ᠵᠢᠨᠢᠩ  ᠲᠤᠭᠤᠷᠢᠭ ᠤᠨ ᠬᠥᠮᠦᠨ  ᠠᠷᠠᠳ ᠬᠦᠯᠢᠴᠡᠩᠭᠦᠶ  ᠪᠠᠶᠢᠵᠦ ᠬᠠᠷᠢᠯᠴᠠᠨ ᠬᠠᠮᠵᠢᠯᠴᠠᠭᠠᠷᠠᠶ᠂ ᠰᠡᠳᠬᠢᠯ ᠠᠮᠤᠷ ᠭᠡᠷ ᠲᠡᠭᠡᠨ ᠰᠠᠭᠤᠵᠤ᠂  ᠠᠮᠵᠢᠯᠲᠠ ᠤᠯᠬᠤ ᠶᠢ ᠬᠦᠯᠢᠶᠡᠵᠦ ᠪᠠᠶᠢᠭᠠᠷᠠᠶ︕
ᠨᠡᠶᠢᠲᠡᠯᠡᠭᠰᠡᠨ ᠴᠠᠭ᠄
2022/12/15
jnqzfw_20221115162658.jpg
 ᠰᠤᠷᠪᠤᠯᠵᠢᠯᠠᠭᠰᠠᠨ ᠴᠠᠭ᠄ 2022-11-15 16: 27ᠰᠤᠷᠪᠤᠯᠵᠢᠯᠠᠭᠰᠠᠨ ᠵᠣᠴᠢᠨ᠄ ᠵᠢᠨᠢᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠮᠠᠨ ᠯᠢ       ᠬᠠᠶᠢᠷᠠᠲᠤ ᠬᠤᠳᠠ ᠶᠢᠨ ᠠᠷᠠᠳ ᠨᠠᠷ  ᠡ᠄    ᠡᠨᠡ ᠦᠶ᠎ᠡ ᠳᠤ ᠲᠠ ᠶᠠᠭ ᠴᠣᠩᠬᠤ ᠪᠠᠷ ᠭᠠᠳᠠᠭᠰᠢ ᠬᠠᠷᠠᠵᠤ᠂ ᠨᠠᠶᠢᠵᠠ ᠨᠠᠷ ᠲᠠᠢ ᠪᠠᠨ ᠠᠭᠤᠯᠵᠠᠭᠰᠠᠨ ᠴᠠᠭ ᠢᠶᠠᠨ ᠡᠷᠭᠢᠴᠡᠭᠦᠯᠦᠨ ᠪᠤᠳᠤᠵᠤ ᠪᠠᠶᠢᠬᠤ ᠮᠠᠭᠠᠳ᠃ ᠡᠨᠡ ᠦᠶ᠎ᠡ ᠳᠤ ᠲᠠ ᠭᠡᠷ ᠲᠡᠭᠡᠨ ᠰᠠᠭᠤᠵᠤ ᠪᠠᠶᠢᠭᠰᠠᠨ ᠡᠳᠦᠷ ᠤᠳ ᠢᠶᠠᠨ ᠪᠤᠳᠤᠵᠤ ᠦᠵᠡᠭᠡᠳ᠂ ᠨᠠᠮᠤᠷ ᠤᠨ ᠵᠤᠯᠭᠠᠷᠠᠭᠰᠠᠨ ᠨᠠᠪᠴᠢ ᠶᠢ ᠴᠤᠭᠯᠠᠭᠤᠯᠬᠤ ᠶᠢ ᠬᠦᠰᠡᠵᠦ ᠪᠠᠶᠢᠭᠰᠠᠨ ᠴᠤ ᠮᠠᠭᠠᠳ᠂ ᠪᠢᠳᠡ ᠲᠠᠨ ᠤ ᠡᠨᠡ ᠦᠶ᠎ᠡ ᠶᠢᠨ ᠰᠡᠳᠬᠢᠯᠭᠡ ᠶᠢ ᠮᠠᠰᠢ ᠰᠠᠶᠢᠨ ᠣᠶᠢᠯᠠᠭᠠᠵᠤ ᠴᠢᠳᠠᠬᠤ ᠪᠠᠶᠢᠬ᠎ᠠ᠃ ᠭᠡᠪᠡᠴᠦ ᠬᠠᠮᠤᠭ ᠤᠨ ᠶᠡᠭᠡ ᠬᠡᠮᠵᠢᠶᠡᠨ ᠤ ᠠᠮᠤᠷ ᠲᠦᠪᠰᠢᠨ ᠤ ᠲᠥᠯᠥᠭᠡ᠂ ᠪᠢᠳᠡ ᠲᠠᠨ ᠳᠤ ᠪᠠᠰᠠ ᠨᠢᠭᠡ ᠤᠳᠠᠭ᠎ᠠ ᠬᠡᠯᠡᠶ᠎ᠡ᠄  ᠵᠢᠭᠠᠬᠠᠨ ᠲᠡᠰᠪᠦᠷᠢᠯᠡᠵᠦ ᠪᠠᠶᠢᠭᠠᠷᠠᠶ ᠪᠣᠯᠤᠨ᠎ᠠ ᠤᠤ︖ ᠭᠡᠵᠦ ᠬᠡᠯᠡᠶ᠎ᠡ᠂ ᠭᠡᠪᠡᠴᠦ ᠬᠠᠮᠤᠭ ᠤᠨ ᠶᠡᠭᠡ ᠬᠡᠮᠵᠢᠶᠡᠨ ᠤ ᠠᠮᠤᠷ ᠲᠦᠪᠰᠢᠨ ᠤ ᠲᠥᠯᠥᠭᠡ᠂ ᠪᠢᠳᠡ ᠬᠠᠰᠢᠯᠠ ᠲᠠᠨ ᠳᠤ ᠳᠠᠬᠢᠨ ᠨᠢᠭᠡ ᠤᠳᠠᠭ᠎ᠠ ᠬᠡᠯᠡᠶ᠎ᠡ᠃ ᠲᠠᠨ ᠳᠤ ᠪᠠᠶᠠᠷᠯᠠᠯ᠎ᠠ︕    ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠪᠡᠯ ᠳᠠᠪᠠᠵᠤ ᠳᠡᠶᠢᠯᠬᠦ ᠦᠭᠡᠢ  ᠬᠦᠴᠢᠷ ᠭᠡᠵᠦ ᠦᠭᠡᠢ ᠶᠤᠮ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤᠶ᠎ᠠ᠂ ᠳᠠᠪᠠᠵᠤ ᠳᠡᠶᠢᠯᠦᠰᠢ ᠦᠭᠡᠢ ᠳᠠᠪᠠᠭ᠎ᠠ ᠭᠡᠵᠦ ᠪᠠᠶᠢᠬᠤ ᠦᠭᠡᠢ︕ ᠣᠳᠣᠬᠠᠨ ᠳᠤ᠂ ᠮᠠᠨ ᠤ ᠬᠤᠳᠠ ᠶᠢᠨ ᠠᠵᠢᠯᠯᠠᠭᠠᠨ ᠮᠥᠨ ᠯᠡ ᠡᠮᠬᠢ ᠵᠢᠷᠤᠮ ᠲᠠᠢ ᠪᠠᠶᠢᠵᠤ᠂ ᠮᠠᠨ ᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠨ᠎ᠠ᠂ ᠡᠭᠦᠨ ᠤ ᠠᠷᠤ ᠳᠤ ᠲᠤᠭ᠎ᠠ ᠲᠣᠮᠰᠢ ᠦᠭᠡᠢ ᠤᠯᠠᠨ ᠬᠥᠮᠦᠨ ᠤ ᠢᠳᠡᠪᠬᠢᠲᠡᠶ ᠴᠤᠤᠷᠢᠶᠠᠲᠤᠯ᠂ ᠠᠵᠢᠯᠯᠠᠭ᠎ᠠ ᠠᠴᠠ ᠰᠠᠯᠵᠤ ᠴᠢᠳᠠᠬᠤ ᠦᠭᠡᠢ ᠶᠤᠮ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠡᠮᠨᠡᠯᠭᠡ ᠶᠢᠨ ᠠᠵᠢᠯᠳᠠᠨ᠂ ᠨᠡᠶᠢᠭᠡᠮ ᠲᠣᠭᠤᠷᠢᠭ ᠤᠨ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠮᠠᠰᠢ ᠤᠯᠠᠨ ᠨᠠᠮ ᠤᠨ ᠭᠡᠰᠢᠭᠦᠨ ᠺᠠᠳ᠋ᠷ ᠡᠮᠦᠨ᠎ᠡ ᠨᠢ  ᠭᠠᠪᠰᠢᠭᠠᠶᠢᠯᠠᠵᠤ᠂ ᠥᠷᠭᠡᠨ ᠤᠯᠠᠨ ᠰᠠᠭᠤᠭᠠᠯᠢ ᠠᠷᠠᠳ ᠲᠦᠮᠡᠨ ᠲᠠᠢ ᠬᠠᠮᠲᠤᠪᠠᠷ ᠨᠤᠲᠤᠭ ᠤᠰᠤ ᠪᠠᠨ ᠰᠠᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠡᠷ ᠣᠷᠣᠨ ᠢᠶᠠᠨ ᠰᠠᠬᠢᠨ ᠬᠠᠮᠠᠭᠠᠯᠠᠵᠤ᠂ ᠮᠡᠳᠡᠯᠭᠡ ᠶᠢᠨ ᠨᠢᠭᠤᠴᠠ ᠶᠢ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠪᠡ᠃ ᠬᠡᠯᠡᠯᠭᠡᠨ ᠥᠬᠡᠶ ᠬᠡᠷ ᠲᠡᠭᠡᠨ ᠰᠠᠭᠤᠵᠤ ᠪᠠᠶᠢᠭ᠎ᠠ ᠨᠢ ᠮᠥᠨ ᠴᠦ ᠬᠤᠪᠢ ᠨᠡᠮᠡᠷᠢ ᠦᠵᠡᠭᠦᠯᠵᠦ ᠪᠠᠶᠢᠭ᠎ᠠ ᠶᠠᠪᠤᠳᠠᠯ ᠮᠥᠨ᠂ ᠮᠥᠨ ᠴᠦ ᠪᠢᠰᠢᠷᠡᠭᠦᠰᠢᠲᠡᠶ ᠶᠤᠮ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠲᠠ ᠲᠡᠷᠡ ᠳᠠᠷᠤᠶ ᠳᠤᠨᠢ ᠤᠷᠢᠶᠠᠯᠠᠭ᠎ᠠ ᠶᠢ ᠳᠠᠭᠠᠵᠤ᠂ ᠲᠡᠷᠡ ᠳᠠᠷᠤᠶ ᠳᠤᠨᠢ ᠵᠣᠭᠰᠣᠵᠤ᠂ ᠲᠡᠷᠡ ᠳᠠᠷᠤᠶ ᠳᠤᠨᠢ ᠬᠡᠷ ᠲᠡᠭᠡᠨ ᠰᠠᠭᠤᠵᠤ ᠬᠢᠵᠢᠭ ᠢ ᠡᠰᠡᠷᠭᠦᠴᠡᠬᠦ ᠬᠡᠷᠡᠭᠲᠡᠶ ᠃ ᠲᠠᠨ ᠤ ᠣᠶᠢᠯᠠᠭᠠᠯᠲᠠ᠂ ᠲᠠᠨ ᠤ ᠳᠡᠮᠵᠢᠯᠭᠡ᠂ ᠲᠠᠨ ᠤ ᠬᠠᠮᠵᠢᠯᠴᠠᠭ᠎ᠠ ᠪᠣᠯ ᠪᠢᠳᠡᠨ ᠤ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠳᠡ ᠬᠦᠴᠦᠨ ᠮᠥᠨ ᠃᡽ ᠲᠠᠨ ᠤ ᠡᠷᠡᠭᠦᠯ ᠮᠡᠨᠳᠦ᠂ ᠲᠠᠨ ᠤ ᠠᠮᠤᠷ ᠠᠮᠤᠭᠤᠯᠠᠩ᠂ ᠲᠠᠨ ᠤ ᠵᠣᠯ ᠵᠢᠷᠭᠠᠯ ᠪᠣᠯ ᠮᠠᠨ ᠤ ᠬᠠᠮᠤᠭ ᠤᠨ ᠶᠡᠭᠡ ᠬᠦᠰᠡᠯ ᠡᠷᠡᠮᠡᠯᠵᠡᠯ ᠮᠥᠨ ᠃ ᠲᠠᠨ ᠤ ᠪᠠᠲᠤ ᠰᠠᠬᠢᠬᠤ᠂ ᠲᠠᠨ ᠤ ᠵᠣᠷᠢᠭᠤᠯᠬᠤ᠂ ᠲᠠᠨ ᠤ ᠬᠤᠪᠢ ᠨᠡᠮᠡᠷᠢ ᠶᠢ ᠡᠴᠦᠰ ᠲᠡᠭᠡᠨ ᠬᠥᠰᠡᠷᠳᠡᠭᠦᠯᠬᠦ ᠦᠭᠡᠢ ᠶᠤᠮ᠃   ᠣᠳᠣᠬᠠᠨ ᠳᠤ᠂ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠱᠠᠲᠤᠨ ᠳᠤ ᠣᠷᠣᠵᠤ᠂ ᠤᠯᠠᠨ ᠢᠶᠠᠷ ᠢᠶᠠᠨ ᠰᠢᠳᠤ ᠵᠠᠭᠤᠨ ᠬᠠᠮᠲᠤᠪᠠᠷ ᠤᠷᠤᠯᠳᠤᠨ ᠭᠦᠶᠦᠵᠦ᠂ ᠡᠴᠦᠰ ᠤᠨ ᠢᠯᠠᠯᠲᠠ ᠶᠢ ᠲᠡᠮᠡᠴᠡᠨ ᠤᠯᠬᠤ ᠪᠠᠷ ᠵᠣᠷᠢᠭ ᠰᠢᠭᠤᠳᠴᠤ ᠪᠠᠶᠢᠨ᠎ᠠ᠃ ᠡᠨᠡ ᠬᠦ ᠬᠠᠮᠤᠭ ᠤᠨ ᠴᠢᠬᠤᠯᠠ ᠵᠠᠩᠭᠢᠯᠠᠭ᠎ᠠ ᠶᠢᠨ ᠦᠶ᠎ᠡ ᠳᠤ᠂ ᠲᠠᠨ ᠤ ᠦᠷᠭᠦᠯᠵᠢᠯᠡᠨ ᠪᠠᠷᠢᠮᠲᠠᠯᠠᠵᠤ᠂ ᠦᠷᠭᠦᠯᠵᠢᠯᠡᠨ ᠪᠠᠷᠢᠮᠲᠠᠯᠠᠬᠤ ᠶᠢ ᠬᠦᠰᠡᠵᠦ ᠪᠠᠶᠢᠨ᠎ᠠ᠃ ᠸᠢᠷᠦ᠋ᠰ ᠤᠨ ᠪᠦᠬᠦ ᠪᠥᠮᠪᠥᠷᠴᠡᠭ ᠢ ᠲᠦᠢᠪᠡᠭᠡᠵᠦ ᠪᠠᠶᠢᠭ᠎ᠠ ᠶᠡᠭᠡ ᠣᠷᠴᠢᠨ ᠲᠣᠭᠤᠷᠢᠨ ᠢ ᠲᠦᠷ ᠬᠤᠪᠢᠷᠠᠭᠤᠯᠬᠤ ᠶᠢᠨ ᠠᠷᠭ᠎ᠠ ᠦᠭᠡᠢ ᠶᠤᠮ᠃ ᠲᠡᠭᠡᠪᠡᠯ ᠪᠢᠳᠡ ᠣᠷᠴᠢᠨ ᠲᠣᠭᠤᠷᠢᠨ ᠳᠠᠭᠠᠨ ᠵᠣᠬᠢᠴᠠᠬᠤ ᠶᠢ ᠰᠤᠷᠴᠤ᠂ ᠲᠠᠨ ᠤ ᠳᠠᠷᠤᠭᠠᠰᠤ ᠪᠠᠨ ᠳᠠᠷᠤᠨ᠂ ᠰᠡᠳᠬᠢᠯ ᠰᠠᠨᠠᠭ᠎ᠠ ᠪᠠᠨ ᠵᠣᠬᠢᠴᠠᠭᠤᠯᠵᠤ᠂ ᠬᠦᠴᠦ ᠲᠠᠮᠢᠷ ᠢᠶᠠᠨ ᠬᠤᠷᠠᠮᠳᠤᠭᠤᠯᠤᠨ᠂ ᠡᠯ᠎ᠡ ᠵᠦᠶᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠰᠠᠭᠤᠭᠠᠯᠢ ᠲᠣᠭᠤᠷᠢᠭ ᠠᠴᠠ ᠭᠠᠷᠬᠤ ᠥᠬᠡᠶ᠂ ᠣᠪᠣᠭᠠᠷᠠᠨ ᠶᠠᠷᠢᠯᠴᠠᠬᠤ ᠥᠬᠡᠶ ᠪᠠᠶᠢᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃  ᠬᠦᠮᠦᠨ ᠨᠢᠭᠡᠪᠦᠷᠢ ᠶᠢᠨ ᠬᠦᠴᠦᠨ ᠴᠢᠳᠠᠯ ᠨᠢ ᠴᠥᠮ ᠲᠦᠢᠯ ᠤᠨ ᠡᠷᠬᠢᠮ ᠨᠠᠨᠳᠢᠨ᠂ ᠵᠢᠨᠢᠩ ᠤᠨ ᠬᠥᠮᠦᠨ ᠨᠢᠭᠡᠪᠦᠷᠢ ᠶᠢᠨ ᠭᠠᠷᠭᠠᠭᠰᠠᠨ ᠴᠢᠷᠮᠠᠶᠢᠯᠭ᠎ᠠ ᠨᠢ ᠴᠥᠮ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠥᠩᠭᠡᠷᠡᠭᠰᠡᠨ ᠤ ᠲᠠᠷᠠᠭ᠎ᠠ ᠪᠢᠳᠡ ᠲᠠᠭᠢᠨ ᠪᠣᠯᠵᠣᠶ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2