ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ  ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/8
2022128102127.jpg1.jpg
      ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 1 ᠳ᠋ᠦ᠋ᠭᠡᠷ ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃        ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠺᠠᠩ ᠬᠠᠶ ᠷᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠲᠤᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠱᠠᠯᠠᠪᠳᠠᠭᠤᠯᠤᠨ ᠵᠢᠯᠣᠭᠤᠳᠴᠤ ᠠᠬᠢᠭᠤᠯᠬᠤ ᠳᠤᠭᠤᠶᠢᠯᠠᠩ ᠪᠣᠯᠤᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂  ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃        ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠲᠤᠰᠬᠠᠢ ᠰᠡᠳᠦᠪᠲᠦ  ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠤᠰᠬᠠᠶᠢᠯᠠᠨ ᠠᠵᠢᠯ ᠤᠨ ᠲᠥᠰᠦᠯ ᠲᠣᠭᠲᠠᠭᠠᠵᠤ᠂ ᠬᠤᠷᠠᠯ ᠠᠴᠠ ᠡᠮᠦᠨᠡᠬᠢ ᠰᠤᠷᠤᠯᠴᠠᠯᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠪᠡᠯᠡᠳᠬᠡᠵᠦ᠂ ᠲᠤᠰᠬᠠᠢ ᠰᠡᠳᠦᠪᠲᠦ  ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃       ᠬᠤᠷᠠᠯ ᠠᠴᠠ ᠪᠢᠴᠢᠭ ᠤᠨ ᠬᠡᠯᠪᠡᠷᠢ ᠪᠠᠷ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ  ᠠᠷᠠᠳᠴᠢᠯᠠᠭᠰᠠᠨ ᠠᠮᠢᠳᠤᠷᠠᠯ ᠤᠨ ᠬᠤᠷᠠᠯ ᠵᠢᠴᠢ  ᠲᠤᠭᠤᠷᠢᠭ ᠤᠨ ᠨᠠᠮ ‍ᠤᠨ‌ᠬᠤᠷᠢᠶ᠎ᠠ‌‍ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠨᠡᠶᠢᠲᠡᠯᠡᠵᠡᠢ᠃        ᠬᠤᠷᠠᠯ ᠳᠡᠭᠡᠷ᠎ᠡ᠂ ᠺᠠᠩ ᠬᠠᠢ ᠷᠦᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠪᠠ᠂ ᠳᠠᠷᠠᠭ᠎ᠠ ᠪᠠᠷ ᠨᠢ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠪᠠ᠃ ᠤᠯᠠᠨ ᠢᠶᠠᠷ ᠢᠶᠠᠨ ᠰᠢᠭᠤᠳ ᠶᠠᠷᠢᠵᠤ᠂ ᠭᠤᠣᠯ ᠰᠡᠳᠦᠪ ᠲᠡᠭᠡᠨ ᠰᠢᠭᠤᠳ ᠣᠷᠣᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠵᠦ᠂ ᠦᠵᠡᠯ ᠰᠠᠨᠠᠭ᠎ᠠ ᠪᠠᠨ ᠮᠥᠷᠭᠦᠯᠳᠦᠭᠦᠯᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠬᠥᠭᠵᠢᠭᠡᠬᠦ ᠵᠣᠷᠢᠯᠭ᠎ᠠ ᠳᠠᠭᠠᠨ ᠬᠦᠷᠴᠡᠢ᠃       ᠺᠠᠩ ᠬᠠᠶ ᠷᠦᠢ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠭᠰᠠᠨ ᠨᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠪᠦᠷᠢᠯᠳᠦᠬᠦᠨ ᠨᠡᠷ ︽ᠬᠤᠶᠠᠷ ᠢ ᠲᠣᠭᠲᠠᠭᠠᠬᠤ︾᠎ ᠶᠢ ᠲᠦᠷᠦᠭᠦᠯᠡᠨ ᠬᠦᠷᠢᠶᠡᠯᠡᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠪᠣᠳᠠᠲᠠᠶ ᠠᠰᠠᠭᠤᠳᠠᠯ ᠢ ᠰᠢᠶᠳᠪᠦᠷᠢᠯᠡᠬᠦ᠂ ᠠᠵᠢᠯ ᠦᠶᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃ ᠪᠡᠶ᠎ᠡ ᠪᠠᠷ ᠢᠶᠠᠨ ᠲᠦᠷᠦᠭᠦᠯᠡᠨ ᠪᠦᠯᠬᠦᠮᠳᠡᠯ ᠨᠢᠭᠡᠳᠦᠯ ᠢ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠭᠤᠶᠢᠪᠢᠰᠢ ᠦᠭᠡᠶ ᠪᠠᠷᠢᠮᠲᠠᠯᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠥᠪ ᠣᠨᠣᠪᠴᠢᠲᠠᠶ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠤᠬᠡ ᠶᠢᠨ ᠦᠵᠡᠯᠲᠡ᠂ ᠰᠣᠶᠣᠯ ᠤᠨ ᠦᠵᠡᠯᠲᠡ ᠶᠢ ᠪᠣᠶ ᠪᠣᠯᠭᠠᠵᠤ᠂ ᠠᠷᠠᠳ ᠣᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠶᠢ ᠨᠢᠭᠲᠠᠷᠠᠭᠤᠯᠤᠨ᠂ ᠮᠠᠨ ᠤ  ᠲᠤᠭᠤᠷᠢᠭ ᠤᠨ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠶᠡᠭᠡ ᠰᠠᠶᠢᠨ ᠪᠠᠶᠢᠳᠠᠯ ᠢ ᠬᠤᠪᠢ ᠳᠠᠬᠢᠨ ᠨᠠᠨᠳᠢᠩᠨᠠᠨ᠂  ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠯᠬᠦᠮᠳᠡᠨ ᠨᠢᠭᠡᠳᠴᠦ ᠠᠵᠢᠯ ᠦᠶᠯᠡᠰ ᠲᠡᠭᠡᠨ ᠵᠢᠳᠬᠦᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ ᠰᠠᠶᠢᠨ ᠰᠠᠶᠢᠬᠠᠨ ᠪᠠᠶᠢᠳᠠᠯ ᠢ ᠬᠠᠮᠲᠤᠪᠠᠷ ᠪᠣᠶ ᠪᠣᠯᠭᠠᠨ᠎ᠠ᠃       ᠺᠠᠩ ᠬᠠᠢ ᠷᠦᠢ ᠴᠢᠬᠤᠯᠠᠴᠢᠯᠠᠭᠰᠠᠨ ᠨᠢ ᠂ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠵᠤ᠂ ᠨᠠᠮ ᠤᠨ ᠬᠤᠷᠠᠮᠳᠤᠭᠤᠯᠤᠭᠰᠠᠨ ᠠᠭᠤᠤ ᠶᠡᠭᠡ ᠲᠡᠮᠡᠴᠡᠯ ᠤᠨ ᠲᠤᠷᠰᠢᠯᠭ᠎ᠠ ᠶᠢ ᠰᠠᠶᠢᠲᠤᠷ ᠠᠰᠢᠭᠯᠠᠵᠤ᠂ ᠤᠬᠠᠮᠰᠠᠷ ᠠᠴᠠ ᠪᠠᠨ ᠲᠡᠮᠡᠴᠡᠯ ᠤᠨ ᠳᠠᠪᠲᠠᠯᠲᠠ ᠪᠠᠨ ᠴᠢᠩᠭᠠᠳᠬᠠᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ︽ᠨᠢᠭᠡ ᠬᠠᠷᠠᠯᠲᠠ︾᠂ ︽ᠭᠤᠷᠪᠠᠨ ᠵᠣᠬᠢᠶᠠᠯ︾᠂ ︽ᠭᠤᠷᠪᠠᠨ ᠥᠨᠳᠦᠷᠯᠢᠭ︾᠂ ︽ᠲᠠᠪᠤᠨ ᠶᠡᠭᠡ ᠠᠵᠤ ᠦᠢᠯᠡᠰ ᠤᠨ ᠰᠠᠭᠤᠷᠢᠨ︾᠎ ᠤ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠲᠤᠤᠱᠯᠠᠭᠤᠯᠬᠤ ᠲᠠᠯ᠎ᠠ ᠪᠠᠷ ᠦᠷ᠎ᠡ ᠪᠦᠲᠦᠮᠵᠢ ᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠲᠠᠢ ᠪᠤᠯᠵᠤ᠂ ᠰᠢᠨ᠎ᠡ ᠶᠢ ᠡᠭᠦᠳᠬᠦ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠲᠦᠷᠦᠭᠦᠯᠡᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠵᠢᠨᠢᠩ ᠤᠨ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃         ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠶᠠᠨ ᠵᠢᠶᠦ᠋ᠨ᠂  ᠲᠤᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠠᠨ ᠵᠥᠩ ᠫᠢᠩ ᠬᠤᠷᠠᠯ ᠳᠤ ᠰᠤᠯᠠ ᠣᠷᠣᠯᠴᠠᠪᠠ᠃                         ᠵᠢᠷᠤᠭ᠄ ᠰᠢᠦᠢ ᠵᠢᠩ                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2