ᠺᠠᠩ ᠬᠠᠶ ᠷᠦᠢ ᠰᠢᠨ ᠲᠢ ᠯᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/12/9
705470.jpg
    12 ᠰᠠᠷ᠎ᠠ ᠶᠢᠨ 8᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠰᠢᠨ ᠲᠢ ᠯᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠤᠯᠲᠠ ᠲᠦᠷᠦᠭᠳᠡᠯ ᠢᠶᠠᠨ ᠰᠣᠯᠢᠯᠴᠠᠨ ᠬᠤᠪᠢᠶᠠᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃    ᠺᠠᠩ ᠬᠠᠶ ᠷᠦᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠣᠶᠢᠯᠠᠭᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠷᠪᠠᠨ ᠲᠠᠯ᠎ᠠ ᠶᠢ ᠦᠨᠡᠨᠬᠦ ᠰᠠᠶᠢᠲᠤᠷ ᠠᠳᠬᠤᠬᠤ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠤᠬᠠᠭᠤᠯᠤᠨ ᠲᠠᠶᠢᠯᠪᠤᠷᠢᠯᠠᠪᠠ᠃     ᠺᠠᠩ ᠬᠠᠢ ᠷᠦ᠋ᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠲᠡᠷᠡ ᠬᠡᠪ ᠢᠶᠠᠷ ᠨᠢ ᠰᠤᠷᠤᠯᠴᠠᠬᠤ᠂ ᠨᠡᠪᠲᠡᠷᠡᠲᠡᠯ᠎ᠡ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠰᠡᠳᠬᠢᠬᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠲᠡᠭᠦᠨ ᠤ ᠭᠤᠣᠯ ᠴᠢᠬᠤᠯᠠ ᠠᠭᠤᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠬᠤ ᠬᠡᠷᠡᠭᠲᠡᠢ ᠭᠡᠵᠦ ᠬᠡᠯᠡᠪᠡ᠃ ᠬᠠᠷᠢᠶᠠᠲᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠤᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠤᠯᠠᠨ ᠲᠦᠮᠡᠨ ᠳᠤ ᠣᠶᠢᠯᠠᠭᠠᠭᠤᠯᠬᠤ᠂ ᠨᠠᠶᠢᠳᠠᠪᠤᠷᠢᠵᠢᠭᠤᠯᠵᠤ ᠳᠡᠶᠢᠯᠬᠦ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠤ᠂ ᠭᠦᠨᠵᠡᠭᠡᠢ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃   ᠺᠠᠩ ᠬᠠᠶ ᠷᠦᠢ ᠬᠡᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ ᠪᠣᠳᠠᠲᠠᠶ ᠶᠢ ᠡᠷᠬᠢᠮᠯᠡᠨ ᠨᠠᠶᠢᠳᠠᠪᠤᠷᠢᠵᠢᠭᠤᠯᠵᠤ᠂ ᠣᠳᠣᠬᠠᠨ ᠤ ᠪᠠᠶᠢᠳᠠᠯ ᠢ ᠴᠢᠩᠭ᠎ᠠ ᠠᠳᠬᠤᠨ᠂ ᠵᠢᠯ ᠤᠨ ᠡᠴᠦᠰ ᠠᠴᠠ ᠡᠮᠦᠨᠡᠬᠢ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ︽ᠰᠢᠨ᠎ᠡ ᠠᠷᠪᠠᠨ ᠵᠤᠷᠪᠤᠰ︾᠎ ᠤᠨ ᠵᠣᠷᠢᠭ ᠰᠠᠨᠠᠭᠠᠨ ᠤ ᠮᠥᠨ ᠴᠢᠨᠠᠷ ᠢ ᠪᠦᠷᠢᠨ ᠪᠦᠲᠦᠨ ᠣᠨᠣᠪᠴᠢᠲᠠᠶ ᠦᠢᠯᠠᠭᠠᠨ᠂ ︽ᠰᠢᠨ᠎ᠡ ᠠᠷᠪᠠᠨ ᠵᠤᠷᠪᠤᠰ︾᠎ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ ᠪᠣᠳᠠᠲᠠᠶ ᠠᠳᠬᠤᠵᠤ ᠨᠠᠷᠢᠯᠢᠭ ᠠᠳᠬᠤᠵᠤ ᠰᠠᠶᠢᠲᠤᠷ ᠠᠳᠬᠤᠬᠤ ᠬᠡᠷᠡᠭᠲᠡᠶ ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠤᠨ ᠪᠠᠶᠢᠳᠠᠯ ᠢ ᠣᠶᠢᠯᠠᠭᠠᠬᠤ ᠵᠢᠴᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠨᠠᠰᠤᠲᠠᠶᠢᠴᠤᠳ ᠤᠨ ᠰᠢᠨ᠎ᠡ  ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ ᠳᠤ ᠥᠯᠥ ᠬᠦᠷᠦᠭᠰᠡᠳ᠂ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ᠂ ᠵᠡᠮᠳᠡᠭᠴᠦᠳ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠣᠨᠴᠠᠭᠠᠶ ᠬᠠᠮᠲᠤᠯᠢᠭ ᠲᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠬᠡᠷᠡᠭᠲᠡᠶ᠃ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠡᠮ ᠤᠨ ᠵᠦᠶᠯ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ ᠪᠠᠲᠤᠯᠠᠬᠤ ᠬᠡᠷᠡᠭᠲᠡᠶ᠃            ᠵᠢᠷᠤᠭ᠄  ᠭᠦᠸᠧ ᠸᠧᠨ ᠵᠢᠶᠧ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2