ᠲᠤᠰᠠᠭᠠᠷᠯᠠᠬᠤ ᠲᠥᠷᠥ ᠶᠢᠨ ᠪᠣᠳᠣᠯᠭ᠎ᠠ  ᠪᠠ  ᠪᠢᠲᠡᠭᠦᠮᠵᠢᠯᠡᠨ ᠡᠵᠡᠮᠳᠡᠬᠦ ᠴᠠᠭ ᠤᠨ ᠲᠣᠬᠠᠢ ᠬᠠᠮᠤᠭ ᠤᠨ ᠰᠢᠨ᠎ᠡ ᠬᠠᠷᠢᠭᠤᠯᠲᠠ
ᠨᠡᠶᠢᠲᠡᠯᠡᠭᠰᠡᠨ ᠴᠠᠭ᠄
2022/12/15
       ᠤᠯᠠᠨ  ᠨᠡᠶᠢᠲᠡ ᠵᠢᠨ‌ᠠᠩᠬᠠᠷᠤᠯ  ᠲᠦᠪᠯᠡᠷᠡᠭᠰᠡᠨ‌ᠠᠰᠠᠭᠤᠳᠠᠯ ᠤᠨ   ᠲᠣᠭᠤᠷᠢᠨ ᠳᠤ᠂   ᠲᠦᠷᠦ ᠶᠢᠨ   ᠶᠠᠪᠤᠳᠠᠯ ‍ᠤᠨ‌ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ‌ᠡᠷᠬᠡ ᠰᠦᠷᠲᠦ ᠬᠠᠷᠢᠭᠤᠯᠲᠠ ᠥᠭᠪᠡ᠃              1 . ᠠᠰᠠᠭᠤᠯᠲᠠ᠄ ᠣᠳᠣᠬᠠᠨ ᠳᠤ ᠴᠥᠭᠡᠨ ᠪᠤᠰᠤ ᠪᠥᠭᠡᠮ  ᠬᠦᠴᠢᠯ ᠤᠨ  ᠰᠢᠯᠭᠠᠨ  ᠪᠠᠶᠢᠴᠠᠭᠠᠯᠲᠠ ᠳᠤ  ︽ᠠᠷᠭ᠎ᠠ‌ᠬᠤᠳᠬᠤᠯᠳᠤᠭᠰᠠᠨ︾ ᠬᠥᠮᠦᠰ ᠢᠯᠡᠷᠡᠵᠦ ᠪᠠᠶᠢᠨ᠎ᠠ᠂ ᠲᠡᠳᠡᠨ ᠤ ᠳᠣᠲᠣᠷᠠᠬᠢ ᠪᠢᠯᠢᠭ ᠴᠢᠨᠠᠷ ᠤᠨ ᠬᠥᠮᠦᠰ ᠢ ᠲᠤᠰᠠᠭᠠᠷᠯᠠᠬᠤ  ᠴᠠᠭ‌‍ᠪᠠ ᠲᠦᠷᠦ ᠶᠢᠨ ᠪᠤᠳᠤᠯᠭ᠎ᠠ ᠶᠢ ᠬᠡᠷᠬᠢᠨ ᠲᠣᠭᠲᠠᠭᠠᠭᠰᠠᠨ ᠪᠤᠢ︖        ᠬᠠᠷᠢᠭᠤᠯᠲᠠ᠄ ︽ᠠᠷᠪᠠ ᠶᠢ ᠬᠤᠯᠢᠬᠤ︾ ᠪᠥᠭᠡᠮ ᠬᠦᠴᠢᠯ ᠤᠨ  ᠰᠢᠯᠭᠠᠨ  ᠪᠠᠶᠢᠴᠠᠭᠠᠯᠲᠠ ᠳᠤ  ᠢᠯᠡᠷᠡᠭᠰᠡᠨ  ᠠᠷᠭ᠎ᠠ‌‍ᠴᠢᠨᠠᠷᠲᠠᠶ ᠬᠦᠮᠣᠰ ᠤᠨ ᠲᠣᠳᠤᠷ᠎ᠠ᠂ ᠬᠡᠷᠪᠡ ᠲᠠᠩ ᠰᠢᠯᠭᠠᠨ ᠪᠠᠶᠢᠴᠠᠭᠠᠯᠲᠠ ᠶᠢ ᠳᠠᠬᠢᠨ ᠬᠢᠨᠠᠭᠰᠠᠨ ᠤ ᠳᠠᠷᠠᠭ᠎ᠠ᠂ ᠲᠣᠰ ᠬᠥᠮᠦᠨ ᠨᠢ‌‍ᠪᠢᠯᠢᠭ ᠴᠢᠨᠠᠷᠲᠠᠶ ᠪᠣᠯᠬᠤ ᠶᠢ ᠨᠤᠲᠠᠯᠠᠪᠠᠯ᠂  ᠨᠢᠭᠲᠠ  ᠣᠶᠢᠷᠠᠲᠤᠭᠰᠠᠳ ᠲᠤ  ᠲᠣᠭᠠᠴᠠᠭᠳᠠᠬᠤ  ᠡᠰᠡᠬᠦ ᠶᠢ  ᠴᠠᠭ  ᠲᠤᠬᠠᠶ ᠳ᠋ᠤᠨᠢ‌ᠮᠠᠭᠠᠳᠯᠠᠨ ᠲᠣᠭᠲᠠᠭᠠᠬᠤ ᠬᠡᠷᠡᠭᠲᠡᠶ᠂ ᠡᠩ ᠤᠨ ᠪᠠᠶᠢᠳᠠᠯ ᠳᠤ  24  ᠴᠠᠭ ᠤᠨ  ᠳᠣᠲᠣᠷ᠎ᠠ  ᠮᠠᠭᠠᠳᠯᠠᠵᠤ  ᠪᠣᠯᠤᠨ᠎ᠠ᠂  ᠨᠢᠭᠲᠠ‌ᠣᠶᠢᠷᠠᠲᠤᠭᠰᠠᠨ ᠥᠬᠡᠶ ᠪᠣᠯ ᠲᠡᠷᠡ ᠳᠠᠷᠤᠶ ᠳᠤᠨᠢ ᠲᠤᠰᠠᠭᠠᠷᠯᠠᠯ ᠢ ᠨᠢ ᠬᠦᠴᠦᠨ ᠥᠬᠡᠶ ᠪᠣᠯᠭᠠᠨ᠎ᠠ᠃             2  .  ᠠᠰᠠᠭᠤᠯᠲᠠ᠄  ᠰᠡᠷᠭᠡᠶᠢᠯᠡᠨ  ᠡᠵᠡᠮᠳᠡᠬᠦ ᠶᠢ  ᠴᠢᠩᠭᠠᠳᠬᠠᠬᠤ ᠶᠢᠨ  ᠲᠥᠯᠥᠭᠡ᠂   ᠠᠰᠠᠷ ᠤᠨ   ᠡᠭᠦᠳᠡ ᠵᠢ‌‍ᠪᠢᠲᠡᠭᠦᠮᠵᠢᠯᠡᠵᠦ ᠪᠤᠯᠤᠨ᠎ᠠ ᠦᠦ᠂ ᠦᠭᠡᠢ ᠦᠦ︖            ᠬᠠᠷᠢᠭᠤᠯᠲᠠ᠄ ᠪᠣᠯᠬᠤ ᠦᠭᠡᠢ᠃ ᠪᠠᠬᠢ ᠬᠠᠰᠢᠬᠤ ᠵᠡᠷᠭᠡ ᠠᠰᠠᠷ ᠤᠨ ᠨᠡᠪᠲᠡᠷᠡᠬᠦ ᠵᠠᠮ ᠢ  ᠪᠢᠲᠡᠭᠦᠮᠵᠢᠯᠡᠬᠦ ᠶᠢ  ᠴᠢᠩᠭ᠎ᠠ‌‍ᠴᠠᠭᠠᠵᠠᠯᠠᠬᠤ ᠬᠡᠷᠡᠭᠲᠡᠢ᠂ ︽ᠣᠨᠢᠰᠤᠯᠠᠭᠠᠳ ᠯᠠ ᠪᠤᠯᠭᠠᠴᠢᠬᠠᠬᠤ︾ ᠠᠷᠭ᠎ᠠ ᠶᠢ ᠬᠡᠷᠡᠭᠯᠡᠵᠦ ᠪᠣᠯᠬᠤ ᠦᠭᠡᠢ᠃ ᠬᠡᠷᠪᠡ ᠦᠨᠳᠦᠰᠦᠨ‌‍ᠱᠠᠲᠤᠨ ᠤ ᠨᠡᠶᠢᠭᠡᠮ ᠲᠣᠭᠤᠷᠢᠭ ᠤᠨ ᠬᠠᠮᠢᠶᠠᠷᠤᠭᠴᠢ᠂ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠭᠴᠢ ᠳᠤ  ᠠᠶᠤᠯᠭᠦᠢ‌ᠭᠠᠷᠬᠤ ᠡᠭᠦᠳᠡ᠂ ᠵᠠᠶᠢᠯᠠᠬᠤ ᠵᠠᠮ᠂ ᠭᠠᠯ ᠤᠨᠲᠠᠷᠠᠭᠠᠬᠤ ᠵᠠᠮ ᠢ ᠪᠥᠭᠯᠡᠬᠦ ᠵᠡᠷᠭᠡ  ᠣᠶᠢᠯᠡ  ᠠᠵᠢᠯᠯᠠᠭ᠎ᠠ  ᠣᠷᠣᠰᠢᠵᠤ  ᠪᠠᠶᠢᠪᠠᠯ᠂ᠲᠡᠳᠡ  ᠡᠩ  ᠲᠡᠷᠢᠭᠦᠨ ᠳᠤ  ᠭᠠᠯ  ᠤᠨᠲᠠᠷᠠᠭᠠᠬᠤ  ᠬᠠᠤᠯᠢ ᠶᠢᠨ  ᠬᠤᠯᠪᠣᠭᠳᠠᠯ  ᠪᠥᠬᠦᠶ   ᠲᠣᠭᠲᠠᠭᠠᠯ ᠢ   ᠵᠥᠷᠢᠴᠡᠭᠰᠡᠨ ᠳ᠋ᠤ᠋‌‍ᠲ᠋ᠤᠭᠠᠴᠠᠭᠳᠠᠨ᠎ᠠ᠃              3 . ᠠᠰᠠᠭᠤᠯᠲᠠ᠄ ᠠᠰᠠᠷ ᠳᠣᠲᠣᠷ᠎ᠠ ᠲᠠᠰᠤᠷᠠᠯᠲᠠ ᠦᠭᠡᠢ ᠠᠷᠭ᠎ᠠ ᠶᠢᠨ ᠴᠢᠨᠠᠷ ᠢᠯᠡᠷᠡᠭᠡᠳ ᠪᠠᠶᠢᠪᠠᠯ᠂ ᠪᠢᠲᠡᠭᠦᠮᠵᠢᠯᠡᠨ‌ᠡᠵᠡᠮᠳᠡᠬᠦ ᠴᠠᠭ ᠢ ᠦᠷᠬᠦᠯᠵᠢᠯᠡᠨ ᠣᠷᠳᠣᠳᠬᠠᠨ᠎ᠠ ᠤᠤ︖ ᠬᠡᠷᠬᠢᠨ ᠭᠦᠢᠴᠡᠳᠬᠡᠬᠦ ᠪᠣᠢ︖                ᠬᠠᠷᠢᠭᠤᠯᠲᠠ᠄ ᠠᠰᠠᠷ  ᠲᠤᠲᠤᠷ᠎ᠠ  ᠠᠷᠭ᠎ᠠ  ᠴᠢᠨᠠᠷ  ᠲᠠᠬᠢᠨ  ᠳᠠᠪᠲᠠᠨ‌ᠢᠯᠡᠷᠡᠭᠡᠳ  ᠪᠠᠶᠢᠬᠤ ᠳᠤ  ᠬᠦᠷᠪᠡᠯ  ᠨᠡᠶᠢᠭᠡᠮ‌‍ᠲ᠋ᠤᠭᠤᠷᠢᠭ ᠲᠤ ᠬᠠᠯᠳᠠᠪᠤᠷᠢᠯᠠᠬᠤ ᠠᠶᠤᠯ ᠦᠷᠭᠦᠯᠵᠢᠯᠡᠨ ᠤᠷᠤᠰᠢᠵᠦ ᠪᠠᠶᠢᠬᠤ ᠶᠢ ᠬᠠᠷᠠᠭᠤᠯᠵᠦ ᠪᠤᠢ᠂  ᠡᠨᠡ  ᠬᠦ  ᠪᠠᠶᠢᠳᠠᠯ  ᠨᠢ‌ᠬᠤᠷᠢᠭ᠎ᠠ ᠲᠠᠯᠪᠢᠬᠤ ᠨᠦᠬᠦᠴᠡᠯ ᠳᠤ ᠬᠦᠷᠬᠦ ᠦᠭᠡᠢ ᠪᠤᠯᠬᠤᠷ ᠪᠢᠲᠡᠭᠦᠮᠵᠢᠯᠡᠨ ᠡᠵᠡᠮᠳᠡᠬᠦ ᠴᠠᠭ ᠢ  ᠦᠷᠬᠦᠯᠵᠢᠯᠡᠨ  ᠤᠷᠳᠤᠳᠬᠠᠬᠤ ᠴᠢᠬᠤᠯᠠᠲᠠᠢ ᠪᠤᠯᠤᠨ᠎ᠠ᠃ ᠭᠡᠪᠡᠴᠦ ᠬᠤᠷᠢᠭ᠎ᠠ ᠲᠠᠶᠢᠯᠬᠤ ᠨᠥᠬᠦᠴᠡᠯ ᠳᠤ ᠨᠡᠶᠢᠴᠡᠳᠡᠭ ᠯᠡ ᠶᠤᠮ ᠪᠣᠯ ᠴᠠᠭ ᠲᠤᠬᠠᠶ ᠳᠤᠨᠢ  ᠬᠤᠷᠢᠭ᠎ᠠ ᠲᠠᠶᠢᠯᠬᠤ ᠬᠡᠷᠡᠭᠲᠡᠶ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2