ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2022/2/9
jnqzfw_202112117315.jpg
ᠰᠤᠷᠪᠤᠯᠵᠢᠯᠠᠭᠰᠠᠨ ᠴᠠᠭ ᠄ 2022-01-04ᠰᠤᠷᠪᠤᠯᠵᠢᠯᠠᠭᠰᠠᠨ ᠵᠣᠴᠢᠨ ᠄  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ    ᠺᠠᠩ ᠬᠠᠶ ᠷᠦᠢ          ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠮᠥᠴᠡ ᠳᠤ᠂ ᠨᠠᠮ ᠪᠣᠯᠤᠨ ᠠᠷᠠᠳ ᠲᠦᠮᠡᠨ ᠤ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠢᠯᠠᠩᠭᠤᠶ᠎ᠠ ᠪᠥᠬᠦᠳᠡ ᠬᠤᠷᠠᠯ ᠠᠴᠠ ᠪᠠᠲᠤᠯᠠᠭᠰᠠᠨ ︽ᠰᠢᠶᠳᠪᠦᠷᠢ︾᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠭᠤᠣᠯᠳᠠᠯᠭ᠎ᠠ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠶᠢ ᠡᠭᠦᠳᠴᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠶᠢᠨ ᠪᠡᠯᠭᠡ ᠲᠡᠮᠳᠡᠭ ᠮᠥᠨ᠂ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯᠯᠠᠭᠠᠨ ᠤ ᠵᠦᠭᠯᠡᠭᠦᠷ ᠮᠥᠨ᠂ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠮᠠᠨ ᠤ ᠨᠠᠮ ᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠨᠡᠶᠢᠲᠡᠯᠡᠭᠰᠡᠨ ᠲᠤᠩᠬᠠᠭ ᠪᠢᠴᠢᠭ᠂ ᠲᠠᠶᠢᠴᠢᠯᠠᠯᠳᠠ ᠶᠢᠨ ᠵᠠᠷᠯᠢᠭ ᠮᠥᠨ᠃          ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠺᠠᠩ ᠬᠠᠶ ᠷᠦᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠶᠢᠰᠢᠳᠠ ᠶᠢᠨ ᠠᠵᠢᠯ ᠳᠤᠮᠳᠠ᠂ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠤᠬᠠᠭᠤᠯᠬᠤ᠂ ᠲᠤᠤᠱᠯᠠᠭᠤᠯᠬᠤ ᠶᠢ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢ ᠬᠥᠪᠴᠢᠯᠡᠵᠦ᠂ ᠴᠢᠭᠯᠡᠯ ᠢ ᠵᠢᠭᠠᠵᠤ᠂ ᠤᠬᠠᠮᠰᠠᠷ ᠠᠴᠠ ᠪᠠᠨ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠴᠢᠳᠠᠯ ᠢᠶᠠᠨ ᠬᠤᠷᠠᠮᠳᠤᠭᠤᠯᠵᠤ᠂ ᠤᠬᠠᠮᠰᠠᠷ ᠠᠴᠠ ᠪᠠᠨ ᠲᠡᠦᠬᠡ ᠪᠠᠷ ᠪᠣᠳᠠᠲᠤ ᠠᠬᠤᠶ ᠶᠢ ᠲᠤᠰᠬᠠᠵᠤ᠂ ᠠᠯᠤᠰ ᠢᠷᠡᠭᠡᠳᠦᠶ ᠶᠢ ᠪᠠᠷᠠᠯᠠᠬᠤᠶ᠎ᠠ᠂ ︽ᠠᠷᠪᠠ ᠶᠢ ᠪᠠᠷᠢᠮᠲᠠᠯᠠᠬᠤ︾᠎ ᠶᠢ ᠠᠯᠢᠪᠠ ᠠᠵᠢᠯ ᠤᠨ ᠳᠤᠮᠳᠠ ᠪᠠᠨ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠨᠠᠮ ᠤᠨ ᠲᠥᠪ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠳᠤ ᠣᠯᠭᠤᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠮᠠᠨ ᠤ  ᠲᠤᠭᠤᠷᠢᠭ ᠤᠨ ︽ᠨᠢᠭᠡ ᠬᠠᠷᠠᠯᠲᠠ︾᠎ ᠶᠢᠨ ᠲᠣᠭᠤᠷᠢᠨ ᠳᠤ᠂ ︽ᠭᠤᠷᠪᠠᠨ ᠠᠵᠢᠯ︾᠎ ᠢ ᠰᠠᠶᠢᠲᠤᠷ ᠬᠢᠵᠦ᠂ ︽ᠭᠤᠷᠪᠠᠨ ᠥᠨᠳᠥᠷ ᠭᠠᠵᠠᠷ︾᠎ ᠢ ᠴᠣᠭᠴᠠᠯᠠᠨ᠂ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾᠎ ᠢ ᠪᠤᠶᠢᠵᠢᠭᠤᠯᠬᠤ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ︽ᠭᠠᠪᠢᠶ᠎ᠠ ᠵᠢᠳᠬᠦᠯ ᠨᠢ ᠮᠢᠨᠦ ᠳᠡᠭᠡᠷ᠎ᠡ ᠪᠠᠶᠢᠬᠤ ᠪᠢᠰᠢ᠂ ᠭᠠᠪᠢᠶ᠎ᠠ ᠵᠢᠳᠬᠦᠯ ᠨᠢ ᠯᠠᠪᠲᠠᠢ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠢᠲᠡᠭᠡᠯ ᠵᠣᠷᠢᠭ ᠢᠶᠠᠷ᠂ ᠵᠢᠨᠢᠩ ᠤᠨ ᠬᠤᠷᠳᠤᠴᠠ ᠶᠢ ᠡᠭᠦᠳᠴᠦ᠂ ᠵᠢᠨᠢᠩ ᠤᠨ ᠠᠭᠤᠷ ᠠᠮᠢᠰᠬᠤᠯ ᠢ ᠵᠤᠵᠠᠭᠠᠳᠬᠠᠵᠤ᠂ ᠵᠢᠨᠢᠩ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠢᠨᠢᠩ ᠤᠨ ᠨᠡᠷᠡᠳᠦ ᠲᠡᠮᠳᠡᠭ ᠢ ᠳᠠᠭᠤᠷᠢᠰᠬᠠᠵᠤ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ  ᠵᠢᠭᠠᠪᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2