ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/17
470900.jpg
      2 ᠰᠠᠷ᠎ᠠ ᠶᠢᠨ 16᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ  ᠲᠤᠭᠤᠷᠢᠭ ᠤᠨ  ᠬᠤᠷᠢᠶ᠎ᠠ ᠶᠢᠨ 2022 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ       ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊· ᠳᠠᠯᠠᠨᠲᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠸᠡᠭ ᠤᠨ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ︽ᠪᠤᠭᠤᠲᠤ ᠬᠤᠲᠠ ᠶᠢᠨ 2022 ᠣᠨ ᠤ ︿ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ﹀ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠳᠣᠷᠬᠠᠶ ᠬᠠᠭᠤᠳᠠᠰᠤ ︵ᠨᠢᠭᠡᠳᠦᠭᠡᠷ ᠪᠦᠯᠦᠭ︶᠎ ᠶᠢᠨ ᠲᠤᠬᠠᠶ ᠮᠡᠳᠡᠭᠦᠯᠦᠯᠲᠡ︾ ᠳᠡᠭᠡᠷᠡᠬᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠱᠢ ᠲᠠᠢ  ᠹᠸᠡᠭ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠢᠳᠡᠪᠬᠢᠲᠡᠶ ᠰᠤᠷᠤᠯᠴᠠᠨ ᠲᠣᠯᠢ ᠪᠣᠯᠭᠠᠵᠤ᠂ ᠵᠤᠷᠪᠤᠰ ᠳᠠᠷᠠᠭᠠᠯᠠᠨ ᠡᠮᠬᠢᠯᠡᠵᠦ᠂ ᠵᠦᠶᠯ ᠳᠠᠷᠠᠭᠠᠯᠠᠨ ᠰᠤᠳᠤᠯᠵᠤ᠂ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠣᠨᠣᠪᠴᠢᠲᠠᠶ ᠨᠡᠪᠲᠡᠷᠡᠲᠡᠯ᠎ᠡ ᠣᠶᠢᠯᠠᠭᠠᠭᠰᠠᠨ ᠰᠠᠭᠤᠷᠢᠨ ᠳᠡᠭᠡᠷ᠎ᠡ᠂ ᠮᠠᠨ ᠤ  ᠲᠤᠭᠤᠷᠢᠭ  ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠷᠢᠯᠢᠬᠵᠢᠭᠤᠯᠬᠤ᠂ ᠪᠣᠳᠠᠲᠠᠶᠢᠵᠢᠭᠤᠯᠬᠤ ᠠᠵᠢᠯ ᠢ ᠰᠠᠶᠢᠲᠤᠷ ᠬᠢᠵᠦ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠪᠤᠭᠤᠲᠤ ᠬᠤᠲᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠵᠤ᠂ ᠮᠠᠨ ᠤ  ᠲᠤᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠬᠤ ᠵᠡᠷᠭᠡ ᠭᠤᠭᠴᠤᠭ᠎ᠠ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠨᠠᠷᠢᠯᠢᠬᠵᠢᠭᠤᠯᠵᠤ᠂ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠴᠠᠭ ᠤᠨ ᠬᠢᠵᠠᠭᠠᠷ ᠤᠨ ᠨᠠᠷᠢᠨ ᠬᠠᠭᠤᠳᠠᠰᠤ ᠶᠢ ᠵᠢᠭᠰᠠᠭᠠᠵᠤ᠂ ᠲᠥᠷᠥ ᠶᠢᠨ ᠪᠣᠳᠣᠯᠭ᠎ᠠ ᠶᠢ ᠮᠠᠨ ᠤ  ᠲᠤᠭᠤᠷᠢᠭ ᠲᠤ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠦᠷ᠎ᠡ ᠪᠦᠲᠦᠮᠵᠢ ᠲᠦᠷᠭᠡᠨ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃         ᠬᠤᠷᠠᠯ ᠠᠴᠠ ᠤᠯᠠᠭᠠᠨᠴᠠᠪ ᠬᠤᠲᠠ ᠶᠢᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾᠎ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ  ᠵᠢᠭᠠᠭᠰᠠᠨ ᠨᠢ᠂ ᠰᠠᠶ᠋ᠢᠬᠠᠨ ᠲᠡᠭᠦᠰᠦᠭᠰᠡᠨ ᠤᠯᠠᠭᠠᠨᠴᠠᠪ ᠬᠤᠲᠠ ᠶᠢᠨ ︽ᠬᠤᠶᠠᠷ ᠬᠤᠷᠠᠯ︾ ᠪᠦᠬᠦ ᠬᠤᠳᠠ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠨᠠᠮ ᠤᠨ  ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠨᠠᠮᠠᠭᠠᠶ ᠰᠤᠷᠤᠯᠴᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠢᠮᠪᠠᠶ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠤ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠭᠤᠯᠵᠤ᠂ ᠪᠦᠬᠦ ᠲᠠᠯ᠎ᠠ ᠪᠠᠷ ᠡᠵᠡᠮᠰᠢᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠴᠠᠭ ᠲᠤᠬᠠᠢ ᠳᠤᠨᠢ ᠳᠠᠭᠠᠵᠤ᠂ ᠤᠬᠠᠭᠤᠯᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠰᠢᠨ᠎ᠡ ᠵᠠᠭᠤᠴᠢᠯᠠᠭᠤᠷ ᠪᠣᠯᠤᠨ ᠤᠯᠠᠮᠵᠢᠯᠠᠯᠲᠤ ᠵᠠᠭᠤᠴᠢᠯᠠᠭᠤᠷ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠰᠢᠭᠯᠠᠵᠤ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠥᠷᠨᠢᠭᠦᠯᠵᠦ᠂ ᠮᠠᠨ ᠤ  ᠲᠤᠭᠤᠷᠢᠭ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ᠂ ᠰᠠᠶᠢᠨ ᠦᠷ᠎ᠡ ᠪᠦᠲᠦᠮᠵᠢ ᠶᠢ ᠰᠠᠶᠢᠲᠤᠷ ᠤᠯᠠᠮᠵᠢᠯᠠᠵᠤ᠂ ᠳᠣᠲᠣᠭᠠᠳᠤ ᠳᠤ ᠪᠠᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ︽ᠭᠤᠷᠪᠠ ᠠᠴᠠ ᠳᠡᠭᠡᠭᠦᠷ ᠪᠠᠶᠢᠵᠤ ᠂ ᠲᠠᠪᠤ ᠶᠢ ᠡᠮᠦᠨ᠎ᠡ ᠡᠩᠨᠡᠭᠡᠨ ᠳᠤ ᠶᠠᠪᠤᠬᠤ︾ ᠬᠥᠭᠵᠢᠯᠲᠡ ᠶᠢᠨ ᠬᠠᠷᠠᠯᠲᠠ ᠪᠣᠯᠤᠨ ᠵᠢᠨᠢᠩ ᠲᠣᠭᠤᠷᠢᠭ ᠲᠤ ᠳᠤᠷᠠᠳᠤᠭᠰᠠᠨ ᠴᠢᠨᠠᠷ ᠰᠠᠶᠢᠲᠠᠢ ᠬᠥᠭᠵᠢᠯᠲᠡ᠂ ᠥᠨᠳᠥᠷ ᠦᠷ᠎ᠡ ᠪᠦᠲᠦᠮᠵᠢᠲᠡᠢ ᠵᠠᠰᠠᠯᠲᠠ᠂ ᠴᠢᠨᠠᠷ ᠰᠠᠶᠢᠲᠠᠢ ᠠᠮᠢᠳᠤᠷᠠᠯ ᠤᠨ ︽ᠭᠤᠷᠪᠠᠨ ᠪᠤᠬ᠎ᠠ ᠲᠡᠷᠭᠡ︾ ᠪᠣᠯᠬᠤ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠥᠭᠵᠢᠯᠲᠡ ᠶᠢᠨ ᠶᠡᠭᠡ ᠲᠠᠯ᠎ᠠ ᠳᠤ ᠪᠥᠬᠦ ᠬᠦᠴᠦᠨ ᠢᠶᠠᠷ ᠢᠶᠠᠨ ᠦᠶᠯᠡᠴᠢᠯᠡᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠬᠤ ᠲᠠᠯ᠎ᠠ ᠪᠠᠷ ᠪᠥᠬᠦ ᠲᠠᠯ᠎ᠠ ᠪᠠᠷ ᠬᠦᠴᠦᠯᠡᠵᠦ᠂ ᠮᠠᠨ ᠤ  ᠲᠤᠭᠤᠷᠢᠭ ᠤᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ  ᠬᠤᠷᠢᠶ᠎ᠠ ᠶᠢᠨ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠪᠠ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠲᠥᠯᠥᠪᠯᠡᠭᠡ ᠶᠢᠨ ᠬᠦᠰᠦᠨᠦᠭᠲᠦ ᠶᠢ ᠵᠢᠭᠰᠠᠭᠠᠵᠤ᠂ ᠠᠬᠢᠴᠠ ᠶᠢᠨ ᠵᠢᠷᠤᠭ ᠢ ᠲᠣᠳᠣᠷᠬᠠᠶᠢᠯᠠᠵᠤ᠂ ᠪᠣᠳᠠᠲᠠᠶ ᠠᠵᠢᠯ ᠤᠨ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠠᠵᠢᠯ ᠤᠨ ᠱᠠᠭᠠᠷᠳᠠᠯᠭ᠎ᠠ ᠶᠢ ᠮᠠᠨ ᠤ  ᠲᠤᠭᠤᠷᠢᠭ ᠲᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ ᠤᠳᠤᠷᠢᠳᠬᠤ ᠺᠠᠳ᠋ᠷ ᠤᠨ ᠬᠤᠪᠢ ᠬᠥᠮᠦᠨ ᠤ ᠤᠴᠢᠷ ᠶᠠᠪᠤᠳᠠᠯ ᠢᠶᠠᠨ ᠮᠡᠳᠡᠭᠦᠯᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠪᠠᠶᠢᠭᠤᠯᠤᠯᠭ᠎ᠠ ᠶᠢᠨ ᠬᠠᠷᠢᠶ᠎ᠠ ᠬᠤᠶᠠᠳᠤᠭᠠᠷ ᠳᠡᠰ ᠤᠨ ᠨᠢᠭᠡᠴᠡ ︵ᠪᠠᠶᠢᠭᠤᠯᠤᠮᠵᠢ︶᠎ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠭᠰᠠᠨ ᠨᠢ᠂ ᠤᠳᠤᠷᠢᠳᠬᠤ ᠺᠠᠳ᠋ᠷᠴᠤᠳ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠳᠦᠷᠢᠮ ᠪᠣᠯ ᠢᠯᠵᠠᠷᠠᠯ ᠤᠨ ᠠᠵᠢᠯᠯᠠᠭ᠎ᠠ ᠶᠢ  ᠬᠤᠷᠢᠭᠯᠠᠬᠤ ᠴᠢᠬᠤᠯᠠ ᠠᠷᠭ᠎ᠠ ᠪᠠᠷᠢᠯ ᠮᠥᠨ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠤ ᠲᠠᠯᠪᠢᠬᠤ ᠪᠦᠲᠦᠮᠵᠢᠲᠡᠶ ᠬᠢᠨᠠᠯᠲᠠ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠥᠪᠡᠷ ᠤᠨ ᠪᠡᠶ᠎ᠡ ᠳᠡᠭᠡᠨ ᠬᠠᠷᠢᠭᠤᠴᠠᠬᠤ ᠣᠪᠣᠷ ᠢᠶᠠᠷ᠂ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠦᠨᠡᠨ ᠪᠣᠳᠠᠲᠠᠢ᠂ ᠣᠨᠣᠪᠴᠢᠲᠠᠢ᠂ ᠪᠦᠬᠦ ᠲᠠᠯ᠎ᠠ ᠪᠠᠷ ᠰᠠᠶᠢᠲᠤᠷ ᠮᠡᠳᠡᠭᠦᠯᠵᠦ᠂ ᠬᠢᠨᠠᠯᠲᠠ ᠶᠢ ᠬᠦᠯᠢᠶᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠳᠠᠳᠬᠠᠯ ᠢ ᠪᠦᠷᠢᠯᠳᠦᠭᠦᠯᠬᠦ ᠬᠡᠷᠡᠭᠲᠡᠢ᠃ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠲᠠᠭᠯᠠᠨ ᠮᠡᠳᠡᠭᠦᠯᠬᠦ ᠡᠯ᠎ᠡ ᠵᠦᠢᠯ ᠤᠨ ᠱᠠᠭᠠᠷᠳᠠᠯᠭ᠎ᠠ᠂ ᠠᠩᠬᠠᠷᠬᠤ ᠵᠦᠢᠯ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠨᠡᠪᠲᠡᠷᠬᠡᠢ ᠡᠵᠡᠮᠰᠢᠵᠦ᠂ ᠴᠠᠭ ᠬᠤᠭᠤᠴᠠᠭ᠎ᠠ ᠪᠠ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠲᠤᠰ ᠤᠳᠠᠭ᠎ᠠ ᠶᠢᠨ ᠲᠥᠪᠯᠡᠷᠡᠭᠦᠯᠦᠨ ᠲᠠᠭᠯᠠᠨ ᠮᠡᠳᠡᠭᠦᠯᠬᠦ ᠪᠠ ᠬᠤᠯᠪᠣᠭᠳᠠᠯ ᠪᠦᠬᠦᠢ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠶᠠᠳᠤᠭᠠᠷ ᠳᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠣᠷᠣᠭᠤᠯᠤᠯᠲᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠤᠰ ᠨᠢᠭᠡᠴᠢ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃  ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠢ ᠬᠤᠶᠠᠳᠤᠭᠠᠷ ᠳᠡᠰ ᠤᠨ ᠨᠢᠭᠡᠴᠡ ᠶᠢ ᠰᠢᠮᠳᠠᠭᠤᠯᠤᠨ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃       ᠬᠤᠷᠠᠯ ᠠᠴᠠ ᠤᠯᠠᠭᠠᠨᠴᠠᠪ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ  ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦᠳᠠ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ᠠᠵᠢᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠤᠤᠷᠠᠭ︶︾᠎ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃        ᠬᠤᠷᠠᠯ ᠠᠴᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠮᠠᠨ ᠤ  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠤᠳᠤᠯᠤᠨ ᠰᠦᠪᠡᠭᠴᠢᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭ᠎ᠠ ᠰᠠᠶᠢᠲᠤᠷ ᠬᠢᠭᠰᠡᠨ ᠤᠷᠢᠲᠠᠯ ᠳᠣᠣᠷ᠎ᠠ᠂ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠵᠢᠨᠢᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ᠃       ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃      ᠬᠤᠷᠠᠯ ᠠᠴᠠ ᠵᠢᠭᠠᠭᠰᠠᠨ ᠨᠢ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠮᠠᠨᠵᠤᠤᠷ ᠬᠤᠲᠠ᠂ ᠬᠥᠬᠡᠬᠤᠲᠠ ᠵᠡᠷᠭᠡ ᠭᠠᠵᠠᠷ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠦ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠳᠠᠬᠢᠨᠲᠠ ᠰᠡᠷᠡᠮᠵᠢ ᠶᠢᠨ ᠳᠣᠬᠢᠶ᠎ᠠ ᠥᠭᠭᠦᠭᠰᠡᠨ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠳᠲᠡᠷ ᠲᠦᠷᠭᠡᠨ ᠬᠥᠪᠴᠢᠯᠡᠵᠦ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠶᠢ ᠡᠷᠡᠰ ᠲᠡᠪᠴᠢᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠥᠭᠡᠳ ᠪᠣᠳᠠᠲᠠᠶ ᠪᠥᠭᠡᠳ ᠭᠦᠨᠵᠡᠭᠡᠶ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠴᠢᠩᠭ᠎ᠠ ᠪᠥᠭᠡᠳ ᠪᠣᠳᠠᠲᠠᠶ ᠪᠥᠭᠡᠳ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ᠃          ᠬᠤᠷᠠᠯ ᠠᠴᠠ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠣᠣᠷᠵᠢᠭᠤᠯᠤᠭᠰᠠᠨ᠂ ᠨᠠᠷᠢᠯᠢᠭ ᠣᠨᠣᠴᠠᠲᠠᠢ ᠬᠠᠮᠢᠶᠠᠷᠤᠯᠲᠠ ᠶᠢᠨ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠨ᠎ᠠ ᠠᠴᠠ ᠢᠷᠡᠵᠦ ᠴᠤᠭᠯᠠᠭ᠎ᠠ ᠮᠠᠶᠢᠮᠠᠢ ᠳᠤ ᠤᠷᠤᠭᠰᠠᠨ ᠪᠠ ᠭᠠᠳᠠᠭᠰᠢ ᠭᠠᠷᠴᠤ ᠴᠤᠭᠯᠠᠭ᠎ᠠ ᠮᠠᠶᠢᠮᠠᠢ ᠳᠤ ᠪᠤᠴᠠᠭᠰᠠᠨ ᠬᠥᠮᠦᠰ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠥᠮᠦᠨ ᠤ ᠲᠤᠭ᠎ᠠ ᠶᠢ ᠪᠠᠶᠢᠴᠠᠭᠠᠨ ᠲᠤᠳᠤᠯᠠᠬᠤ᠂ ᠣᠷᠣᠨ ᠪᠠᠶᠢᠷᠢ ᠶᠢ ᠪᠠᠶᠢᠴᠠᠭᠠᠨ ᠲᠤᠳᠤᠯᠠᠬᠤ᠂ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠨ ᠲᠤᠳᠤᠯᠠᠬᠤ ᠶᠢ ᠲᠦᠷᠭᠡᠬᠡᠨ ᠪᠡᠶᠡᠯᠡᠭᠦᠯᠵᠦ᠂ ︽ᠨᠢᠭᠡ ᠡᠷᠦᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ︽ᠡᠳᠦᠷ ᠲᠤ ᠮᠡᠳᠡᠭᠦᠯᠬᠦ ᠥᠬᠡᠶ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠬᠢᠨᠠᠮᠠᠭᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠠᠵᠢᠯ ᠤᠨ ᠲᠣᠭᠲᠠᠴᠠ ᠶᠢᠨ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠣᠶᠢᠷ᠎ᠠ ᠶᠢᠨ ᠬᠤᠭᠤᠴᠠᠭᠠᠨ ᠳᠤ ᠵᠢᠭᠤᠯᠴᠢᠯᠠᠨ ᠰᠠᠭᠤᠭ᠎ᠠ ᠪᠤᠶᠤ ᠬᠠᠮᠢᠶ᠎ᠠ ᠪᠥᠬᠦᠶ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠢᠶᠠᠷ ᠥᠩᠭᠡᠷᠡᠬᠦ ᠬᠥᠮᠦᠰ ᠵᠢᠴᠢ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠬᠤ ᠶᠢ ᠬᠥᠲᠥᠯᠦᠨ ᠵᠢᠯᠣᠭᠤᠳᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠦᠵᠡᠯ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠦᠨᠡᠨᠬᠦ ᠴᠢᠩᠭᠠᠳᠬᠠᠬᠤ ᠬᠡᠷᠡᠭᠲᠡᠶ᠃                  ᠵᠢᠷᠤᠭ᠄ ᠴᠢᠶᠤᠤ ᠮᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2