ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠪᠠᠶᠢᠩᠭᠤ ᠎ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 19  ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/9
    12 ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 19 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ 12 ᠰᠠᠷ᠎ᠠ ᠶᠢᠨ 6᠎ ᠤ ᠡᠳᠦᠷ ᠤᠨ ᠲᠥᠪ ᠤᠨ ᠤᠯᠤᠰ ᠲᠦᠷᠦ ᠶᠢᠨ  ᠲᠤᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠠᠵᠤ ᠠᠬᠤᠢ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ 2023 ᠣᠨ ᠤ ᠠᠵᠤ ᠠᠬᠤᠢ ᠶᠢᠨ ᠠᠵᠢᠯ ᠤᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠲᠠ ᠶᠢ ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯᠯᠠᠭᠠᠨ ᠤ ᠭᠤᠣᠯ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭᠠᠨ ᠢ ᠰᠠᠶᠢᠲᠤᠷ ᠠᠳᠬᠤᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠪᠠ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠠᠳᠬᠤᠵᠤ᠂ ᠲᠥᠪᠯᠡᠷᠡᠭᠦᠯᠦᠨ ᠢᠯᠴᠢ ᠬᠠᠩᠭᠠᠬᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ᠂ ᠠᠶᠤᠯᠭᠦᠢ ᠦᠢᠯᠡᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠬᠥᠭᠵᠢᠯᠲᠡ ᠶᠢᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃     ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠳᠦᠷᠢᠮ︾᠎ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠰᠤᠷᠲᠠᠯ ᠤᠬᠠᠭᠤᠯᠭ᠎ᠠ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠵᠣᠷᠢᠭ ᠰᠠᠨᠠᠭ᠎ᠠ ᠪᠣᠯᠤᠨ ᠵᠣᠷᠢᠯᠲᠠ ᠶᠢ ᠤᠬᠠᠮᠰᠠᠷ ᠠᠴᠠ ᠪᠠᠨ ᠰᠤᠷᠲᠠᠯ ᠤᠬᠠᠭᠤᠯᠭ᠎ᠠ ᠶᠢᠨ ᠠᠵᠢᠯ ᠤᠨ ᠡᠯ᠎ᠡ ᠲᠠᠯ᠎ᠠ ᠪᠣᠯᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠭᠤᠰᠤᠯᠴᠠᠭᠤᠯᠤᠨ ᠤᠬᠠᠭᠤᠯᠬᠤ ᠠᠷᠭ᠎ᠠ ᠪᠠᠷᠢᠯ ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠮᠠᠨ ᠤ ᠣᠷᠣᠨ ᠤ ᠤᠨᠴᠠᠯᠢᠬᠳᠤ ᠤᠯᠠᠮᠵᠢᠯᠠᠬᠤ ᠵᠠᠭᠤᠴᠢᠯᠠᠭᠤᠷ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ ᠱᠠᠭᠠᠷᠳᠠᠯᠭ᠎ᠠ ᠲᠠᠢ ᠬᠠᠷᠢᠴᠠᠭᠤᠯᠤᠨ ᠡᠯ᠎ᠡ ᠬᠦᠷᠢᠶᠡᠨ ᠤ ᠤᠬᠠᠭᠤᠯᠭ᠎ᠠ ᠶᠢᠨ ᠠᠵᠢᠯ ᠢ ᠴᠢᠩᠭ᠎ᠠ ᠰᠠᠶᠢᠲᠤᠷ ᠠᠳᠬᠤᠵᠤ᠂ ︽ᠲᠦᠷᠢᠮ︾᠎ ᠢ ᠮᠠᠨ ᠤ ᠣᠷᠣᠨ ᠳᠤ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃    ᠬᠤᠷᠠᠯ ᠠᠴᠠ ᠮᠠᠨ ᠤ  ᠲᠤᠭᠤᠷᠢᠭ ᠤᠨ 2022 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠱᠠᠭᠠᠷᠳᠠᠭᠰᠠᠨ ᠨᠢ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠲᠦᠷᠢᠮ ᠪᠠ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠲᠤᠰᠢᠶᠠᠯ ᠤᠨ ᠮᠡᠳᠡᠭᠦᠯᠦᠯᠲᠡ ᠬᠠᠤᠯᠢ ᠴᠠᠭᠠᠵᠠ ᠶᠢᠨ ᠮᠡᠳᠡᠭᠦᠯᠦᠯᠲᠡ ᠶᠢᠨ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ  ᠬᠡᠷᠡᠭᠲᠡᠢ  ᠪᠦᠬᠦ ᠠᠷᠠᠳ ᠢᠶᠠᠷ ᠢᠶᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠬᠠᠤᠯᠢᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢᠵᠢᠯ ᠤᠨ ᠪᠠᠶᠢᠭᠤᠯᠤᠯᠲᠠ ᠶᠢᠨ ᠨᠡᠶᠢᠭᠡᠮ ᠤᠨ ᠬᠠᠨᠤᠮᠵᠢ ᠶᠢᠨ  ᠬᠡᠮᠵᠢᠶ᠎ᠡ ᠶᠢᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠬᠠᠤᠯᠢᠵᠢᠯ ᠤᠨ ᠪᠠᠶᠢᠭᠤᠯᠤᠯᠲᠠ ᠶᠢ ᠤᠳᠤᠷᠢᠳᠬᠤ ᠺᠠᠳ᠋ᠷ ᠤᠨ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠳᠤ ᠣᠷᠣᠭᠤᠯᠵᠤ᠂ ᠮᠠᠨ ᠤ  ᠲᠤᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠥᠨᠳᠥᠷ ᠲᠦᠪᠰᠢᠨ ᠳᠤ ᠬᠦᠷᠭᠡᠬᠦ  ᠬᠡᠷᠡᠭᠲᠡᠢ ᠃   ᠬᠤᠷᠠᠯ ᠠᠴᠠ  ᠲᠤᠭᠤᠷᠢᠭ ᠤᠨ ᠨᠠᠮ ᠤᠨ  ᠬᠤᠷᠢᠶ᠎ᠠ ᠶᠢᠨ ᠨᠠᠮ ᠤᠨ ᠰᠤᠷᠭᠠᠭᠤᠯᠢ ᠪᠣᠯᠤᠨ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ 2022 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠬᠤᠷᠠᠯ ᠠᠴᠠ ᠮᠠᠨ ᠤ ᠲᠤᠭᠤᠷᠢᠭ ᠤᠨ 2022 ᠣᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠪᠣᠯᠤᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠬᠤᠷᠠᠯ ᠠᠴᠠ ᠪᠠᠰᠠ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠦᠷᠦ ᠶᠢᠨ ᠵᠥᠪᠯᠡᠯᠭᠡᠨ ᠤ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠢ ᠨᠡᠮᠡᠵᠦ ᠨᠥᠬᠦᠪᠥᠷᠢᠯᠡᠬᠦ ᠵᠡᠷᠭᠡ ᠪᠤᠰᠤᠳ ᠶᠠᠪᠤᠳᠠᠯ ᠤᠳ ᠢ ᠰᠤᠳᠤᠯᠪᠠ᠃               ᠵᠢᠷᠤᠭ᠄ ᠴᠢᠶᠤᠤ ᠮᠢᠨ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2