ᠵᠢᠨᠢᠩ ᠲᠤᠭᠤᠷᠢᠭ ᠤᠨ ᠨᠠᠮ ᠤᠨ  ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 16 ᠳ᠋ᠤᠭᠠᠷ ᠤᠳᠠᠭ᠎ᠠ ᠶᠢᠨ ᠬᠤᠷᠠᠯ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ 1 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/28
700470.jpg
    12 ᠰᠠᠷ᠎ᠠ ᠶᠢᠨ 16᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 16 ᠳ᠋ᠤᠭᠠᠷ ᠤᠳᠠᠭ᠎ᠠ ᠶᠢᠨ ᠬᠤᠷᠠᠯ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠎ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ  ᠲᠤᠭᠤᠰᠢᠯᠠᠭᠤᠯᠵᠤ᠂ ᠮᠠᠨ ᠤ  ᠲᠤᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠢ ᠰᠢᠰᠲ᠋ᠧᠮᠲᠦ ᠴᠢᠨᠠᠷᠲᠠᠶ ᠪᠠᠷ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠨᠡᠷᠡᠰ ᠤᠨ ᠵᠢᠭᠰᠠᠭᠠᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃    ᠬᠤᠷᠠᠯ ᠠᠴᠠ ᠲᠤᠭᠤᠷᠢᠭ ᠤᠨ ᠨᠠᠮ ᠤᠨ  ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ 2022 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠪᠣᠯᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠎ ᠠᠴᠠ ᠱᠠᠭᠠᠷᠳᠠᠭᠰᠠᠨ ᠨᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠲᠦᠷᠢᠮ ᠢᠶᠠᠨ ᠲᠡᠭᠦᠯᠳᠡᠷᠵᠢᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ ᠶᠢᠨ ︽ᠳᠠᠬᠢᠨ ᠪᠠᠶᠢᠴᠠᠭᠠᠨ ᠦᠵᠡᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠡᠮᠬᠢᠯᠡᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠥᠷᠢᠯᠡᠵᠦ᠂ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠮᠠᠨ ᠤ ᠲᠤᠭᠤᠷᠢᠭ  ᠤᠨ ᠪᠣᠳᠠᠲᠠᠢ ᠳᠤ ᠰᠠᠭᠤᠷᠢᠯᠠᠵᠤ ᠂ ᠪᠣᠳᠠᠲᠠᠢ ᠠᠳᠬᠤᠵᠤ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ‍ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ  ᠬᠡᠮᠵᠢᠶ᠎ᠡ  ᠶᠢ ᠦᠨᠡᠨᠬᠦ ᠬᠡᠷᠡᠭᠵᠢᠭᠦᠯᠬᠦ ᠬᠡᠷᠡᠭᠲᠡᠢ᠃    ᠬᠤᠷᠠᠯ ᠠᠴᠠ 2022 ᠣᠨ ᠤ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ  ᠰᠢᠰᠲ᠋ᠧᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠵᠡᠷᠭᠡ ᠲᠠᠯ᠎ᠠ ᠪᠠᠷ ᠣᠯᠤᠭᠰᠠᠨ ᠠᠵᠢᠯ ᠤᠨ ᠦᠷ᠎ᠡ ᠪᠦᠲᠦᠮᠵᠢ ᠶᠢ ᠨᠤᠲᠠᠯᠠᠪᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠲᠣᠰ ᠲᠣᠰ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠠᠷᠢᠴᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠵᠦ᠂ ᠮᠠᠨ ᠤ  ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠵᠦᠶᠯ ᠤᠨ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃   ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠤᠨ 2022 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2023 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠤᠷᠢᠳᠤ ᠡᠮᠦᠨ᠎ᠡ ᠪᠠᠶᠢᠭ᠎ᠠ ᠦᠭᠡᠢ ᠬᠦᠴᠢᠷᠳᠡᠯ ᠪᠣᠯᠤᠨ ᠥᠷᠢᠰᠥᠯᠳᠦᠭᠡᠨ ᠤ ᠡᠮᠦᠨ᠎ᠡ᠂ ᠪᠦᠬᠦ ᠣᠷᠣᠨ ᠢᠶᠠᠷ ᠢᠶᠠᠨ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷᠳᠡᠯ︾᠎ ᠤᠨ ᠠᠰᠠᠭᠤᠳᠠᠯ ᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠵᠤ᠂ 2023 ᠣᠨ ᠤ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃     ᠬᠤᠷᠠᠯ ᠠᠴᠠ᠂ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠰᠠᠯᠠᠭ᠎ᠠ ᠮᠥᠴᠢᠷ ᠨᠢᠭᠡᠴᠢ ᠨᠦᠭᠦᠳ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠪᠠ ᠭᠤᠤᠯᠳᠠᠯᠭ᠎ᠠ ᠲᠠᠢ ᠠᠵᠢᠯ ᠲᠠᠢ ᠬᠠᠷᠢᠴᠠᠭᠤᠯᠵᠤ ᠪᠠᠶᠢᠭᠠᠳ ᠳᠠᠬᠢᠨ ᠡᠮᠬᠢᠯᠡᠵᠦ᠂ ᠳᠠᠬᠢᠨ ᠲᠡᠭᠦᠯᠳᠡᠷᠵᠢᠭᠦᠯᠵᠦ᠂ ᠡᠯ᠎ᠡ ᠵᠦᠶᠯ ᠤᠨ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠢᠳᠡᠪᠬᠢᠲᠡᠢ ᠪᠠᠷ ᠵᠣᠯᠭᠠᠭᠤᠯᠵᠤ ᠲᠠᠬᠢᠨ ᠤᠯᠤᠯᠴᠠᠵᠤ᠂ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢ ᠨᠡᠪᠳᠡᠷᠡᠳᠡᠯ᠎ᠠ ᠰᠦᠪᠡᠭᠴᠢᠯᠡᠵᠦ᠂ ᠳᠡᠭᠡᠳᠦ ᠱᠠᠲᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ  ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠢᠷᠡᠬᠦ ᠵᠢᠯ ᠤᠨ ᠠᠵᠢᠯ ᠤᠨ  ᠬᠡᠪᠴᠢᠶ᠎ᠡ ᠶᠢ ᠤᠷᠢᠳᠴᠢᠯᠠᠨ ᠲᠥᠯᠥᠪᠵᠢᠭᠦᠯᠵᠦ᠂ ᠬᠥᠭᠵᠢᠯᠲᠡ ᠶᠢᠨ ᠰᠡᠳᠬᠢᠴᠡ᠂ ᠬᠠᠷᠠᠯᠲᠠ ᠡᠭᠦᠷᠭᠡ ᠪᠣᠯᠤᠨ ᠠᠵᠢᠯ ᠤᠨ ᠠᠷᠭ᠎ᠠ  ᠬᠡᠮᠵᠢᠶ᠎ᠡ  ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ᠂ ᠢᠯᠴᠢ ᠬᠠᠩᠭᠠᠬᠤ ᠤᠰᠤ ᠬᠠᠩᠭᠠᠬᠤ ᠶᠢ ᠪᠠᠲᠤᠯᠠᠬᠤ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷᠳᠡᠯ︾᠎ ᠤᠨ ᠠᠰᠠᠭᠤᠳᠠᠯ ᠢ ᠰᠢᠢᠳᠪᠦᠷᠢᠯᠡᠬᠦ ᠵᠢᠴᠢ ︽ᠬᠤᠶᠠᠷ ᠬᠤᠷᠠᠯ︾᠎ ᠢ ᠪᠡᠯᠡᠳᠬᠡᠬᠦ᠂ ︽ᠬᠤᠶᠠᠷ ᠪᠠᠶᠠᠷ ᠤᠨ ᠡᠳᠦᠷ︾᠎ ᠤᠨ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ ᠡᠨᠡ ᠵᠢᠯ ᠤᠨ ᠠᠵᠢᠯ ᠢᠶᠠᠨ ᠰᠠᠶᠢᠲᠤᠷ ᠬᠢᠵᠦ᠂ ᠢᠷᠡᠬᠦ ᠵᠢᠯ ᠤᠨ ᠠᠵᠢᠯ ᠢᠶᠠᠨ ᠰᠠᠶᠢᠲᠤᠷ ᠪᠡᠯᠡᠳᠭᠡᠬᠦ ᠶᠢ ᠪᠠᠲᠤᠯᠠᠬᠤ ᠬᠡᠷᠡᠭᠲᠡᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃               ᠵᠢᠷᠤᠭ᠄ ᠭᠦᠸᠧ ᠸᠧᠨ ᠵᠢᠶᠧ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2