ᠵᠢᠨᠢᠩ ᠲᠣᠭᠤᠷᠢᠭ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/28
   12 ᠰᠠᠷ᠎ᠠ ᠶᠢᠨ 15᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠵᠢᠨᠢᠩ ᠲᠣᠭᠤᠷᠢᠭ ᠤᠨ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠵᠢᠴᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠵᠢᠭᠠᠭᠰᠠᠨ ᠨᠢ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠪᠣᠯ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠵᠠᠩᠭᠢᠯᠠᠭ᠎ᠠ ᠶᠢᠨ ᠨᠢᠭᠡ ᠭᠤᠭᠴᠤᠭ᠎ᠠ ᠪᠠᠶᠢᠵᠤ᠂ ᠵᠢᠨᠢᠩ ᠲᠣᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠪᠠ ᠦᠷ᠎ᠡ ᠪᠦᠲᠦᠮᠵᠢ ᠳᠤ ᠬᠤᠯᠪᠣᠭᠳᠠᠬᠤ ᠤᠴᠢᠷ ᠠᠴᠠ ᠡᠷᠬᠡᠪᠰᠢ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠦᠨᠡᠨᠬᠦ ᠴᠢᠩᠭ᠎ᠠ ᠰᠠᠶᠢᠲᠤᠷ ᠠᠳᠬᠤᠬᠤ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠠᠵᠢᠯ ᠡᠬᠢᠯᠡᠭᠦᠯᠵᠦ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠮᠠᠨ ᠤ  ᠲᠤᠭᠤᠷᠢᠭ  ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠠᠵᠢᠯ ᠣᠶᠢᠯᠠᠰᠴᠢ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠥᠪᠡᠷ ᠤᠨ ᠪᠡᠶ᠎ᠡ ᠳᠡᠭᠡᠨ ᠤᠯᠠᠮ ᠨᠢᠭᠡ ᠠᠯᠬᠤᠮ ᠳᠠᠷᠤᠯᠲᠠ ᠥᠭᠴᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠲᠥᠷᠥᠯ ᠵᠦᠶᠯ ᠨᠢᠭᠡᠪᠦᠷᠢ ᠶᠢᠨ ᠲᠥᠷᠥᠯ ᠵᠦᠶᠯ ᠲᠣᠭᠲᠠᠭᠠᠬᠤ᠂ ᠲᠥᠯᠥᠪᠵᠢᠭᠦᠯᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠶᠢ ᠦᠨᠡᠨᠬᠦ ᠰᠠᠶᠢᠲᠤᠷ ᠠᠳᠬᠤᠵᠤ᠂ ᠲᠥᠷᠥᠯ ᠵᠦᠶᠯ ᠤᠨ ᠡᠮᠬᠢ ᠵᠢᠷᠤᠮ ᠲᠠᠢ ᠠᠵᠢᠯ ᠡᠬᠢᠯᠡᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠶ᠃ ᠴᠢᠬᠤᠯᠠ ᠶᠡᠭᠡ ᠲᠥᠷᠥᠯ ᠵᠦᠶᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠥᠷᠳᠡᠨ ᠲᠣᠬᠢᠷᠠᠭᠤᠯᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ ᠨᠥᠭᠡᠴᠡᠯᠡᠬᠦ ᠲᠦᠷᠦᠯ ᠵᠦᠢᠯ ᠢ ᠨᠢᠮᠪᠠᠢ ᠲᠥᠯᠥᠪᠵᠢᠭᠦᠯᠵᠦ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠡᠵᠡᠮᠳᠡᠵᠦ᠂ ᠪᠡᠯᠡ ᠣᠷᠣᠭᠤᠯᠤᠯᠲᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠣᠨᠣᠪᠴᠢᠲᠠᠢ ᠪᠥᠭᠡᠳ ᠪᠣᠳᠠᠲᠠᠢ ᠪᠠᠷ ᠰᠠᠶᠢᠲᠤᠷ ᠲᠥᠯᠥᠪᠵᠢᠭᠦᠯᠬᠦ ᠬᠡᠷᠡᠭᠲᠡᠢ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ︽ᠲᠦᠷᠦᠭᠦᠯᠡᠬᠦ︾ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠵᠤ ᠠᠬᠤᠶᠢᠯᠠᠯ ᠯᠤᠭ᠎ᠠ ᠢᠳᠡᠪᠬᠢᠲᠡᠶ ᠪᠠᠷ  ᠵᠣᠯᠭᠠᠭᠤᠯᠵᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠴᠢ ᠦᠶᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃             ᠵᠢᠷᠤᠭ᠄ ᠭᠦᠸᠧ ᠸᠧᠨ ᠵᠢᠶᠧ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2