ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2022/12/15
jnqzfw_20221213154625.jpg
 ᠰᠤᠷᠪᠤᠯᠵᠢᠯᠠᠭᠰᠠᠨ ᠴᠠᠭ᠄ 2022 — 12 — 13ᠰᠤᠷᠪᠤᠯᠵᠢᠯᠠᠭᠰᠠᠨ  ᠵᠣᠴᠢᠨ᠄ ᠵᠢᠨᠢᠩ ᠲᠣᠭᠤᠷᠢᠭ ᠤᠨ ᠴᠢᠤᠸᠠᠨᠱᠠᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠠᠯ ᠤᠨ ᠱᠦᠵᠢ    ᠭᠤᠤ ᠱᠦᠨ     ᠶᠡᠷᠦᠩᠬᠡᠶ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠪᠢᠳᠡᠨ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠤᠭ᠎ᠠ ᠲᠥᠰᠦᠪ ᠢ ᠵᠢᠷᠤᠭᠯᠠᠨ ᠥᠭᠴᠡᠶ᠃ ᠡᠭᠦᠨ ᠤ ᠬᠠᠮᠲᠤ ᠮᠠᠨ ᠤ ᠬᠤᠶᠢᠰᠢᠳᠠ ᠶᠢᠨ ᠠᠵᠢᠯ ᠤᠨ ᠴᠢᠭᠯᠡᠯ ᠪᠠ ᠤᠷᠤᠭᠰᠢᠯᠠᠬᠤ ᠱᠤᠭᠤᠮ ᠢ ᠲᠣᠳᠣᠷᠬᠠᠶ ᠪᠣᠯᠭᠠᠵᠤ ᠥᠭᠴᠡᠶ᠃ ᠢᠯᠡᠳᠬᠡᠯ ᠳᠤ᠂ ᠶᠡᠷᠦᠩᠬᠡᠶ ᠱᠦᠵᠢ ᠰᠢ ᠶᠢᠨ ᠫᠢᠩ ︽ᠲᠥᠷᠥ ᠭᠦᠷᠦᠨ ᠪᠣᠯ ᠳᠠᠷᠤᠶ ᠠᠷᠠᠳ ᠲᠦᠮᠡᠨ᠂ ᠠᠷᠠᠳ ᠲᠦᠮᠡᠨ  ᠪᠣᠯ ᠳᠠᠷᠤᠶ ᠲᠥᠷᠥ ᠭᠦᠷᠦᠨ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠥᠷᠥ ᠭᠦᠷᠦᠨ ᠪᠠᠶᠢᠭᠤᠯᠵᠤ᠂ ᠲᠥᠷᠥ ᠭᠦᠷᠦᠨ ᠢᠶᠠᠨ ᠰᠠᠬᠢᠬᠤ ᠳᠤ ᠠᠷᠠᠳ ᠲᠦᠮᠡᠨ ᠤ ᠰᠡᠳᠬᠢᠯ ᠢ ᠰᠠᠬᠢᠳᠠᠭ︾ ᠭᠡᠵᠦ ᠲᠣᠳᠣᠷᠬᠠᠶ ᠴᠢᠬᠤᠯᠠᠴᠢᠯᠠᠭᠰᠠᠨ ᠪᠠᠶᠢᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠵᠣᠷᠢᠯᠲᠠ ᠮᠥᠨ᠂ ᠮᠥᠨᠴᠦ ᠮᠠᠨ ᠤ ᠴᠢᠤᠸᠠᠨ ᠱᠠᠨ ᠵᠡᠭᠡᠯᠢ ᠭᠤᠳᠤᠮᠵᠢ ᠶᠢᠨ ᠠᠵᠢᠯ ᠤᠨ ᠵᠣᠷᠢᠯᠲᠠ ᠪᠣᠯᠤᠨ᠎ᠠ᠂ ᠠᠯᠢᠪᠠ ᠪᠦᠬᠦᠨ ᠳᠤ ᠠᠷᠠᠳ ᠤᠯᠠᠨ ᠤ ᠦᠨᠳᠦᠰᠦᠨ ᠠᠰᠢᠭ ᠲᠤᠰᠠ ᠠᠴᠠ ᠡᠭᠦᠰᠬᠦ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠨ ᠰᠠᠨᠠᠭ᠎ᠠ ᠶᠢ ᠰᠣᠨᠣᠰᠴᠤ᠂ ᠤᠯᠠᠨ ᠲᠦᠮᠡᠨ ᠤ ᠬᠦᠰᠡᠯ ᠪᠤᠳᠤᠯ ᠢ ᠣᠶᠢᠯᠠᠭᠠᠵᠤ᠂ ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠤᠶᠠᠨ ᠦᠢᠯᠡᠳᠴᠦ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃   ᠴᠢᠤᠸᠠᠨᠱᠠᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠬᠢᠨᠠᠮᠠᠭᠠᠢ ᠰᠤᠷᠤᠯᠴᠠᠵᠤ᠂ ᠨᠠᠮ ᠤᠨ ᠲᠥᠪ ᠬᠤᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠵᠢᠯ ᠤᠨ ᠲᠠᠯ᠎ᠠ ᠪᠦᠬᠦᠨ ᠳᠤ  ᠲᠤᠭᠤᠰᠢᠯᠠᠭᠤᠯᠤᠨ᠎ᠠ᠃ ᠪᠢᠳᠡᠨ ᠤ ᠠᠵᠢᠯ ᠤᠨ ᠭᠤᠣᠯᠳᠠᠯᠭ᠎ᠠ ᠪᠠᠨ ᠭᠤᠣᠯᠳᠠᠭᠤ ᠨᠠᠮ ᠤᠨ ᠪᠠᠶᠢᠭᠤᠯᠤᠯᠲᠠ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠢᠴᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠳᠤᠮᠳᠠ ᠪᠦᠬᠦ ᠬᠦᠴᠦᠨ ᠢᠶᠠᠷ ᠢᠶᠠᠨ ᠣᠷᠣᠯᠴᠠᠬᠤ᠂ ᠭᠦᠢᠴᠡᠳ ᠬᠦᠴᠦ ᠣᠷᠣᠭᠤᠯᠬᠤ᠂ ᠪᠣᠳᠠᠲᠠᠢ ᠠᠵᠢᠯ ᠬᠢᠬᠦ ᠶᠢ ᠪᠠᠲᠤᠯᠠᠬᠤ ᠳᠡᠭᠡᠷ᠎ᠡ ᠲᠥᠪᠯᠡᠷᠡᠭᠦᠯᠦᠨ᠎ᠡ᠃ᠡᠩ ᠲᠡᠷᠢᠭᠦᠨ ᠳᠤ᠂ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠮᠠᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠥᠨᠳᠥᠷ ᠪᠠᠶᠢᠷᠢᠨ ᠳᠤ ᠲᠠᠯᠪᠢᠵᠤ᠂ ᠤᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠤᠯᠠᠨ ᠲᠦᠮᠡᠨ ᠲᠠᠢ ᠣᠶᠢᠷᠠᠳᠬᠤ ᠤᠬᠠᠭᠤᠯᠭ᠎ᠠ ᠶᠢᠨ ᠠᠵᠢᠯᠯᠠᠭ᠎ᠠ ᠶᠢᠨ ᠠᠷᠭ᠎ᠠ ᠮᠠᠶ᠋ᠢᠭ ᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠤᠯᠴᠠᠨ ᠤᠬᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠠ᠃ ᠡᠭᠦᠨ ᠤ ᠬᠠᠮᠲᠤ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠣᠳᠠᠲᠠᠶᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠲᠠᠪᠤᠨ ᠲᠠᠯ᠎ᠠ ᠶᠢ ᠵᠣᠬᠢᠴᠠᠭᠤᠯᠤᠨ ᠦᠨᠳᠦᠰᠦᠨ ᠱᠠᠳᠤ ᠶᠢ ᠶᠡᠬᠡᠪᠡᠷ ᠠᠳᠬᠤᠬᠤ︾ ᠠᠵᠢᠯ ᠤᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠤᠨ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠶᠢ ᠵᠢᠯᠣᠭᠤᠳᠬᠤ ᠬᠡᠷᠡᠭᠲᠡᠢ᠃ᠳᠠᠷᠠᠭᠠᠯᠠᠪᠠᠯ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠠᠯ᠎ᠠ ᠪᠠᠷ᠂ ᠪᠢᠳᠡ ᠰᠢᠯᠭᠠᠨ ᠠᠪᠬᠤ ᠠᠴᠠ ᠡᠮᠦᠨᠡᠬᠢ ᠡᠯ᠎ᠡ ᠵᠦᠢᠯ ᠤᠨ ᠰᠡᠬᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠠᠪᠤᠳᠠᠯ ᠢ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠲᠠᠢ ᠤᠶᠠᠯᠳᠤᠭᠤᠯᠤᠨ᠎ᠠ᠃  ᠰᠠᠭᠤᠭᠠᠯᠢ ᠲᠣᠭᠤᠷᠢᠭ ᠤᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠷᠢᠶᠠᠲᠤ ᠣᠷᠣᠨ ᠤ ᠠᠷᠠᠳ ᠲᠦᠮᠡᠨ ᠤ ︵ᠠᠮᠢᠳᠤᠷᠠᠯ︶᠎ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠷᠭ᠎ᠠ ᠵᠠᠮ ᠪᠠ ᠠᠷᠭ᠎ᠠ ᠵᠠᠮ ᠤᠨ ᠰᠢᠨ᠎ᠡ ᠶᠢ ᠡᠭᠦᠳᠦᠨ᠎ᠡ᠃ ᠬᠤᠲᠠ ᠪᠠᠶᠢᠭᠤᠯᠬᠤ ᠠᠵᠢᠯ ᠢ ᠲᠠᠰᠤᠷᠠᠯᠲᠠ ᠥᠬᠡᠶ ᠠᠬᠢᠭᠤᠯᠬᠤ ᠪᠠᠷ ᠳᠡᠮᠵᠢᠨ᠂ ᠣᠯᠠᠨ ᠲᠦᠮᠡᠨ ᠤ ᠠᠮᠢᠳᠤᠷᠠᠯ ᠤᠨ ᠳᠤᠮᠳᠠᠬᠢ ᠠᠷᠬᠠᠭ ᠬᠡᠮ ᠢ ᠰᠢᠶᠳᠪᠦᠷᠢᠯᠡᠵᠦ᠂ ᠬᠤᠲᠠ ᠶᠢᠨ ᠰᠠᠭᠤᠭᠠᠯᠢ ᠠᠷᠠᠳ ᠤᠨ ᠪᠣᠯᠪᠠᠰᠤᠨ ᠤ ᠬᠢᠷᠢ ᠬᠡᠮᠵᠢᠶ᠎ᠡ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠲᠠ ᠶᠢᠨ ᠵᠠᠰᠠᠯᠲᠠ ᠶᠢᠨ ᠬᠠᠲᠠᠭᠤ ᠵᠥᠭᠡᠯᠡᠨ ᠢ ᠵᠡᠷᠭᠡᠪᠡᠷ ᠬᠡᠷᠡᠭᠵᠢᠭᠦᠯᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠣᠯᠠᠨ ᠤ ᠰᠡᠳᠬᠢᠯ ᠬᠠᠨᠤᠮᠵᠢᠲᠠᠶ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ᠭᠤᠷᠪᠠᠳᠤᠭᠠᠷ ᠲᠤ᠂ ᠰᠠᠭᠤᠭᠠᠯᠢ ᠠᠷᠠᠳ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠷᠭᠤᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠳᠡᠭᠡᠷ᠎ᠡ ᠬᠦᠴᠦ ᠲᠠᠯᠪᠢᠨ᠎ᠠ᠃ ᠡᠪᠦᠯ ᠤᠨ ᠤᠯᠠᠷᠢᠯ ᠳᠤ᠂ ᠪᠢᠳᠡ ᠪᠠᠶᠢᠰᠢᠩ ᠬᠡᠷ ᠤᠨ ᠲᠣᠭᠤᠷᠢᠭ ᠤᠨ ᠣᠯᠠᠨ ᠲᠦᠮᠡᠨ ᠤ ᠳᠤᠯᠠᠭᠠᠯᠠᠭ᠎ᠠ᠂ ᠴᠡᠪᠡᠷ ᠨᠡᠭᠦᠷᠡᠰᠦ ᠬᠤᠳᠠᠯᠳᠤᠨ ᠠᠪᠬᠤ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠡᠭᠦᠨ ᠤ ᠵᠡᠷᠭᠡ ᠳᠤ᠂ ᠪᠢᠳᠡ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠦᠷᠭᠦᠯᠵᠢᠯᠡᠨ ᠲᠥᠪᠯᠡᠷᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾᠎ ᠶᠢᠨ ᠠᠰᠠᠭᠤᠳᠠᠯ ᠢ ᠦᠷᠭᠦᠯᠵᠢᠯᠡᠨ ᠰᠢᠶᠳᠪᠦᠷᠢᠯᠡᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠪᠠ ᠳᠥᠭᠦᠮ ᠳᠥᠲᠡ ᠠᠮᠢᠳᠤᠷᠠᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠨᠢ ᠰᠢᠨ᠎ᠡ ᠴᠠᠭ ᠦᠶ᠎ᠡ᠂ ᠰᠢᠨ᠎ᠡ ᠠᠶᠠᠯᠠᠯ᠂ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠠᠵᠢᠯᠯᠠᠭᠠᠨ ᠤ ᠵᠦᠭᠯᠡᠭᠦᠷ ᠢ ᠲᠣᠭᠲᠠᠭᠠᠭᠰᠠᠨ ᠪᠠᠶᠢᠨ᠎ᠠ᠃ ᠮᠠᠨ ᠤ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠤᠭ᠎ᠠ ᠬᠦᠴᠦᠨ ᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠨᠳᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠵᠤ᠂ ᠬᠠᠮᠤᠭ ᠤᠨ ᠡᠷᠬᠢᠮ ᠨᠠᠨᠳᠢᠨ ᠲᠡᠮᠡᠴᠡᠯ ᠤᠨ ᠤᠯᠠ ᠮᠥᠷ ᠢ ᠦᠯᠡᠳᠡᠭᠡᠬᠦ ᠬᠡᠷᠡᠭᠲᠡᠢ᠃          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2