ᠵᠢᠨᠢᠩ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/28
759470.jpg
     12 ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ  ᠵᠢᠨᠢᠩ ᠲᠣᠭᠤᠷᠢᠭ ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠥᠭᠡᠷᠡᠴᠢᠯᠡᠯᠲᠡ᠂ ᠳᠡᠳ᠋ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ᠂ ᠸᠠᠺᠼᠢᠨ ᠤ ᠲᠠᠷᠢᠯᠭ᠎ᠠ᠂ ᠡᠮ ᠤᠨ ᠵᠦᠶᠯ ᠤᠨ ᠨᠥᠭᠡᠴᠡ᠂ ᠰᠣᠷᠣᠭᠴᠢ ᠶᠢᠨ ᠬᠢᠴᠢᠶᠡᠯ ᠰᠡᠷᠭᠦᠭᠡᠬᠦ ᠵᠢᠴᠢ ᠬᠠᠯᠠᠭᠤᠷᠠᠯ ᠤᠨ ᠬᠠᠮᠢᠶᠠᠷᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠭᠤᠤᠯᠳᠠᠯᠭ᠎ᠠ ᠲᠠᠢ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠲᠣᠭᠤᠷᠢᠭ ᠤᠨ ᠤᠳᠤᠷᠢᠳᠤᠯᠭ᠎ᠠ ᠺᠠᠩ ᠬᠠᠢ ᠷᠦᠢ᠂ ᠵᠠᠩ ᡁᠢ ᠷᠦᠩ᠂ ᠶᠠᠩ ᠶᠦᠩ᠂ ᠯᠢ ᠯᠢᠨ᠂ ᠯᠢᠦ ᡁᠢ ᠷᠦᠩ ᠨᠠᠷ ᠬᠤᠷᠠᠯ ᠳᠤ ᠣᠷᠣᠯᠴᠠᠵᠠᠢ᠃    ᠬᠤᠷᠠᠯ ᠠᠴᠠ  ᠵᠢᠭᠠᠭᠰᠠᠨ ᠨᠢ᠂ ᠪᠦᠬᠦ ᠣᠷᠣᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠷᠢᠨ ᠭᠦᠢᠴᠡᠳ ᠣᠨᠣᠪᠴᠢᠲᠠᠶ ᠪᠦᠬᠦ ︽ᠰᠢᠨ᠎ᠡ ᠠᠷᠪᠠᠨ ᠵᠤᠷᠪᠤᠰ︾᠎ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠂ ︽ᠬᠤᠷᠢᠨ ᠵᠤᠷᠪᠤᠰ︾᠎ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠪᠠ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠴᠢᠩᠭᠠᠳᠬᠠᠵᠤ ᠂ ᠴᠤᠭᠯᠠᠷᠠᠯ ᠤᠨ ᠴᠢᠨᠠᠷᠲᠠᠶ ᠬᠠᠯᠳᠠᠪᠤᠷᠢᠯᠠᠯ ᠢ ᠰᠡᠷᠭᠡᠶᠢᠯᠡᠬᠦ ᠪᠠ ᠬᠦᠨᠳᠦ ᠡᠪᠡᠳᠴᠢᠨ ᠢ ᠰᠡᠷᠭᠡᠶᠢᠯᠡᠬᠦ ᠶᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠤᠪᠢᠷᠠᠭᠤᠯᠬᠤ ᠥᠬᠡᠶ᠂ ᠨᠣᠮᠧᠷ ᠨᠡᠮᠡᠬᠦ ᠥᠬᠡᠶ᠂ ᠵᠣᠭᠰᠣᠯ ᠥᠬᠡᠶ ᠤᠷᠤᠭᠰᠢᠯᠠᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠬᠡᠪ ᠤᠨ ᠠᠵᠢᠯᠯᠠᠭᠠᠨ ᠢ ᠪᠠᠲᠤᠯᠠᠵᠤ᠂ ᠡᠳᠦᠷ ᠲᠤᠳᠤᠮ ᠤᠨ ᠵᠢᠯᠣᠭᠤᠳᠬᠤ ᠪᠠ ᠲᠤᠬᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠰᠤᠷᠠᠯᠳᠠ ᠦᠭᠡᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠬᠦᠨᠳᠦ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠤᠨ ᠨᠥᠭᠡᠴᠡᠯᠡᠯᠲᠡ ᠶᠢ ᠲᠦᠷᠭᠡᠳᠬᠡᠵᠦ᠂ ᠰᠠᠭᠤᠷᠢ ᠡᠮ ᠤᠨ ᠵᠦᠶᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠡᠳ᠋ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠡᠮᠴᠢ ᠰᠤᠪᠢᠯᠠᠭᠴᠢ ᠶᠢ ᠭᠦᠶᠴᠡᠳ ᠳᠣᠭᠢᠷᠠᠭᠤᠯᠵᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢ ᠪᠦᠬᠦᠨ ᠢ ᠳᠣᠭᠢᠷᠠᠭᠤᠯᠤᠨ᠂ ᠨᠡᠭᠡᠭᠡᠪᠡᠯ ᠵᠣᠬᠢᠬᠤ ᠶᠢ ᠪᠦᠬᠦᠨ ᠢ ᠨᠡᠭᠡᠭᠡᠵᠦ᠂ ᠡᠭᠦᠳᠡᠨ ᠡᠮᠨᠡᠯᠭᠡ ᠶᠢ ᠣᠷᠳᠣ ᠮᠥᠷᠯᠡᠬᠦ ᠥᠬᠡᠶ᠂ ᠬᠦᠨᠳᠦ ᠡᠪᠡᠳᠴᠢᠨ ᠢ ᠴᠠᠭ ᠲᠤᠬᠠᠶ ᠳᠤᠨᠢ ᠡᠮᠨᠡᠨ ᠵᠠᠰᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠮ ᠤᠨ ᠵᠦᠶᠯ ᠢ ᠨᠥᠭᠡᠴᠡᠯᠡᠨ ᠬᠠᠩᠭᠠᠬᠤ ᠶᠢ ᠴᠢᠩᠭᠠᠳᠬᠠᠵᠤ᠂ ᠡᠮ ᠤᠨ ᠵᠦᠶᠯ ᠢ ᠣᠷᠣᠭᠤᠯᠵᠤ ᠪᠣᠷᠣᠯᠠᠭᠤᠯᠬᠤ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠥᠳᠡᠯᠦᠩᠭᠦᠶ ᠪᠠᠷ ᠬᠢᠨᠠᠨ ᠬᠡᠮᠵᠢᠵᠦ᠂ ᠬᠤᠲᠠ ᠶᠢᠨ ᠠᠷᠠᠳ ᠤᠨ ᠡᠮ ᠬᠤᠳᠠᠯᠳᠤᠨ ᠠᠪᠬᠤ ᠶᠢ ᠤᠬᠠᠭᠤᠯᠤᠨ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠬᠡᠷ ᠲᠡᠭᠡᠨ ᠰᠠᠭᠤᠵᠤ ᠪᠠᠶᠢᠭ᠎ᠠ ᠬᠥᠮᠦᠰ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠭᠦᠯᠬᠦ ᠪᠠ ᠰᠡᠳᠬᠢᠴᠡ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ ᠃ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠠᠷᠠᠯᠲᠠᠲᠤ ᠬᠥᠮᠦᠰ ᠤᠨ ᠰᠠᠭᠤᠷᠢ ᠲᠤᠭ᠎ᠠ ᠶᠢ ᠣᠨᠣᠪᠴᠢᠲᠠᠶ ᠣᠶᠢᠯᠠᠭᠠᠵᠤ᠂ ᠲᠠᠷᠢᠯᠭ᠎ᠠ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠰᠢᠯᠢᠳᠡᠭᠵᠢᠭᠦᠯᠦᠨ᠂ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃            ᠵᠢᠷᠤᠭ᠄ ᠴᠢᠶᠤᠤ  ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2