ᠠᠴᠠ  ᠵᠢᠭᠠᠭᠰᠠᠨ ᠨᠢ᠂ ︽ᠥᠨᠳᠥᠷ ᠳᠠᠷᠤᠯᠲᠠ ᠦᠵᠡᠭᠦᠯᠬᠦ︾ ᠪᠠᠶᠢᠳᠠᠯ᠂ ︽ᠥᠴᠦᠬᠡᠨ ᠴᠦ ᠢᠯᠳᠠᠷ ᠬᠠᠶᠠᠬᠤ ᠦᠭᠡᠢ︾ ᠣᠪᠣᠷ ᠢ ᠢᠮᠠᠭᠲᠠ ᠪᠠᠷᠢᠮᠲᠠᠯᠠᠵᠤ᠂ ᠡᠳᠦᠷ ᠳᠤᠳᠤᠮ ᠤᠨ ᠪᠠᠶᠢᠴᠠᠭᠠᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠤᠤᠷᠲᠤ ᠡᠳ᠋ ᠦᠶᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠬᠠᠮᠢᠶ᠎ᠠ ᠪᠥᠬᠦᠶ ᠠᠵᠤ ᠠᠬᠤᠶᠢᠯᠠᠯ᠂ ᠨᠢᠭᠡᠴᠡ ᠶᠢᠨ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠵᠥᠪᠰᠢᠶᠡᠷᠡᠬᠦ᠂ ᠳᠠᠩᠰᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠤᠤᠷᠲᠤ ᠡᠳ᠋ ᠦᠶᠯᠡᠳᠬᠦ ᠳᠤ ᠠᠮᠠᠷᠬᠠᠨ ᠬᠢᠮᠢ ᠶᠢᠨ ᠪᠣᠳᠠᠰ ᠢ ᠬᠠᠤᠯᠢ ᠪᠤᠰᠤ ᠪᠠᠷ ᠦᠶᠯᠡᠳᠪᠦᠷᠢᠯᠡᠬᠦ᠂ ᠬᠤᠳᠠᠯᠳᠤᠭᠠᠯᠠᠬᠤ᠂ ᠲᠡᠭᠡᠭᠡᠪᠦᠷᠢᠯᠡᠬᠦ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃     ᠬᠤᠷᠠᠯ ᠠᠴᠠ ᠪᠠᠰᠠ ︽ᠵᠢᠨᠢᠩ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ︾ ᠵᠢᠴᠢ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃                ᠵᠢᠷᠤᠭ᠄ ᠭᠦᠸᠧ ᠸᠧᠨ  ᠵᠢᠶᠧ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2