ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠳᠥᠭᠦᠮᠴᠢᠯᠡᠪᠡᠴᠦ ᠬᠠᠶᠢᠷ᠎ᠠ ᠰᠡᠳᠬᠢᠯ ᠢ ᠨᠦᠯᠦᠭᠡᠯᠡᠬᠦ ᠥᠬᠡᠶ
ᠨᠡᠶᠢᠲᠡᠯᠡᠭᠰᠡᠨ ᠴᠠᠭ᠄
2022/2/9
460470.jpg
ᠰᠤᠷᠪᠤᠯᠵᠢᠯᠠᠭᠰᠠᠨ ᠴᠠᠭ᠄  2021-01-01ᠰᠤᠷᠪᠤᠯᠵᠢᠯᠠᠭᠰᠠᠨ ᠵᠣᠴᠢᠨ ᠄ ᠵᠢᠨᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ      ᠭᠧ ᠰᠢᠶᠤᠤ ᠬᠤᠩ        ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ︕ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡᠨ ᠤ ᠣᠯᠠᠨ ᠳᠤ ᠤᠷᠢᠵᠤ ᠠᠪᠴᠢᠷᠠᠭᠰᠠᠨ ᠵᠣᠴᠢᠨ ᠪᠣᠯ ᠵᠢᠨᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ  ᠭᠧ ᠰᠢᠶᠤᠤ ᠬᠤᠩ ᠨᠥᠬᠦᠷ ᠪᠣᠯᠤᠨ᠎ᠠ᠃            ᠰᠤᠷᠪᠤᠯᠵᠢᠯᠠᠭᠴᠢ᠄  ᠭᠧ ᠲᠣᠪᠴᠢᠶᠠᠨ ᠳᠠᠷᠤᠭ᠎ᠠ  ᠡ᠂ ᠲᠠ ᠰᠠᠶᠢᠨ  ᠤᠤ︕            ᠭᠧ ᠰᠢᠶᠤᠤ ᠬᠤᠩ᠄ ᠬᠥᠲᠥᠯᠥᠭᠴᠢ ᠰᠠᠶᠢᠨ  ᠤᠤ᠂ ᠰᠦᠯᠵᠢᠶᠡᠨ ᠤ ᠠᠨᠳᠠ ᠨᠠᠷ ᠰᠠᠶᠢᠨ  ᠤᠤ︕         ᠰᠤᠷᠪᠤᠯᠵᠢᠯᠠᠭᠴᠢ᠄ ᠵᠢᠨᠢᠩ ᠲᠣᠭᠤᠷᠢᠭ ᠨᠢ ᠶᠠᠭᠠᠬᠢᠭᠠᠳ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠣᠯᠤᠭᠰᠠᠨ ᠪᠤᠶ ︖᡼           ᠭᠧ ᠰᠢᠶᠤᠤ ᠬᠤᠩ᠄ ᠵᠢᠨᠢᠩ ᠲᠣᠭᠤᠷᠢᠭ ᠤᠨ ᠬᠢᠨ ᠠᠯᠢ ᠡᠷᠲᠡ 2014 ᠣᠨ ᠳᠤ ︽ᠪᠥᠬᠦ ᠤᠯᠤᠰ ᠤᠨ ᠪᠣᠯᠪᠠᠰᠤᠨ ᠬᠤᠲᠠ︾᠎ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠦᠶ᠎ᠡ ᠳᠤ ᠨᠢᠭᠡᠨᠲᠡ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢᠶᠠᠨ ᠡᠬᠢᠯᠡᠭᠦᠯᠦᠭᠰᠡᠨ ᠶᠤᠮ᠃ ᠤᠷᠲᠤ ᠬᠤᠭᠤᠴᠠᠭᠠᠨ ᠤ ᠲᠤᠷᠰᠢ᠂ ᠵᠢᠨᠢᠩ ᠲᠣᠭᠤᠷᠢᠭ ᠤᠨ ᠬᠢᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠶ ᠪᠠᠷ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠪᠠᠷᠢᠮᠲᠠᠯᠠᠵᠤ᠂ ᠤᠷᠤᠭ ᠤᠨ ᠬᠦᠷᠢᠶᠡᠨ ᠳᠠᠬᠢ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠣᠷᠤᠭ ᠤᠨ ᠪᠦᠷᠢᠳᠬᠡᠯ ᠤᠨ ᠦᠶᠯᠡᠴᠢᠯᠡᠭᠡᠨ ᠤ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠣᠷᠤᠭ ᠬᠡᠷ ᠪᠦᠯᠢ ᠶᠢᠨ ᠬᠠᠪᠰᠤᠷᠤᠨ ᠵᠢᠯᠣᠭᠤᠳᠬᠤ ᠦᠶᠯᠡᠴᠢᠯᠡᠭᠡ ᠶᠢ ᠢᠳᠡᠪᠬᠢᠲᠡᠶ ᠥᠷᠨᠢᠭᠦᠯᠦᠨ᠂ ᠲᠥᠬᠦᠮ ᠪᠥᠭᠡᠳ ᠲᠣᠬᠢᠷᠠᠮᠵᠢᠲᠠᠶ ᠦᠨᠡᠮᠯᠡᠯ ᠣᠯᠭᠤᠬᠤ ᠦᠶᠯᠡᠴᠢᠯᠡᠭᠡ ᠵᠡᠷᠭᠡ ᠣᠷᠤᠭ ᠤᠨ ᠶᠣᠰᠣ ᠵᠢᠷᠤᠮ ᠢ ᠵᠣᠬᠢᠶᠠᠨ ᠪᠠᠶᠢᠭᠤᠯᠤᠨ ᠳᠡᠯᠭᠡᠷᠡᠭᠦᠯᠵᠦ᠂ ᠣᠷᠤᠭ ᠤᠨ ᠰᠣᠶᠣᠯ ᠢ ᠤᠯᠠᠮᠵᠢᠯᠠᠨ ᠳᠡᠯᠭᠡᠷᠡᠭᠦᠯᠬᠦ ᠭᠤᠤᠯ ᠰᠡᠳᠦᠪᠲᠦ ᠵᠤᠭᠠᠴᠠᠯ ᠤᠨ ᠬᠦᠷᠢᠶᠡᠯᠡᠩ ᠢ ᠪᠣᠶ ᠪᠣᠯᠭᠠᠵᠤ᠂ ᠬᠡᠷ ᠤᠨ ᠰᠤᠷᠲᠠᠯ ᠬᠡᠷ ᠤᠨ ᠰᠤᠷᠭᠠᠯ ᠤᠨ ᠤᠯᠠᠮᠵᠢᠯᠠᠯᠲᠤ ᠰᠣᠶᠣᠯ ᠢ ᠠᠭᠤᠳᠠᠯᠤᠨ ᠪᠠᠳᠠᠷᠠᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠠᠷᠠᠳ ᠤᠨ ᠰᠤᠷᠲᠠᠯ ᠢ ᠲᠠᠰᠤᠷᠠᠯᠲᠠ ᠥᠬᠡᠶ ᠰᠠᠶᠢᠨ ᠵᠦᠭ ᠲᠤ ᠬᠥᠭᠵᠢᠭᠦᠯᠬᠦ ᠶᠢ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠰᠠᠶᠢᠨ ᠰᠠᠶᠢᠬᠠᠨ ᠣᠷᠤᠭ ᠤᠨ ᠬᠡᠪ ᠰᠤᠷᠲᠠᠯ ᠨᠢᠭᠡᠨᠲᠡ ᠠᠩᠬ᠎ᠠ ᠠᠯᠬᠤᠮ ᠪᠦᠷᠢᠯᠳᠦᠪᠡ᠃ 2020 ᠣᠨ ᠳᠤ ᠠᠷᠠᠳ ᠤᠨ ᠶᠠᠪᠤᠳᠠᠯ ᠤᠨ ᠶᠠᠮᠤᠨ ᠤ ︽ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠵᠢᠯᠣᠭᠤᠳᠬᠤ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ ᠤᠯᠠᠮ ᠨᠢᠭᠡ ᠠᠯᠬᠤᠮ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠣᠷᠤᠭ ᠤᠨ ᠵᠣᠯ ᠵᠢᠷᠭᠠᠯ᠂ ᠬᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠤᠨ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠥᠬᠦ ᠤᠯᠤᠰ ᠤᠨ ᠪᠣᠯᠪᠠᠰᠤᠨ ᠬᠤᠲᠠ︾᠎ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ︽ᠬᠤᠷᠢᠮ ᠪᠡᠯᠪᠡᠰᠦᠷᠡᠯ ᠶᠣᠰᠣᠯᠠᠯ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ︾᠂ ︽ᠵᠠᠩ ᠳᠠᠳᠬᠠᠯ ᠢ ᠥᠭᠡᠷᠡᠴᠢᠯᠡᠬᠦ︾ ᠵᠡᠷᠭᠡ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠭᠤᠯᠭ᠎ᠠ ᠶᠢ ᠰᠢᠯᠭᠠᠨ ᠦᠨᠡᠯᠡᠬᠦ ᠰᠢᠰᠲ᠋ᠧᠮ ᠳᠤ ᠣᠷᠣᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠳᠣᠭᠢᠷᠠᠭᠤᠯᠤᠨ ᠪᠠᠶᠢᠷᠢᠯᠠᠭᠤᠯᠪᠠ᠃ ︽ᠵᠢᠨᠢᠩ ᠲᠣᠭᠤᠷᠢᠭ ᠤᠨ 2020 ᠣᠨ ᠤ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠪᠥᠭᠡᠳ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ ︽ᠪᠥᠬᠦ ᠤᠯᠤᠰ ᠤᠨ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾᠎ ᠢ ᠢᠳᠡᠪᠬᠢᠲᠡᠶ ᠮᠡᠳᠡᠭᠦᠯᠵᠦ᠂ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠵᠢᠯ ᠭᠠᠷᠤᠶ ᠶᠢᠨ ᠴᠢᠷᠮᠠᠶᠢᠯᠭ᠎ᠠ ᠪᠠᠷ ᠳᠡᠮᠵᠢᠨ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠦᠴᠦᠲᠡᠶ᠂ ᠰᠢᠨ᠎ᠡ ᠶᠢ ᠡᠭᠦᠳᠬᠦ ᠤᠬᠠᠮᠰᠠᠷ ᠴᠢᠩᠭ᠎ᠠ᠂ ᠠᠵᠢᠯ ᠤᠨ ᠴᠢᠭᠯᠡᠯ ᠲᠣᠳᠣᠷᠬᠠᠶ᠂ ᠣᠯᠠᠨ ᠲᠦᠮᠡᠨ ᠤ ᠰᠠᠭᠤᠷᠢ ᠯᠠᠪᠳᠠᠭᠤᠨ ᠪᠠᠲᠤᠲᠠᠶ ᠪᠠᠷ ᠣᠨᠴᠠᠯᠢᠭ ᠪᠣᠯᠭᠠᠭᠰᠠᠨ ᠠᠵᠢᠯ ᠤᠨ ᠪᠣᠳᠠᠲᠤ ᠠᠮᠵᠢᠯᠲᠠ ᠣᠯᠵᠤ᠂ 2020 ᠣᠨ ᠤ 11 ᠰᠠᠷ᠎ᠠ ᠳᠤ ᠠᠷᠠᠳ ᠤᠨ ᠶᠠᠪᠤᠳᠠᠯ ᠤᠨ ᠶᠠᠮᠤᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠥᠭᠡᠳ 2021 ᠣᠨ ᠤ 4 ᠰᠠᠷ᠎ᠠ ᠳᠤ ︽ᠪᠥᠬᠦ ᠤᠯᠤᠰ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾᠎ ᠢᠶᠠᠷ ᠨᠤᠲᠠᠯᠠᠭᠳᠠᠪᠠ᠃         ᠰᠤᠷᠪᠤᠯᠵᠢᠯᠠᠭᠴᠢ᠄ ᠵᠢᠨᠢᠩ ᠲᠣᠭᠤᠷᠢᠭ ᠤᠨ ᠬᠤᠷᠢᠮ ᠤᠨ ᠵᠠᠩ ᠳᠠᠳᠬᠠᠯ ᠳᠤ ᠶᠠᠮᠠᠷ ᠶᠠᠮᠠᠷ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠣᠷᠣᠰᠢᠵᠤ ᠪᠠᠶᠢᠬᠤ ᠪᠣᠶ︖          ᠭᠧ ᠰᠢᠶᠤᠤ ᠬᠤᠩ᠄ ᠬᠤᠷᠢᠮ ᠤᠨ ᠵᠠᠩ ᠳᠠᠳᠬᠠᠯ ᠨᠢ ᠨᠢᠭᠡ ᠵᠦᠶᠯ ᠤᠨ ᠨᠡᠶᠢᠭᠡᠮ ᠤᠨ ᠦᠵᠡᠭᠳᠡᠯ ᠪᠣᠯᠤᠭᠰᠠᠨ ᠤ ᠬᠤᠪᠢ ᠳᠤ᠂ ᠥᠪᠡᠷ ᠤᠨ ᠬᠢᠨᠢ ᠬᠥᠭᠵᠢᠯᠲᠡ ᠶᠢᠨ ᠵᠢᠮ᠎ᠡ ᠶᠣᠰᠣ ᠲᠠᠢ᠂ ᠡᠯ᠎ᠡ ᠴᠠᠭ ᠦᠶ᠎ᠡ᠂ ᠡᠯ᠎ᠡ ᠭᠠᠵᠠᠷ ᠣᠷᠣᠨ ᠤ ᠵᠠᠩ ᠳᠠᠳᠬᠠᠯ ᠨᠢ ᠪᠦᠷ ᠠᠳᠠᠯᠢ ᠥᠬᠡᠶ ᠪᠠᠶᠢᠳᠠᠭ᠃ ᠮᠠᠨ ᠤ ᠤᠯᠤᠰ ᠤᠨ ᠤᠯᠤᠰ ᠤᠨ ᠶᠡᠷᠦᠩᠬᠡᠶ ᠬᠦᠴᠦᠨ ᠤ ᠡᠳᠦᠷ ᠢᠷᠡᠬᠦᠶ᠎ᠡ ᠬᠦᠴᠦᠷᠬᠡᠭᠵᠢᠬᠦ ᠶᠢ ᠳᠠᠭᠠᠯᠳᠤᠨ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠪᠣᠳᠠᠰ ᠤᠨ ᠠᠮᠢᠳᠤᠷᠠᠯ ᠳᠡᠭᠡᠭᠰᠢᠯᠡᠬᠦ ᠶᠢᠨ ᠵᠡᠷᠭᠡᠴᠡᠭᠡᠪᠡᠷ ᠠᠷᠠᠳ ᠤᠯᠠᠨ ᠤᠷᠤᠭ ᠬᠤᠷᠢᠮ ᠤᠨ ᠶᠣᠰᠣ ᠵᠢᠷᠤᠮ ᠢ ᠥᠩᠭᠡᠷᠡᠭᠰᠡᠨ ᠤ ᠬᠢ ᠠᠴᠠ ᠨᠡᠩ ᠢᠯᠡᠭᠦᠦ ᠴᠢᠬᠤᠯᠠᠴᠢᠯᠠᠵᠤ ᠪᠠᠶᠢᠨ᠎ᠠ᠃ ᠭᠡᠪᠡᠴᠦ ᠬᠡᠰᠡᠭ ᠬᠥᠮᠦᠰ ᠢᠯᠵᠠᠷᠠᠮᠠᠯ ᠤᠷᠤᠬ ᠤᠨ ᠦᠵᠡᠯ ᠰᠠᠨᠠᠭ᠎ᠠ ᠪᠠ ᠢᠨᠲ᠋ᠤᠷ ᠰᠦᠯᠵᠢᠶᠡᠨ ᠤ ᠡᠷᠡᠭᠦᠯ ᠪᠤᠰᠤ ᠮᠡᠳᠡᠭᠡ ᠵᠠᠩᠭᠢ ᠶᠢᠨ ᠨᠥᠯᠥᠭᠡ ᠶᠢ ᠬᠦᠷᠳᠡᠵᠦ᠂ ᠣᠳᠣᠬᠠᠨ ᠤ ᠤᠷᠤᠬ ᠤᠨ ᠵᠠᠩ ᠳᠠᠳᠬᠠᠯ ᠳᠤ ᠪᠠᠶᠠᠨ ᠢᠶᠠᠨ ᠭᠠᠶᠢᠬᠠᠭᠤᠯᠬᠤ᠂ ᠮᠠᠭᠤ ᠵᠠᠩᠰᠢᠯ ᠲᠠᠢ ᠤᠷᠤᠬ ᠤᠨ ᠦᠢᠮᠡᠭᠡᠨ ᠭᠠᠷᠭᠠᠬᠤ᠂ ᠪᠦᠷᠢᠯᠭᠡᠨ ᠰᠦᠢᠳᠬᠡᠬᠦ ᠵᠡᠷᠭᠡ ᠠᠰᠠᠭᠤᠳᠠᠯ ᠢᠯᠡᠷᠡᠵᠦ ᠪᠠᠶᠢᠨ᠎ᠠ᠃         ᠤᠷᠤᠬ ᠤᠨ ᠵᠠᠩᠰᠢᠯ ᠤᠨ ᠥᠭᠡᠷᠡᠴᠢᠯᠡᠯᠲᠡ ᠪᠣᠯ ᠨᠢᠭᠡᠨ ᠶᠡᠷᠦᠩᠬᠡᠶᠢᠯᠡᠭᠰᠡᠨ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ᠂ ᠲᠦᠷᠦ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠂ ᠲᠠᠬᠢᠨ ᠳᠠᠪᠲᠠᠬᠤ ᠴᠢᠨᠠᠷ ᠢᠶᠠᠷ ᠶᠡᠭᠡ᠂ ᠬᠦᠴᠢᠷ ᠤᠨ ᠬᠡᠮᠵᠢᠶ᠎ᠡ ᠪᠠᠷ ᠮᠠᠰᠢ ᠭᠦᠨ ᠪᠠᠶᠢᠳᠠᠭ ᠪᠣᠯᠬᠤᠷ ᠪᠦᠬᠦ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠢᠴᠢᠯᠠᠵᠤ᠂ ᠠᠵᠢᠯ ᠢᠶᠠᠨ ᠬᠤᠪᠢᠳᠠᠨ ᠬᠠᠮᠲᠤᠷᠠᠨ ᠠᠵᠢᠯᠯᠠᠬᠤ ᠴᠢᠬᠤᠯᠠᠲᠠᠶ ᠶᠤᠮ᠃ ᠡᠩ ᠲᠡᠷᠢᠭᠦᠨ ᠳᠤ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠎ᠠ᠂ ᠳᠠᠷᠤᠶ ᠡᠯ᠎ᠡ ᠲᠥᠷᠥᠯ ᠤᠨ ᠵᠠᠭᠤᠴᠢᠯᠠᠭᠤᠷ ᠤᠨ ᠬᠢᠨ ᠤ ︽ᠪᠣᠯᠪᠠᠰᠤᠨ ᠬᠤᠷᠢᠮ ᠤᠨ ᠵᠠᠩ ᠳᠠᠳᠬᠠᠯ︾᠎ ᠤᠨ ᠤᠬᠠᠭᠤᠯᠭ᠎ᠠ ᠶᠢᠨ ᠤᠳᠤᠷᠢᠳᠤᠮᠵᠢ ᠶᠢ ᠡᠵᠡᠮᠳᠡᠬᠦ ᠶᠢ ᠰᠠᠨᠠᠭᠠᠴᠢᠯᠠᠨ᠎ᠠ᠃ ᠶᠡᠭᠡ ᠪᠠᠷ ᠪᠡᠯᠡᠳᠬᠡᠬᠦ᠂ ᠪᠠᠶᠠᠨ ᠡᠷᠬᠢᠮ ᠢᠶᠠᠨ ᠭᠠᠶᠢᠬᠠᠭᠤᠯᠬᠤ᠂ ᠤᠯᠠᠨ ᠨᠡᠶᠢᠲᠡ ᠶᠢᠨ ᠡᠬᠢ ᠪᠠᠶᠠᠯᠢᠭ ᠢ ᠡᠵᠡᠯᠡᠨ ᠬᠡᠷᠡᠭᠯᠡᠬᠦ᠂ ᠪᠤᠯᠬᠢ ᠪᠦᠳᠦᠭᠦᠯᠢᠭ ᠤᠷᠤᠬ ᠤᠨ ᠠᠵᠢᠯᠯᠠᠭ᠎ᠠ ᠬᠢᠬᠦ ᠵᠡᠷᠭᠡ ᠤᠷᠤᠬ ᠤᠨ ᠮᠠᠭᠤ ᠳᠠᠳᠬᠠᠯ ᠢ ᠰᠢᠭᠦᠮᠵᠢᠯᠡᠨ᠎ᠡ᠃ ︽ᠪᠠᠶᠠᠷ ᠤᠨ ᠶᠠᠪᠤᠳᠠᠯ ᠢ ᠡᠷᠬᠢᠮᠯᠡᠭᠰᠡᠨ︾ ᠨᠡᠶᠢᠲᠡᠯᠢᠭ ᠬᠡᠷᠡᠭ ᠤᠨ ᠵᠢᠱᠢᠶ᠎ᠡ ᠶᠢ ᠶᠡᠭᠡ ᠪᠠᠷ ᠠᠭᠤᠳᠠᠯᠤᠨ ᠮᠡᠳᠡᠭᠡᠯᠡᠵᠦ᠂ ᠤᠷᠤᠬ ᠤᠨ ᠵᠠᠩᠰᠢᠯ ᠤᠨ ᠥᠭᠡᠷᠡᠴᠢᠯᠡᠯᠲᠡ ᠶᠢᠨ ᠰᠢᠨ᠎ᠡ ᠰᠤᠷᠲᠠᠯ ᠢ ᠬᠥᠮᠦᠨ ᠪᠦᠬᠦᠨ ᠳᠤ ᠮᠡᠳᠡᠭᠦᠯᠪᠡ᠃ ᠳᠠᠷᠠᠭᠠᠯᠠᠪᠠᠯ᠂ ᠵᠠᠮ ᠬᠠᠷᠢᠯᠴᠠᠭ᠎ᠠ᠂ ᠬᠤᠲᠠ ᠶᠢᠨ ᠬᠠᠮᠢᠶᠠᠷᠤᠯᠲᠠ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ᠂ ᠵᠢᠱᠢᠶᠡᠯᠡᠪᠡᠯ ᠤᠷᠤᠭᠯᠠᠬᠤ ᠲᠡᠷᠭᠡᠨ ᠠᠩᠭᠢ ᠶᠢᠨ ᠤᠯᠠᠭᠠᠨ ᠳ᠋ᠧᠩ ᠠᠴᠠ ᠵᠥᠷᠢᠴᠡᠬᠦ᠂ ᠵᠠᠮ ᠡᠵᠡᠯᠡᠨ ᠳᠦᠷᠰᠦ ᠰᠢᠩᠭᠡᠭᠡᠬᠦ᠂ ᠳᠤᠷ᠎ᠠ ᠪᠠᠷ ᠢᠶᠠᠨ ᠲᠡᠷᠭᠡ ᠵᠣᠭᠰᠣᠭᠠᠬᠤ᠂ ᠵᠠᠮ ᠬᠠᠷᠢᠯᠴᠠᠭ᠎ᠠ ᠶᠢ ᠪᠥᠭᠯᠡᠬᠦ᠂ ᠨᠣᠮᠧᠷ ᠤᠨ ᠫᠠᠶᠢᠰᠠ ᠶᠢ ᠬᠠᠯᠬᠠᠯᠠᠬᠤ᠂ ᠬᠡᠲᠦ ᠥᠨᠳᠥᠷ ᠢᠶᠠᠷ ᠥᠭᠡᠷᠡᠴᠢᠯᠡᠨ ᠤᠭᠰᠠᠷᠠᠬᠤ᠂ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠶᠢᠨ ᠺᠠᠳ᠋ᠷ᠂ ᠠᠵᠢᠯᠳᠠᠨ ᠠᠵᠢᠯᠴᠢᠨ ᠢᠶᠠᠷ ᠦᠷᠭᠦᠯᠵᠢᠯᠡᠨ ᠦᠯᠢᠭᠡᠷ ᠳᠠᠭᠤᠷᠢᠶᠠᠯ ᠪᠣᠯᠭᠠᠵᠤ᠂ ᠪᠣᠯᠪᠠᠰᠤᠨ᠂ ᠠᠷᠪᠢᠴᠢ ᠭᠠᠮᠲᠠᠶ᠂ ᠡᠷᠡᠭᠦᠯ ᠰᠠᠷᠠᠭᠤᠯ ᠬᠤᠷᠢᠮ ᠤᠨ ᠶᠣᠰᠣᠯᠠᠯ ᠢ ᠲᠦᠷᠦᠭᠦᠯᠡᠨ ᠡᠷᠬᠢᠯᠡᠵᠦ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠤᠣᠯᠳᠠᠯᠭ᠎ᠠ ᠲᠠᠢ ᠪᠠᠷ ᠰᠠᠶᠢᠲᠤᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢᠶᠠᠷ ᠠᠷᠠᠳ ᠤᠨ ᠰᠤᠷᠲᠠᠯ ᠢ ᠲᠠᠶᠢᠢᠴᠢᠯᠠᠨ᠎ᠠ᠃ ᠬᠠᠮᠤᠭ ᠤᠨ ᠰᠡᠭᠦᠯ ᠳᠤ᠂ ᠣᠷᠤᠭ ᠤᠨ ᠪᠦᠷᠢᠳᠬᠡᠯ ᠤᠨ ᠪᠠᠶᠢᠭᠤᠯᠭ᠎ᠠ ᠶᠢᠨ ᠦᠶᠯᠡᠴᠢᠯᠡᠭᠡᠨ ᠤ ᠠᠭᠤᠯᠭ᠎ᠠ ᠶᠢ ᠨᠡᠮᠡᠵᠦ᠂ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠨᠡᠮᠡᠭᠳᠡᠭᠦᠯᠦᠨ᠎ᠡ᠂ ᠵᠢᠱᠢᠶᠡᠯᠡᠪᠡᠯ ᠬᠡᠷ ᠲᠤᠨᠢ ᠬᠦᠷᠴᠦ ᠦᠶᠯᠡᠴᠢᠯᠡᠬᠦ᠂ ︽ᠡᠷᠡᠭᠦᠯ ᠡᠩᠬᠡ᠂ ᠪᠣᠯᠪᠠᠰᠤᠨ ᠬᠤᠷᠢᠮ ᠤᠨ ᠶᠣᠰᠣᠯᠠᠯ ᠤᠨ ᠠᠮᠠᠯᠠᠯᠲᠠ ᠶᠢᠨ ᠪᠢᠴᠢᠭ︾᠎ ᠲᠤ ᠭᠠᠷ ᠤᠨ ᠥᠰᠥᠭ ᠵᠢᠷᠤᠬᠤ᠂ ᠦᠨᠡᠮᠯᠡᠯ ᠣᠯᠭᠤᠬᠤ ᠪᠠ ᠲᠠᠩᠭᠠᠷᠢᠭᠯᠠᠬᠤ ᠨᠢ ᠰᠢᠨ᠎ᠡ ᠬᠥᠮᠦᠨ ᠨᠢᠭᠡᠪᠦᠷᠢ ᠳᠤ ᠬᠤᠯᠪᠣᠭᠳᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ᠂ ᠨᠡᠶᠢᠭᠡᠮ ᠲᠣᠭᠤᠷᠢᠭ ᠤᠨ ᠲᠠᠪᠤᠨ ᠬᠤᠷᠰᠢᠶ᠎ᠠ ᠶᠢᠨ ᠬᠤᠯᠪᠣᠭᠠᠯᠠᠨ ᠬᠥᠳᠡᠯᠦᠯᠴᠡᠬᠦ ᠦᠶᠯᠡᠴᠢᠯᠡᠭᠡ ᠥᠷᠨᠢᠭᠦᠯᠬᠦ ᠵᠡᠷᠭᠡ ᠪᠣᠯᠤᠨ᠎ᠠ᠃ ᠤᠷᠤᠭ ᠤᠨ ᠵᠠᠩᠰᠢᠯ ᠤᠨ ᠥᠭᠡᠷᠡᠴᠢᠯᠡᠯᠲᠡ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ ᠠᠵᠢᠯ ᠮᠥᠨ᠂ ᠭᠠᠭᠴᠠ ᠬᠦ ᠲᠦᠷᠦ ᠶᠢᠨ ᠪᠤᠳᠤᠯᠭ᠎ᠠ ᠳᠤ ᠲᠦᠰᠢᠭᠯᠡᠵᠦ᠂ ᠨᠡᠶᠢᠭᠡᠮ ᠤᠨ ᠡᠯ᠎ᠡ ᠡᠲᠡᠭᠡᠳ ᠪᠣᠯᠤᠨ ᠪᠦᠬᠦ ᠣᠷᠣᠨ ᠤ ᠥᠷᠭᠡᠨ ᠤᠯᠠᠨ ᠠᠷᠠᠳ ᠲᠦᠮᠡᠨ ᠤ ᠬᠠᠮᠲᠤ ᠶᠢᠨ ᠣᠷᠣᠯᠴᠠᠯᠭ᠎ᠠ ᠳᠤ ᠲᠦᠰᠢᠭᠯᠡᠵᠦ᠂ ᠴᠥᠬᠦᠷᠡᠰᠢ ᠦᠭᠡᠢ ᠴᠢᠷᠮᠠᠶᠢᠪᠠᠯ ᠰᠠᠶ᠋ᠢ ᠪᠡᠶᠡᠯᠡᠭᠳᠡᠬᠦ ᠪᠣᠯᠤᠯᠴᠠᠭ᠎ᠠ ᠲᠠᠢ ᠶᠤᠮ᠃        ᠰᠤᠷᠪᠤᠯᠵᠢᠯᠠᠭᠴᠢ᠄ ᠤᠷᠤᠭ ᠤᠨ ᠪᠦᠷᠢᠳᠬᠡᠯ ᠤᠨ ᠲᠥᠪ ᠨᠢ ᠰᠢᠨ᠎ᠡ ᠬᠥᠮᠦᠨ ᠤ ᠵᠣᠯ ᠵᠢᠷᠭᠠᠯ ᠢ ᠭᠡᠷᠡᠴᠢᠯᠡᠵᠦ ᠪᠠᠶᠢᠨ᠎ᠠ᠂ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠤᠷᠤᠭ ᠤᠨ ᠪᠦᠷᠢᠳᠬᠡᠯ ᠤᠨ ᠲᠥᠪ ᠲᠤ ᠶᠠᠮᠠᠷ ᠲᠤᠰᠢᠶᠠᠯ ᠬᠠᠷᠢᠭᠤᠴᠠᠯᠭ᠎ᠠ ᠪᠠ ᠦᠢᠯᠡᠳᠦᠯ ᠲᠠᠢ ᠪᠤᠶ ᡼︖           ᠭᠧ ᠰᠢᠶᠤᠤ ᠬᠤᠩ᠄ ᠣᠶᠢᠷ᠎ᠠ ᠶᠢᠨ ᠵᠢᠯ ᠤᠳ ᠲᠤ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠣᠷᠤᠭ ᠤᠨ ᠪᠦᠷᠢᠳᠬᠡᠯ ᠤᠨ ᠠᠵᠢᠯ ᠢ ᠲᠦᠢᠯ ᠢᠶᠠᠷ ᠴᠢᠬᠤᠯᠠᠴᠢᠯᠠᠵᠤ᠂ ᠣᠷᠤᠭ ᠤᠨ ᠪᠦᠷᠢᠳᠬᠡᠯ ᠤᠨ ︽ᠴᠢᠳᠠᠮᠵᠢ ᠶᠢᠨ ᠲᠣᠬᠢᠷᠠᠭᠤᠯᠤᠯᠲᠠ ᠶᠢ ᠵᠦᠶ ᠵᠣᠬᠢᠰᠲᠠᠶ ᠪᠣᠯᠭᠠᠬᠤ᠂ ᠪᠦᠷᠢᠳᠬᠡᠯ ᠤᠨ ᠶᠠᠪᠤᠴᠠ ᠶᠢ ᠵᠢᠷᠤᠮᠵᠢᠭᠤᠯᠬᠤ᠂ ᠠᠵᠢᠯᠯᠠᠭᠠᠨ ᠤ ᠬᠠᠮᠢᠶᠠᠷᠤᠯᠲᠠ ᠶᠢ ᠳᠦᠷᠢᠮᠵᠢᠭᠦᠯᠬᠦ᠂ ᠠᠵᠢᠯᠲᠠᠨ ᠤ ᠡᠩᠨᠡᠭᠡ ᠶᠢ ᠲᠤᠰᠬᠠᠶᠢᠵᠢᠭᠤᠯᠬᠤ᠂ ᠳᠣᠲᠣᠨᠣ ᠦᠶᠯᠡᠴᠢᠯᠡᠭᠡ ᠶᠢ ᠳᠥᠭᠦᠮ ᠳᠥᠲᠡ ᠪᠣᠯᠭᠠᠬᠤ︾᠎ ᠶᠢ ᠭᠤᠤᠯᠳᠠᠯᠭ᠎ᠠ ᠲᠠᠢ ᠠᠭᠤᠯᠭ᠎ᠠ ᠪᠣᠯᠭᠠᠨ ᠠᠳᠬᠤᠬᠤ ᠶᠢ ᠢᠮᠠᠭᠲᠠ ᠪᠠᠷᠢᠮᠲᠠᠯᠠᠵᠤ᠂ ᠣᠷᠤᠭ ᠤᠨ ᠪᠦᠷᠢᠳᠬᠡᠯ ᠪᠠ ᠦᠶᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠥᠨᠳᠥᠷ ᠡᠬᠢᠯᠡᠯᠲᠡ᠂ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠪᠠ᠃ 2020 ᠣᠨ ᠳᠤ ᠵᠢᠨᠢᠩ ᠲᠣᠭᠤᠷᠢᠭ ᠤᠨ ᠰᠢᠨ᠎ᠡ ᠬᠠᠭᠤᠴᠢᠨ ᠬᠤᠲᠠ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠭᠠᠵᠠᠷ ᠲᠤ 1000 ᠲᠡᠭᠰᠢ ᠳᠥᠷᠪᠡᠯᠵᠢᠨ ᠮᠧᠲᠷ ᠤᠨ ᠣᠷᠤᠭ ᠤᠨ ᠪᠦᠷᠢᠳᠬᠡᠯ ᠤᠨ ᠲᠠᠯᠠᠪᠤᠷ ᠭᠠᠵᠠᠷ ᠢ ᠪᠠᠯᠠ ᠣᠷᠣᠭᠤᠯᠤᠨ ᠪᠠᠶᠢᠭᠤᠯᠬᠤ ᠶᠢᠨ ᠬᠠᠮᠲᠤ 2021 ᠣᠨ ᠤ 1 ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠠᠰᠢᠭᠯᠠᠯᠲᠠ ᠳᠤ  ᠤᠷᠤᠭᠤᠯᠵᠠᠢ ᠃ ︽ᠨᠢᠭᠡ ᠰᠠᠭᠤᠷᠢ ᠲᠦᠷᠪᠡᠨ ᠦᠷᠦᠭᠡ ᠲᠠᠪᠤᠨ ᠲᠣᠭᠤᠷᠢᠭ︾ ᠭᠠᠷᠭᠠᠨ᠎ᠠ᠂ ᠲᠤᠬᠠᠶᠢᠯᠠᠪᠠᠯ᠄ ︽ᠨᠢᠭᠡ ᠦᠢᠯᠡᠴᠢᠯᠡᠭᠡᠨ ᠤ ᠲᠠᠪᠴᠠᠩ᠂ ᠲᠦᠷᠪᠡᠨ ᠦᠷᠦᠭᠡ᠄ ᠤᠷᠤᠬ ᠤᠨ ᠪᠦᠷᠢᠳᠬᠡᠯ ᠤᠨ ᠲᠠᠰᠤᠭ᠂ ᠤᠷᠤᠬ ᠤᠨ ᠪᠦᠷᠢᠳᠬᠡᠯ ᠤᠨ ᠲᠠᠰᠤᠭ᠂ ᠲᠤᠰᠠᠭᠠᠷ ᠶᠠᠷᠢᠯᠴᠠᠬᠤ ᠲᠠᠰᠤᠭ᠂ ᠭᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠲᠠᠰᠤᠭ ᠂ ᠲᠠᠪᠤᠨ ᠲᠣᠭᠤᠷᠢᠭ᠄ ᠣᠷᠤᠭ ᠤᠨ ᠪᠦᠷᠢᠳᠬᠡᠯ ᠤᠨ ᠲᠣᠭᠤᠷᠢᠭ᠂ ᠣᠷᠤᠭ ᠰᠠᠯᠬᠤ ᠶᠢᠨ ᠪᠦᠷᠢᠳᠬᠡᠯ ᠤᠨ ᠲᠣᠭᠤᠷᠢᠭ᠂ ᠭᠠᠷᠬᠤ ᠪᠠᠷ ᠬᠦᠯᠢᠶᠡᠬᠦ ᠲᠣᠭᠤᠷᠢᠭ᠂ ᠨᠡᠶᠢᠳᠡᠮ ᠬᠡᠷᠡᠭᠯᠡᠬᠦ ᠦᠨᠡᠮᠯᠡᠯ ᠣᠯᠭᠤᠬᠤ ᠲᠣᠭᠤᠷᠢᠭ᠂ ᠲᠤᠰᠠᠭᠠᠷ ᠦᠨᠡᠮᠯᠡᠯ ᠣᠯᠭᠤᠬᠤ ᠲᠣᠭᠤᠷᠢᠭ᠃ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠳᠤ ᠴᠢᠩᠭ᠎ᠠ ᠬᠦᠴᠦᠲᠡᠶ ᠵᠢᠭᠰᠠᠭᠠᠯ ᠤᠨ ᠭᠠᠵᠠᠷ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠵᠢᠯᠣᠭᠤᠳᠬᠤ ᠰᠠᠨᠠᠯ︾ ᠪᠠ ︽ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠣᠷᠤᠭ ᠤᠨ ᠶᠣᠰᠣ ᠰᠤᠷᠲᠠᠬᠤᠨ ᠤ ᠥᠭᠡᠷᠡᠴᠢᠯᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠣᠷᠤᠭ ᠤᠨ ᠪᠦᠷᠢᠳᠬᠡᠯ ᠤᠨ ᠲᠥᠪ ᠨᠢ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠣᠭᠤᠳᠬᠤ᠂ ᠦᠨᠡᠮᠯᠡᠯ ᠣᠯᠭᠤᠬᠤ ᠦᠶᠯᠡᠴᠢᠯᠡᠭᠡ᠂ ᠣᠷᠤᠭ ᠬᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠦᠶᠯᠡᠴᠢᠯᠡᠭᠡ ᠪᠠ ᠣᠷᠤᠭ ᠤᠨ ᠶᠣᠰᠣ ᠰᠤᠷᠲᠠᠬᠤᠨ ᠤ ᠪᠣᠯᠪᠠᠰᠤᠨ ᠢ ᠰᠠᠨᠠᠭᠠᠴᠢᠯᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠤᠭᠤᠳᠤᠯᠭ᠎ᠠ ᠶᠢ ᠥᠷᠨᠢᠭᠦᠯᠬᠦ ᠪᠣᠯ ᠲᠤᠬᠠᠶ ᠶᠢᠨ ᠬᠥᠮᠦᠨ ᠢ ᠬᠠᠪᠰᠤᠷᠤᠨ ᠤᠷᠤᠭ ᠤᠨ ᠪᠠᠶᠢᠳᠠᠯ ᠳᠤ ᠣᠷᠣᠬᠤ᠂ ᠭᠡᠷ ᠪᠦᠯᠢ ᠪᠠᠶᠢᠭᠤᠯᠬᠤ ᠪᠡᠯᠡᠳᠬᠡᠯ ᠢ ᠰᠠᠶᠢᠲᠤᠷ ᠬᠢᠵᠦ᠂ ᠰᠢᠨ᠎ᠡ ᠬᠥᠮᠦᠰ ᠲᠤ ᠥᠪᠡᠷ ᠤᠨ ᠤᠷᠤᠭ ᠪᠠ ᠭᠡᠷ ᠪᠦᠯᠢ ᠪᠠᠨ ᠬᠡᠷᠬᠢᠨ ᠰᠠᠶᠢᠲᠤᠷ ᠡᠵᠡᠩᠨᠡᠨ ᠬᠠᠮᠢᠶᠠᠷᠬᠤ ᠶᠢ ᠰᠤᠷᠭᠠᠵᠤ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠡᠭᠦᠰᠬᠦ ᠶᠢ ᠡᠬᠢ ᠰᠤᠷᠪᠤᠯᠵᠢ ᠠᠴᠠ ᠨᠢ ᠪᠠᠭᠠᠰᠬᠠᠬᠤ ᠪᠠᠷ ᠴᠢᠷᠮᠠᠶᠢᠬᠤ ᠶᠠᠪᠤᠳᠠᠯ ᠪᠣᠯᠤᠨ᠎ᠠ᠃ ᠦᠨᠡᠮᠯᠡᠯ ᠣᠯᠭᠤᠬᠤ ᠦᠶᠯᠡᠴᠢᠯᠡᠭᠡ ᠪᠣᠯ ᠳᠠᠷᠤᠶ ᠣᠷᠤᠭ ᠤᠨ ᠪᠦᠷᠢᠳᠬᠡᠯ ᠤᠨ ᠵᠢᠷᠤᠮ ᠳᠤ ᠦᠨᠡᠮᠯᠡᠯ ᠣᠯᠭᠤᠬᠤ ᠶᠣᠰᠣᠯᠠᠯ ᠭᠠᠷᠭᠠᠬᠤ ᠶᠢ ᠬᠡᠯᠡᠨ᠎ᠡ᠂ ᠡᠨᠡ ᠪᠣᠯ ᠣᠷᠤᠭ ᠤᠨ ᠪᠦᠷᠢᠳᠬᠡᠯ ᠢ ᠬᠡᠯᠪᠡᠷᠢ ᠶᠢᠨ ᠲᠥᠷᠥᠯ ᠠᠴᠠ ᠶᠣᠰᠣᠯᠠᠯ ᠤᠨ ᠲᠥᠷᠥᠯ ᠳᠠᠰᠢ ᠬᠤᠪᠢᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠣᠷᠤᠭ ᠤᠨ ᠪᠦᠷᠢᠳᠬᠡᠯ ᠤᠨ ᠶᠣᠰᠣᠯᠠᠯ ᠤᠨ ᠲᠥᠷᠥᠭᠳᠡᠯ ᠤᠨ ᠴᠢᠬᠤᠯᠠ ᠢᠯᠡᠷᠡᠯ ᠮᠥᠨ᠂ ᠮᠥᠨ ᠴᠦ ᠣᠷᠤᠭ ᠤᠨ ᠶᠠᠪᠤᠳᠠᠯ ᠢ ᠠᠷᠪᠢᠴᠢ ᠭᠠᠮᠲᠠᠶ ᠬᠢᠬᠦ ᠶᠢ ᠰᠠᠨᠠᠭᠠᠴᠢᠯᠠᠬᠤ᠂ ᠦᠨᠡᠮᠯᠡᠯ ᠣᠯᠭᠤᠬᠤ ᠮᠠᠶ᠋ᠢᠭ ᠤᠨ ᠬᠤᠷᠢᠮ ᠤᠨ ᠶᠣᠰᠣᠯᠠᠯ ᠢ ᠰᠠᠨᠠᠭᠠᠴᠢᠯᠠᠬᠤ ᠨᠢᠭᠡ ᠵᠦᠶᠯ ᠤᠨ ᠬᠡᠯᠪᠡᠷᠢ ᠮᠥᠨ᠃ ᠤᠷᠤᠬ ᠤᠨ ᠦᠨᠡᠮᠯᠡᠯ ᠣᠯᠭᠤᠬᠤ᠂ ᠲᠠᠩᠭᠠᠷᠢᠭ ᠤᠩᠰᠢᠬᠤ ᠪᠠᠷ ᠳᠠᠮᠵᠢᠭᠤᠯᠤᠨ ᠰᠢᠨ᠎ᠡ ᠬᠥᠮᠦᠰ ᠢ ᠲᠥᠪ ᠶᠡᠬᠡᠮᠰᠦᠭ ᠠᠭᠤᠷ ᠠᠮᠢᠰᠬᠤᠯ ᠤᠨ ᠳᠤᠮᠳᠠ ᠤᠷᠤᠬ ᠪᠠᠷᠢᠯᠳᠤᠭᠤᠯᠬᠤ ᠨᠢ ᠰᠢᠨ᠎ᠡ ᠬᠥᠮᠦᠰ ᠲᠤ ᠠᠪᠴᠤ ᠬᠡᠯᠡᠪᠡᠯ ᠨᠡᠩ ᠴᠤ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ᠰᠢᠨ᠎ᠡ ᠬᠥᠮᠦᠰ ᠪᠠᠰᠠ ᠣᠷᠤᠭ ᠤᠨ ᠪᠦᠷᠢᠳᠬᠡᠯ ᠤᠨ ᠭᠠᠵᠠᠷ ᠤᠨ ᠪᠡᠶ᠎ᠡ ᠪᠠᠨ ᠳᠠᠭᠠᠭᠠᠭᠰᠠᠨ ᠦᠨᠡᠮᠯᠡᠯ ᠣᠯᠭᠤᠬᠤ ᠶᠡᠭᠡ ᠲᠢᠩᠬᠢᠮ ᠳᠤ ᠲᠥᠬᠦᠮ ᠠᠪᠰᠠᠷᠬᠠᠨ ᠬᠤᠷᠢᠮ ᠤᠨ ᠶᠣᠰᠣᠯᠠᠯ ᠬᠢᠵᠦ ᠪᠣᠯᠤᠨ᠎ᠠ᠂ ᠡᠨᠡ ᠨᠢ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠠᠰᠢᠭᠲᠠᠶ ᠪᠠᠶᠢᠵᠤ᠂ ᠰᠢᠨ᠎ᠡ ᠬᠥᠮᠦᠰ ᠤᠨ ᠵᠠᠩ ᠳᠠᠳᠬᠠᠯ ᠢ ᠥᠭᠡᠷᠡᠴᠢᠯᠡᠬᠦ ᠳᠤ ᠠᠰᠢᠭᠲᠠᠶ ᠪᠠᠶᠢᠵᠤ᠂ ᠲᠥᠪ ᠬᠢᠴᠢᠶᠡᠩᠭᠦᠶ ᠪᠣᠯᠪᠠᠰᠤᠨ ᠪᠥᠭᠡᠳ ᠰᠦᠶᠳᠬᠡᠯ ᠬᠤᠷᠢᠶᠠᠬᠤ ᠥᠬᠡᠶ ᠪᠠᠷ ︽ᠦᠨᠡᠮᠯᠡᠯ ᠣᠯᠭᠤᠬᠤ ᠶᠣᠰᠣᠯᠠᠯ︾᠎ ᠢᠶᠠᠷ ᠶᠠᠷᠰᠢᠭ ᠲᠦᠪᠡᠭ ᠲᠠᠢ ᠬᠤᠷᠢᠮ ᠤᠨ ᠶᠣᠰᠣᠯᠠᠯ ᠪᠠ ᠬᠡᠭᠡᠨᠴᠢᠷᠯᠡᠯ ᠤᠨ ᠬᠤᠷᠢᠮ ᠤᠨ ᠶᠣᠰᠣᠯᠠᠯ ᠢ ᠣᠷᠣᠯᠠᠭᠤᠯᠵᠤ᠂ ᠱᠠᠯᠢᠨ ᠪᠦᠷᠢᠯᠭᠡᠬᠦ᠂ ᠮᠠᠭᠤ ᠮᠠᠭᠤᠬᠠᠶ ᠬᠤᠷᠢᠮ ᠤᠨ ᠬᠡᠷᠡᠭᠦᠯ ᠬᠢᠬᠦ ᠶᠢ ᠬᠤᠷᠢᠭᠯᠠᠬᠤ ᠳᠤ ᠠᠯᠤᠰ ᠬᠡᠲᠦ ᠶᠢᠨ ᠨᠡᠶᠢᠭᠡᠮ ᠤᠨ ᠠᠴᠢ ᠬᠤᠯᠪᠣᠭᠳᠠᠯ ᠲᠠᠢ ᠶᠤᠮ᠃ ᠤᠷᠤᠭ ᠭᠡᠷ ᠪᠦᠯᠢ ᠶᠢ ᠬᠠᠪᠰᠤᠷᠤᠨ ᠵᠢᠯᠣᠭᠤᠳᠬᠤ᠂ ᠤᠷᠤᠭ ᠰᠠᠯᠬᠤ ᠶᠢ ᠵᠣᠬᠢᠬᠤ ᠬᠡᠮᠵᠢᠶ᠎ᠡ ᠪᠠᠷ ᠡᠶᠡᠳᠡᠭᠦᠯᠬᠦ ᠶᠢ ᠮᠢᠨᠦ ᠬᠤᠪᠢ ᠬᠥᠮᠦᠨ ᠤ ᠦᠵᠡᠬᠦ ᠪᠠᠷ ᠬᠢᠬᠦ ᠳᠤ ᠬᠠᠮᠤᠭ ᠤᠨ ᠬᠦᠴᠢᠷᠲᠡᠶ ᠠᠵᠢᠯ ᠭᠡᠵᠦ ᠨᠢᠭᠡ ᠴᠦ ᠪᠠᠶᠢᠬᠤ ᠦᠭᠡᠢ᠂ ᠶᠠᠭᠤ ᠴᠤ ᠭᠡᠰᠡᠨ ᠡᠷᠲᠡᠨ ᠠᠴᠠ ᠠᠪᠤᠭᠠᠳ ᠴᠢᠬᠡᠴᠢ ᠨᠣᠶᠠᠨ ᠭᠡᠷ ᠤᠨ ᠠᠵᠢᠯ ᠢ ᠲᠠᠰᠤᠯᠬᠤ ᠳᠤ ᠪᠡᠷᠬᠡᠲᠡᠶ᠂ ᠵᠠᠳᠠᠷᠠᠬᠤ ᠰᠢᠬᠠᠭᠰᠠᠨ ᠭᠡᠷ ᠪᠦᠯᠢ ᠶᠢ ᠬᠡᠷᠬᠢᠨ ᠠᠪᠤᠷᠠᠬᠤ ᠲᠤᠬᠠᠶ ᠤᠷᠤᠭ ᠤᠨ ᠪᠦᠷᠢᠳᠬᠡᠯ ᠤᠨ ᠪᠠᠶᠢᠭᠤᠯᠭ᠎ᠠ ᠪᠠ ᠠᠵᠢᠯᠲᠠᠳ ᠲᠤ ᠴᠥᠮ ᠯᠤᠲᠤ ᠶᠡᠭᠡ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠬᠦᠴᠢᠷ ᠶᠡᠬᠡᠲᠡᠶ ᠠᠵᠢᠯ᠂ ᠣᠯᠠᠩᠬᠢ ᠳᠠᠭᠠᠨ ᠦᠷ᠎ᠡ ᠪᠦᠲᠦᠮᠵᠢ ᠨᠢ ᠴᠦ ᠰᠠᠶᠢᠢᠨ ᠪᠠᠶᠢᠳᠠᠭ᠃ ᠤᠷᠤᠭ ᠭᠡᠷ ᠪᠦᠯᠢ ᠶᠢᠨ ᠬᠠᠪᠰᠤᠷᠤᠨ ᠵᠢᠯᠣᠭᠤᠳᠬᠤ ᠡᠶᠡᠳᠡᠭᠦᠯᠭᠡ ᠶᠢ ᠥᠷᠨᠢᠭᠦᠯᠵᠦ᠂ ᠲᠤᠬᠠᠶ ᠶᠢᠨ ᠬᠥᠮᠦᠨ ᠳᠤ ᠭᠡᠷ ᠪᠦᠯᠢ ᠶᠢᠨ ᠵᠥᠷᠢᠴᠡᠯ ᠢ ᠡᠶᠡᠳᠡᠭᠦᠯᠵᠦ᠂ ᠤᠷᠤᠭ ᠭᠡᠷ ᠪᠦᠯᠢ ᠶᠢᠨ ᠬᠢᠮᠤᠷᠠᠯ ᠢ ᠠᠷᠢᠯᠭᠠᠵᠤ ᠥᠭᠬᠦ ᠪᠠᠷ ᠪᠠᠷᠠᠬᠤ ᠦᠭᠡᠢ᠂ ᠪᠠᠰᠠ ᠲᠤᠬᠠᠶ ᠶᠢᠨ ᠬᠥᠮᠦᠨ ᠳᠤ ᠰᠡᠳᠬᠢᠴᠡ ᠶᠢᠨ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ᠭᠡᠷ ᠪᠦᠯᠢ ᠶᠢ ᠠᠪᠤᠷᠠᠵᠤ ᠪᠣᠯᠤᠨ᠎ᠠ᠂ ᠨᠡᠩ ᠴᠤ ᠬᠠᠤᠯᠢ ᠴᠠᠭᠠᠵᠠ ᠶᠢᠨ ᠮᠡᠳᠡᠯᠭᠡ᠂ ᠤᠬᠠᠭᠤᠯᠭ᠎ᠠ ᠬᠥᠮᠦᠵᠢᠯ᠂ ᠨᠡᠪᠲᠡᠷᠡᠯᠴᠡᠬᠦ ᠤᠷ᠎ᠠ ᠳᠡᠮ ᠢ ᠰᠤᠷᠤᠯᠴᠠᠬᠤ᠂ ᠡᠷ᠎ᠡ ᠡᠮ᠎ᠡ ᠶᠢᠨ ᠬᠠᠷᠢᠯᠴᠠᠬᠤ ᠠᠷᠭ᠎ᠠ ᠵᠠᠮ ᠵᠡᠷᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠲᠤᠬᠠᠶ ᠶᠢᠨ ᠬᠥᠮᠦᠨ ᠤ ᠭᠡᠷ ᠪᠦᠯᠢ ᠶᠢᠨ ᠵᠢᠭᠤᠷᠠᠯᠳᠤᠭᠠᠨ ᠢ ᠰᠢᠶᠳᠪᠦᠷᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ ᠪᠣᠯᠤᠨ᠎ᠠ᠃ ᠲᠠᠷᠠᠭᠠᠴᠢ ᠶᠢᠨ ᠠᠯᠬᠤᠮ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠣᠨᠴᠠᠯᠢᠭ ᠲᠠᠢ ᠦᠨᠡᠮᠯᠡᠯ ᠣᠯᠭᠤᠬᠤ ᠶᠡᠭᠡ ᠲᠢᠩᠬᠢᠮ ᠢ ᠪᠠᠶᠢᠭᠤᠯᠬᠤ ᠪᠠᠷ ᠳᠠᠮᠵᠢᠭᠤᠯᠤᠨ᠂ ᠬᠡᠷ ᠤᠨ ᠭᠠᠳᠠᠨ᠎ᠠ ᠦᠨᠡᠮᠯᠡᠯ ᠣᠯᠭᠤᠬᠤ ᠠᠵᠢᠯᠯᠠᠭᠠᠨ ᠤ ᠲᠠᠯᠠᠪᠤᠷ ᠭᠠᠷᠭᠠᠵᠤ᠂ ᠬᠤᠷᠢᠮ ᠤᠨ ᠵᠠᠩ ᠦᠶᠯᠡ ᠶᠢᠨ ᠰᠣᠶᠣᠯ ᠤᠨ ᠣᠷᠳᠣ ᠬᠤᠩᠭᠢᠯ᠂ ᠬᠤᠷᠢᠮ ᠤᠨ ᠵᠠᠩ ᠦᠶᠯᠡ ᠶᠢᠨ ᠮᠦᠽᠧᠶ ᠵᠡᠷᠭᠡ ᠶᠢ ᠪᠠᠶᠢᠭᠤᠯᠤᠨ᠎ᠠ᠃ ᠳᠠᠬᠢᠭᠠᠳ ᠳᠡᠭᠡᠷᠡᠬᠢ ᠭᠤᠷᠪᠠᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠬᠥᠭᠵᠢᠭᠦᠯᠬᠦ ᠲᠠᠢ ᠤᠶᠠᠯᠳᠤᠭᠤᠯᠵᠤ᠂ ᠰᠢᠯᠢᠳᠡᠭ ᠳᠤᠮᠳᠠᠳᠤ ᠶᠢᠨ ᠰᠣᠶᠣᠯ ᠢ ᠬᠠᠷᠠᠭᠤᠯᠤᠭᠰᠠᠨ ᠤᠯᠠᠮᠵᠢᠯᠠᠯᠲᠤ ᠬᠤᠷᠢᠮ ᠤᠨ ᠶᠣᠰᠣᠯᠠᠯ ᠢ ᠰᠠᠨᠠᠭᠠᠴᠢᠯᠠᠨ ᠳᠡᠯᠭᠡᠷᠡᠭᠦᠯᠵᠦ᠂ ︿ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠬᠠᠷᠢᠯᠴᠠᠨ ᠲᠦᠰᠢᠯᠴᠡᠬᠦ᠂ ᠬᠠᠷᠢᠭᠤᠴᠠᠯᠭ᠎ᠠ ᠡᠭᠦᠷᠭᠡᠯᠡᠬᠦ᠂ ᠬᠠᠷᠢᠯᠴᠠᠨ ᠬᠦᠨᠳᠦᠳᠬᠡᠵᠦ ᠬᠠᠷᠢᠯᠴᠠᠨ ᠬᠠᠶᠢᠷᠠᠯᠠᠬᠤ﹀ ᠤᠷᠤᠬ ᠤᠨ ᠣᠶᠢᠯᠠᠭᠠᠭᠳᠠᠬᠤᠨ ᠢ ᠪᠠᠳᠠᠷᠠᠭᠤᠯᠬᠤ ᠳᠤ ᠬᠠᠨᠳᠤᠨ᠎ᠠ︔ ᠡᠭᠦᠨ ᠤ ᠬᠠᠮᠲᠤ ᠪᠠᠰᠠ ᠳᠡᠭᠡᠷᠡᠬᠢ ᠭᠤᠷᠪᠠᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠬᠥᠭᠵᠢᠭᠦᠯᠬᠦ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠰᠣᠶᠣᠯ ᠢ ᠢᠯᠡᠷᠡᠭᠦᠯᠦᠭᠰᠡᠨ ᠤᠯᠠᠮᠵᠢᠯᠠᠯᠲᠤ ᠬᠤᠷᠢᠮ ᠤᠨ ᠶᠣᠰᠣᠯᠠᠯ ᠢ ᠰᠠᠨᠠᠭᠠᠴᠢᠯᠠᠨ ᠳᠡᠯᠭᠡᠷᠡᠭᠦᠯᠬᠦ ᠳᠤ ᠬᠠᠨᠳᠤᠨ᠎ᠠ ᠃ ᠱᠠᠯᠢᠨ ᠪᠦᠷᠢᠯᠭᠡᠬᠦ᠂ ᠪᠤᠯᠬᠢ ᠪᠦᠳᠦᠭᠦᠯᠢᠭ ᠤᠷᠤᠭ ᠬᠤᠷᠢᠮ ᠤᠨ ᠬᠡᠷᠡᠭᠦᠯ ᠬᠢᠬᠦ᠂ ᠶᠣᠰᠣᠯᠠᠯ ᠤᠨ ᠠᠶ᠎ᠠ ᠪᠠᠷ ᠠᠲᠠᠭᠠᠷᠬᠠᠨ ᠠᠳᠠᠯᠢᠳᠬᠠᠬᠤ ᠵᠡᠷᠭᠡ ᠲᠥᠪ ᠪᠤᠰᠤ ᠰᠤᠷᠲᠠᠯ ᠢ ᠡᠰᠡᠷᠭᠦᠴᠡᠨ ᠬᠤᠷᠢᠭᠯᠠᠬᠤ ᠂ ᠡᠴᠢᠭᠡ ᠨᠢ ᠡᠨᠡᠷᠢᠩᠭᠦᠶ ᠬᠥᠪᠡᠭᠦᠨ ᠨᠢ ᠠᠴᠢᠯᠠᠯ ᠲᠠᠢ᠂ ᠡᠷ᠎ᠡ ᠡᠮ᠎ᠡ ᠨᠢ ᠡᠶ᠎ᠡ ᠨᠠᠶᠢᠷᠲᠠᠶ᠂ ᠠᠬ᠎ᠠ ᠳᠡᠭᠦᠦ ᠨᠢ ᠬᠦᠨᠳᠦᠲᠡᠶ᠂ ᠠᠬᠠᠰ ᠵᠠᠬᠠᠰ ᠨᠢ ᠡᠮᠬᠢ ᠵᠢᠷᠤᠮ ᠲᠠᠢ ᠪᠠᠶᠢᠬᠤ ᠪᠠᠷ ᠰᠠᠭᠤᠷᠢ ᠪᠣᠯᠭᠠᠭᠰᠠᠨ ᠬᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠴᠢᠭᠡ ᠡᠬᠡ ᠪᠠᠨ ᠠᠴᠢᠯᠠᠬᠤ᠂ ᠠᠬᠠᠮᠠᠳ ᠦᠶ᠎ᠡ ᠶᠢᠨ ᠬᠢᠨ ᠢᠶᠠᠨ ᠬᠦᠨᠳᠦᠯᠡᠬᠦ ᠶᠣᠰᠣ ᠰᠤᠷᠲᠠᠬᠤᠨ ᠤ ᠦᠵᠡᠯᠲᠡ ᠶᠢ ᠴᠢᠩᠭᠠᠳᠬᠠᠬᠤ ᠵᠡᠷᠭᠡ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠭᠤᠤᠯᠳᠠᠯᠭ᠎ᠠ ᠨᠢ ᠴᠥᠮ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠪᠡ᠃        ᠰᠤᠷᠪᠤᠯᠵᠢᠯᠠᠭᠴᠢ᠄ ᠵᠢᠨᠢᠩ ᠲᠣᠭᠤᠷᠢᠭ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠬᠠᠭᠠᠰ ᠵᠢᠯ ᠤᠨ ᠴᠢᠷᠮᠠᠶᠢᠯᠭ᠎ᠠ ᠪᠠᠷ ᠳᠠᠮᠵᠢᠭᠠᠳ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖        ᠭᠧ ᠰᠢᠶᠤᠤ ᠬᠤᠩ᠄ ᠡᠨᠡ ᠵᠢᠯ ᠤᠨ 4 ᠰᠠᠷ᠎ᠠ ᠳᠤ ᠵᠢᠨᠢᠩ ᠲᠣᠭᠤᠷᠢᠭ ᠢ ᠠᠷᠠᠳ ᠤᠨ ᠶᠠᠪᠤᠳᠠᠯ ᠤᠨ ᠶᠠᠮᠤᠨ ᠠᠴᠠ ︽ᠪᠦᠬᠦ ᠤᠯᠤᠰ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠭᠡᠵᠦ ᠨᠤᠲᠠᠯᠠᠭᠰᠠᠨ ᠵᠢᠨᠢᠩ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠪᠦᠬᠦ ᠤᠯᠤᠰ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾᠎ ᠤ ᠠᠵᠢᠯ ᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠣᠷᠣᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ︽ᠵᠢᠨᠢᠩ ᠲᠣᠭᠤᠷᠢᠭ︾᠎ ᠤᠨ ᠪᠥᠬᠦ ᠤᠯᠤᠰ ᠤᠨ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ︽ᠭᠤᠷᠪᠠᠨ ᠵᠢᠯ ᠤᠨ ᠲᠥᠯᠥᠪᠵᠢᠭᠦᠯᠭᠡ ︵ᠲᠤᠷᠰᠢᠨ ᠬᠡᠷᠡᠭᠵᠢᠭᠦᠯᠬᠦ︶︾᠎ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠱᠠᠲᠤ ᠦᠶ᠎ᠡ᠂ ᠠᠯᠬᠤᠮ ᠳᠠᠷᠠᠭ᠎ᠠ ᠬᠤᠪᠢᠶᠠᠨ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠪᠣᠳᠠᠲᠠᠶ ᠡᠭᠦᠷᠭᠡ ᠪᠠ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ ᠥᠭᠡᠷᠡᠴᠢᠯᠡᠯᠲᠡ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠵᠠᠶ᠃ ᠡᠭᠦᠨ ᠤ ᠬᠠᠮᠲᠤ ︽ᠣᠷᠤᠭ ᠤᠨ ᠪᠦᠷᠢᠳᠬᠡᠯ ᠤᠨ ᠪᠠᠶᠢᠭᠤᠯᠭ᠎ᠠ ᠶᠢᠨ ᠪᠦᠷᠢᠳᠬᠡᠯ ᠤᠨ ᠪᠠᠷᠢᠮᠵᠢᠶ᠎ᠠ ᠶᠢ ᠦᠨᠡᠯᠡᠨ ᠲᠣᠭᠲᠠᠭᠠᠬᠤ ᠪᠠᠷᠢᠮᠵᠢᠶ᠎ᠠ︾᠎ ᠶᠢᠨ ᠱᠠᠭᠠᠷᠳᠠᠯᠭ᠎ᠠ ᠶᠣᠰᠣᠭᠠᠷ᠂ 1000 ᠲᠡᠭᠰᠢ ᠳᠥᠷᠪᠡᠯᠵᠢᠨ ᠮᠧᠲᠷ ᠤᠨ ᠲᠠᠯᠠᠪᠠᠶ ᠪᠥᠬᠦᠶ ᠣᠷᠤᠭ ᠤᠨ ᠪᠦᠷᠢᠳᠬᠡᠯ ᠤᠨ ᠦᠶᠯᠡᠴᠢᠯᠡᠭᠡᠨ ᠤ ᠲᠠᠯᠠᠪᠤᠷ ᠭᠠᠵᠠᠷ ᠰᠣᠩᠭᠤᠨ ᠪᠠᠶᠢᠭᠤᠯᠵᠤ᠂ ᠳᠣᠲᠣᠷ᠎ᠠ ᠨᠢ ︽ᠨᠢᠭᠡ ᠰᠠᠭᠤᠷᠢ ᠳᠥᠷᠪᠡᠨ ᠥᠷᠥᠭᠡ ᠲᠠᠪᠤᠨ ᠲᠣᠭᠤᠷᠢᠭ︾ ᠵᠡᠷᠭᠡ ᠴᠢᠳᠠᠮᠵᠢᠳᠤ ᠣᠷᠣᠨ ︵ᠥᠷᠥᠭᠡ︶ ᠭᠠᠷᠭᠠᠵᠤ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢ ᠪᠦᠲᠦᠮᠵᠢᠲᠡᠶ ᠠᠬᠢᠭᠤᠯᠬᠤ ᠪᠠ ᠥᠨᠳᠥᠷ ᠪᠦᠲᠦᠮᠵᠢᠲᠡᠶ ᠠᠵᠢᠯᠯᠠᠬᠤ ᠳᠤ ᠴᠢᠩᠭ᠎ᠠ ᠬᠦᠴᠦᠲᠡᠶ ᠵᠣᠬᠢᠶᠠᠨ ᠪᠠᠶᠢᠭᠤᠯᠤᠯᠲᠠ ᠪᠠ ᠵᠢᠭᠰᠠᠭᠠᠯ ᠤᠨ ᠭᠠᠵᠠᠷ ᠤᠨ ᠪᠠᠲᠤᠯᠠᠭ᠎ᠠ ᠶᠢ ᠦᠨᠡᠨ ᠬᠦ ᠬᠠᠩᠭᠠᠭᠰᠠᠨ ᠪᠠᠶᠢᠨ᠎ᠠ᠃         ᠨᠢᠭᠡ᠂ ᠨᠠᠮ ᠤᠨ ᠪᠠᠶᠢᠭᠤᠯᠤᠯᠲᠠ ᠪᠠᠷ ︽ᠲᠠᠪᠤᠨ ᠬᠤᠷᠰᠢᠶ᠎ᠠ ᠶᠢᠨ ᠬᠤᠯᠪᠣᠭᠠᠯᠠᠨ ᠬᠥᠳᠡᠯᠦᠯᠴᠡᠬᠦ︾᠎ ᠶᠢ ᠬᠥᠲᠥᠯᠦᠨ ᠳᠠᠭᠠᠭᠤᠯᠵᠤ᠂ ᠬᠡᠷ ᠪᠦᠯᠢ ᠶᠢᠨ ᠬᠠᠪᠰᠤᠷᠤᠨ ᠵᠢᠯᠣᠭᠤᠳᠬᠤ ᠪᠠ ᠡᠶᠡᠳᠡᠭᠦᠯᠬᠦ ᠦᠶᠯᠡᠴᠢᠯᠡᠭᠡ ᠶᠢ ᠭᠦᠨᠵᠡᠭᠡᠶᠢᠷᠡᠭᠦᠯᠦᠨ᠎ᠡ          ᠡᠨᠡ ᠵᠢᠯ᠂ ᠭᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠦᠢᠯᠡᠴᠢᠯᠡᠭᠡ ᠶᠢ ᠴᠢᠨᠠᠭᠰᠢᠳᠠ ᠰᠢᠨ᠎ᠡ ᠶᠢ ᠡᠭᠦᠳᠦᠨ ᠬᠥᠭᠵᠢᠭᠦᠯᠬᠦ ᠶᠢᠨ ᠲᠥᠯᠥᠭᠡ᠂ ᠭᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠳᠤ ᠣᠷᠣᠯᠴᠠᠬᠤ ᠨᠣᠷᠮ᠎ᠠ ᠪᠠ ᠠᠮᠵᠢᠯᠲᠠ ᠤᠯᠬᠤ ᠨᠣᠷᠮ᠎ᠠ ᠶᠢ ᠳᠡᠭᠡᠭᠰᠢᠯᠡᠭᠦᠯᠵᠦ᠂ ︽ᠵᠢᠨᠢᠩ ᠲᠣᠭᠤᠷᠢᠭ ᠤᠨ ᠨᠠᠮ ᠤᠨ ᠪᠠᠶᠢᠭᠤᠯᠤᠯᠲᠠ ᠪᠠᠷ ︿ᠲᠠᠪᠤᠨ ᠬᠤᠷᠰᠢᠶᠠᠨ ᠤ ᠬᠠᠮᠲᠤᠷᠠᠨ ᠬᠥᠳᠡᠯᠦᠯᠴᠡᠬᠦ﹀᠎ ᠶᠢ ᠬᠥᠲᠥᠯᠥᠨ ᠳᠠᠭᠠᠭᠤᠯᠬᠤ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾᠎ ᠶᠢᠨ ᠱᠠᠭᠠᠷᠳᠠᠯᠭ᠎ᠠ ᠶᠣᠰᠣᠭᠠᠷ᠂ ᠵᠢᠨᠢᠩ ᠲᠣᠭᠤᠷᠢᠭ ᠤᠨ ᠬᠢᠨ ᠲᠠᠪᠤᠨ ᠬᠤᠷᠰᠢᠶᠠᠨ ᠤ ᠬᠠᠮᠲᠤᠷᠠᠨ ᠬᠥᠳᠡᠯᠦᠯᠴᠡᠬᠦ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠦᠨ ᠠᠬᠢᠭᠤᠯᠬᠤ ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ ᠤᠷᠤᠭ ᠤᠨ ᠪᠦᠷᠢᠳᠬᠡᠯ ᠤᠨ ᠦᠢᠯᠡᠴᠢᠯᠡᠭᠡᠨ ᠤ ᠲᠠᠯᠠᠪᠤᠷ ᠲᠤ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ 4 ᠨᠡᠶᠢᠭᠡᠮ ᠤᠨ ᠠᠵᠢᠯᠲᠠᠨ ᠪᠠ 6 ᠠᠵᠢᠯ ᠤᠨ ᠲᠤᠷᠰᠢᠯᠭ᠎ᠠ ᠲᠠᠢ ᠨᠡᠶᠢᠭᠡᠮ ᠤᠨ ᠠᠵᠢᠯᠲᠠᠨ ᠢ ᠤᠷᠢᠨ ᠬᠡᠷᠡᠭᠯᠡᠵᠦ᠂ ︽ᠵᠢᠨᠢᠩ ᠲᠣᠭᠤᠷᠢᠭ ᠤᠨ ᠤᠷᠤᠭ ᠭᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠦᠷᠳᠡᠭᠡ︾᠎ ᠶᠢ ᠪᠠᠶᠢᠭᠤᠯᠵᠤ᠂ ᠥᠷᠭᠡᠨ ᠤᠯᠠᠨ ᠠᠷᠠᠳ ᠲᠦᠮᠡᠨ ᠳᠤ ᠲᠤᠰᠬᠠᠶ ᠦᠢᠯᠡᠴᠢᠯᠡᠭᠡ ᠪᠠ ᠬᠠᠪᠰᠤᠷᠤᠨ ᠵᠢᠯᠤᠭᠤᠳᠤᠯᠭ᠎ᠠ ᠬᠠᠩᠭᠠᠵᠤ᠂ ᠤᠷᠤᠭ ᠰᠠᠯᠬᠤ ᠪᠠᠷ ᠭᠤᠶᠤᠴᠢᠯᠠᠭᠰᠠᠨ ᠨᠢᠭᠡ ᠬᠤᠣᠰ ᠲᠤᠬᠠᠶ ᠶᠢᠨ ᠬᠥᠮᠦᠨ ᠢ ᠰᠤᠷᠭᠠᠨ ᠬᠥᠮᠦᠵᠢᠭᠦᠯᠬᠦ᠂ ᠬᠠᠪᠰᠤᠷᠤᠨ ᠵᠢᠯᠣᠭᠤᠳᠬᠤ᠂ ᠡᠶᠡᠳᠡᠭᠦᠯᠬᠦ ᠳᠤᠮᠳᠠ ᠠᠴᠠ ᠭᠡᠷ ᠪᠦᠯᠢ ᠶᠢᠨ ᠬᠤᠭᠤᠷᠣᠨᠳᠣᠬᠢ ᠣᠶᠢᠯᠠᠭᠠᠯᠴᠠᠭ᠎ᠠ ᠶᠢᠨ ᠲᠤᠷᠰᠢᠯᠭ᠎ᠠ ᠪᠠ ᠤᠷ᠎ᠠ ᠳᠡᠮ ᠢ ᠰᠢᠩᠭᠡᠭᠡᠨ ᠠᠪᠴᠤ᠂ ᠬᠤᠪᠢ ᠬᠥᠮᠦᠨ ᠤ ᠨᠡᠶᠢᠭᠡᠮ ᠤᠨ ᠪᠠ ᠭᠡᠷ ᠪᠦᠯᠢ ᠶᠢᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠡᠶ᠃ ᠡᠭᠦᠨ ᠤ ᠬᠠᠮᠲᠤ᠂ ᠨᠠᠮ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠨᠡᠶᠢᠳᠬᠡᠵᠦ᠂ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠤᠨ ᠲᠣᠪᠴᠢ᠊ ᠡᠶ᠎ᠡ ︽ᠵᠢᠨᠢᠩ ᠲᠣᠭᠤᠷᠢᠭ ᠤᠨ ᠭᠡᠷ ᠪᠦᠯᠢ ᠶᠢᠨ ᠬᠠᠪᠰᠤᠷᠤᠨ ᠵᠢᠯᠣᠭᠤᠳᠬᠤ ᠡᠶᠡᠳᠡᠭᠦᠯᠬᠦ ᠲᠥᠪ︾᠎ ᠢ ᠪᠠᠶᠢᠭᠤᠯᠵᠤ᠂ ᠬᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠦᠶᠯᠡᠴᠢᠯᠡᠭᠡ ᠶᠢ ᠣᠷᠤᠭ ᠤᠨ ᠪᠦᠷᠢᠳᠬᠡᠯ ᠤᠨ ᠲᠠᠯᠠᠪᠤᠷ ᠠᠴᠠ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠠᠰᠢ ᠠᠯᠬᠤᠮ ᠠᠯᠬᠤᠮ ᠢᠶᠠᠷ ᠥᠷᠭᠡᠳᠬᠡᠵᠦ᠂ ᠣᠷᠤᠭ ᠤᠨ ᠪᠦᠷᠢᠳᠬᠡᠯ ᠤᠨ ᠪᠠᠶᠢᠭᠤᠯᠤᠮᠵᠢ᠂ ᠨᠡᠶᠢᠭᠡᠮ ᠲᠣᠭᠤᠷᠢᠭ ︵ᠲᠣᠰᠬᠤᠨ︶᠂ ᠬᠡᠷ ᠪᠦᠯᠢ᠂ ᠨᠢᠭᠡᠴᠡ᠂ ᠬᠤᠪᠢ ᠬᠥᠮᠦᠨ ᠵᠡᠷᠭᠡ ᠪᠠᠷ ᠲᠠᠪᠴᠠᠩ ᠪᠣᠯᠭᠠᠭᠰᠠᠨ ᠰᠢᠨᠵᠢᠯᠡᠬᠦ ᠤᠬᠠᠭᠠᠨᠴᠢ ᠪᠠᠷ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠮᠥᠬᠦᠬᠦ ᠰᠢᠬᠠᠭᠰᠠᠨ ᠣᠷᠤᠭ ᠢ ᠠᠪᠤᠷᠬᠠᠤ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠦᠨ᠎ᠡ ᠥᠷᠲᠡᠭ᠂ ᠬᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠠᠵᠢᠯ ᠳᠤ ᠪᠣᠳᠠᠲᠤ ᠦᠷ᠎ᠡ ᠪᠦᠲᠦᠮᠵᠢ ᠤᠯᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠰᠦᠶᠳᠬᠡᠯ ᠬᠤᠷᠢᠶᠠᠬᠤ ᠥᠬᠡᠶ ᠪᠠᠷ ᠬᠠᠪᠰᠤᠷᠤᠨ ᠵᠢᠯᠣᠭᠤᠳᠴᠤ ᠡᠶᠡᠳᠡᠭᠦᠯᠦᠭᠰᠡᠨ ᠣᠷᠤᠭ ᠰᠠᠯᠬᠤ ᠲᠤᠬᠠᠶ ᠶᠢᠨ ᠬᠥᠮᠦᠨ 679 ᠬᠤᠤᠰ ᠪᠠᠶᠢᠵᠤ᠂ 224 ᠬᠤᠤᠰ ᠡᠶᠡᠳᠡᠭᠦᠯᠭᠡ ᠶᠢ ᠠᠮᠵᠢᠯᠲᠠᠲᠠᠶ ᠭᠥᠯᠢᠶᠡᠨ ᠠᠪᠴᠤ᠂ ᠡᠶᠡᠳᠡᠭᠦᠯᠭᠡ ᠶᠢᠨ ᠠᠮᠵᠢᠯᠲᠠ ᠣᠯᠤᠭᠰᠠᠨ ᠨᠣᠷᠮ᠎ᠠ ᠨᠢ 32%᠎ ᠲᠤ ᠬᠦᠷᠴᠡᠶ᠃         ᠬᠤᠶᠠᠷ᠂ ᠰᠠᠶᠢᠢᠨ ᠳᠤᠷ᠎ᠠ ᠶᠢᠨ ᠠᠵᠢᠯᠯᠠᠭᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠥᠷᠭᠡᠨ ᠢᠶᠠᠷ ᠣᠷᠣᠯᠴᠠᠵᠤ᠂ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ       ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠢ ᠪᠦᠯᠬᠦᠮᠳᠡᠭᠦᠯᠦᠨ ᠨᠢᠭᠲᠠᠷᠠᠭᠤᠯᠬᠤ᠂ ᠲᠡᠷᠢᠭᠦᠨ ᠤ ᠰᠣᠶᠣᠯ ᠢ ᠪᠠᠶᠢᠭᠤᠯᠬᠤ ᠵᠡᠷᠭᠡ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠵᠤ᠂ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠢᠨᠢᠩ ᠲᠣᠭᠤᠷᠢᠭ ᠤᠨ ᠬᠢᠨ ᠰᠠᠶᠢᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠳᠤ ᠣᠷᠣᠯᠴᠠᠭᠤᠯᠬᠤ ᠪᠠᠷ ᠢᠳᠡᠪᠬᠢᠲᠡᠢ ᠬᠦᠳᠦᠯᠦᠨ ᠵᠢᠯᠣᠭᠤᠳᠪᠠ᠃ ︽ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠰᠣᠶᠣᠯ ᠤᠨ ᠰᠤᠳᠤᠯᠭᠠᠨ ᠢ ᠠᠬᠢᠭᠤᠯᠬᠤ ᠨᠡᠶᠢᠭᠡᠮᠯᠢᠭ︾ ᠪᠣᠯᠤᠨ ︽ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠤᠯᠠᠮᠵᠢᠯᠠᠯᠲᠤ ᠰᠣᠶᠣᠯ ᠢ ᠤᠯᠠᠮᠵᠢᠯᠠᠬᠤ ᠨᠡᠶᠢᠭᠡᠮᠯᠢᠭ︾᠎ ᠨᠢ ︽ᠪᠣᠯᠪᠠᠰᠤᠨ ᠬᠤᠷᠢᠮ ᠤᠨ ᠵᠠᠩᠰᠢᠯ ᠢ ᠰᠠᠨᠠᠭᠠᠴᠢᠯᠠᠨ ᠤᠯᠠᠮᠵᠢᠯᠠᠯᠲᠤ ᠰᠣᠶᠣᠯ ᠢ ᠰᠤᠷᠲᠠᠯᠴᠢᠯᠠᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠬᠤᠷᠢᠮ ᠤᠨ ᠵᠠᠩᠰᠢᠯ ᠤᠨ ᠤᠬᠠᠭᠤᠯᠭ᠎ᠠ᠂ ᠬᠤᠷᠢᠮ ᠤᠨ ᠵᠠᠩᠰᠢᠯ ᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠬᠤᠳᠠ ᠶᠢᠨ ᠠᠷᠠᠳ ᠲᠤ ᠭᠦᠨ ᠵᠤᠵᠠᠭᠠᠨ ᠦᠨᠦᠷ ᠠᠮᠲᠠ ᠲᠠᠢ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠨᠡᠶᠢᠭᠡᠮ ᠤᠨ ᠳᠤᠰᠬᠠᠯ ᠰᠠᠶᠢᠢᠨ᠂ ᠰᠠᠴᠤᠷᠠᠭ ᠤᠨ ᠦᠷ᠎ᠡ ᠪᠦᠲᠦᠮᠵᠢ ᠶᠢ ᠮᠡᠳᠡᠭᠳᠡᠮ᠎ᠡ ᠪᠣᠯᠭᠠᠵᠠᠢ︔ ᠵᠢᠨᠢᠩ ᠲᠣᠭᠤᠷᠢᠭ ᠤᠨ ︽ᠰᠢᠶᠤᠤ ᠴᠧᠩ ᠳ᠋ᠡ ᠠᠶ︾ ᠨᠡᠶᠢᠭᠡᠮ ᠤᠨ ᠦᠶᠯᠡᠴᠢᠯᠡᠭᠡᠨ ᠤ ᠲᠥᠪ ᠲᠤ ︽ᠬᠤᠷᠢᠮ ᠤᠨ ᠶᠣᠰᠣ ᠪᠣᠯᠪᠠᠰᠤᠨ᠂ ᠴᠢ ᠪᠢᠳᠡ ᠬᠤᠶᠠᠭᠤᠯᠠ ᠬᠠᠮᠲᠤ ᠶᠠᠪᠤᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠣᠳᠣᠬᠠᠨ ᠪᠣᠯᠲᠠᠯ᠎ᠠ ᠨᠡᠶᠢᠲᠡ 9 ᠲᠠᠯᠠᠪᠤᠷ ᠤᠬᠠᠭᠤᠯᠤᠨ ᠲᠠᠶᠢᠯᠪᠤᠷᠢᠯᠠᠬᠤ᠂ ᠤᠬᠠᠭᠤᠯᠬᠤ ᠠᠵᠢᠯᠯᠠᠭ᠎ᠠ ᠥᠷᠨᠢᠭᠦᠯᠵᠦ᠂ ᠬᠥᠮᠦᠵᠢᠯ ᠭᠥᠷᠳᠡᠭᠰᠡᠨ ᠬᠥᠮᠦᠨ ᠤ ᠲᠤᠭ᠎ᠠ 1 ᠲᠦᠮᠡ ᠭᠠᠷᠤᠶ ᠪᠣᠯᠵᠣ᠂ ᠡᠯ᠎ᠡ ᠲᠥᠷᠥᠯ ᠤᠨ ᠤᠬᠠᠭᠤᠯᠬᠤ ᠮᠠᠲ᠋ᠧᠷᠢᠶᠠᠯ ᠢ 2 ᠲᠦᠮᠡ ᠭᠠᠷᠤᠶ ᠬᠤᠪᠢ ᠲᠠᠷᠬᠠᠭᠠᠵᠤ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠮᠠᠰᠢ ᠰᠠᠶᠢᠨ ᠲᠤᠰᠬᠠᠯ ᠲᠠᠢ ᠪᠠᠶᠢᠨ᠎ᠠ᠃ ᠡᠭᠦᠨ ᠤ ᠬᠠᠮᠲᠤ᠂ ᠵᠢᠨᠢᠩ ᠲᠣᠭᠤᠷᠢᠭ ᠤᠨ ︽ᠰᠢᠶᠤᠤ ᠴᠧᠩ ᠳ᠋ᠡ ᠠᠶ︾ ᠨᠡᠶᠢᠭᠡᠮ ᠤᠨ ᠦᠶᠯᠡᠴᠢᠯᠡᠭᠡᠨ ᠤ ᠲᠥᠪ ᠠᠴᠠ ᠥᠷᠭᠡᠨ ᠣᠯᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠵᠤ᠂ ᠰᠢᠨ᠎ᠡ ᠬᠥᠮᠦᠨ ᠨᠢ ᠲᠡᠷᠭᠡᠨ ᠠᠳᠡᠯ ᠠᠴᠠ ᠪᠣᠯᠵᠣ ᠵᠡᠮᠳᠡᠭ ᠪᠣᠯᠣᠭᠠᠳ ᠳᠠᠬᠢᠨ ᠶᠠᠳᠠᠭᠤᠷᠠᠵᠤ᠂ ᠢᠳᠡᠰᠢᠨ ᠨᠣᠭᠤᠭᠠᠨ ᠤ ᠬᠦᠯᠡᠮᠵᠢ ᠨᠢ ᠬᠠᠪᠤᠷ ᠤᠨ ᠶᠡᠭᠡ ᠰᠠᠯᠬᠢᠨ ᠳᠤ ᠡᠪᠳᠡᠭᠳᠡᠭᠰᠡᠨ ᡁᠢ ᠣᠪᠣᠭᠲᠤ ᠳᠤ ᠨᠢᠭᠦᠯᠡᠰᠦᠩᠭᠦᠶ ᠶᠢᠨ ᠬᠠᠨᠳᠤᠯᠭ᠎ᠠ ᠲᠠᠢ ᠪᠠᠷ ᠬᠠᠨᠳᠢᠪᠯᠠᠬᠤ ᠠᠵᠢᠯᠯᠠᠭ᠎ᠠ ᠥᠷᠨᠢᠭᠦᠯᠪᠡ ᠃ ᠠᠵᠢᠯᠯᠠᠭ᠎ᠠ ᠶᠢᠨ ᠬᠤᠭᠤᠴᠠᠭᠠᠨ ᠳᠤ ᠨᠡᠶᠢᠲᠡ 38 ᠬᠤᠣᠰ ᠰᠢᠨ᠎ᠡ ᠬᠥᠮᠦᠨ᠂ 2 ᠨᠡᠶᠢᠭᠡᠮ ᠤᠨ ᠵᠣᠬᠢᠶᠠᠨ ᠪᠠᠶᠢᠭᠤᠯᠤᠯᠲᠠ ᠵᠣᠭᠤᠰ ᠬᠠᠨᠳᠢᠪᠯᠠᠬᠤ ᠳᠤ ᠣᠷᠣᠯᠴᠠᠵᠤ᠂ ᠡᠭᠦᠨ ᠤ ᠬᠠᠮᠲᠤ ᡁᠢ ᠣᠪᠣᠭᠲᠤ ᠶᠢᠨ ᠨᠢᠭᠡᠨᠲᠡ ᠰᠢᠨ᠎ᠡ ᠪᠠᠷ ᠪᠠᠶᠢᠭᠤᠯᠤᠭᠰᠠᠨ ᠢᠳᠡᠰᠢᠨ ᠨᠣᠭᠤᠭᠠᠨ ᠤ ᠬᠦᠯᠡᠮᠵᠢ ᠶᠢᠨ ᠡᠮᠦᠨ᠎ᠡ ᠪᠡᠯᠡᠭᠯᠡᠨ ᠬᠦᠷᠭᠡᠬᠦ ᠶᠣᠰᠣᠯᠠᠯ ᠪᠠ ᠳᠥᠭᠦᠮᠬᠡᠨ ᠬᠠᠮᠲᠤ ᠶᠢᠨ ᠬᠤᠷᠢᠮ ᠤᠨ ᠶᠣᠰᠣᠯᠠᠯ ᠶᠠᠪᠤᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠠᠪᠴᠠᠩ ᠢ ᠭᠦᠢᠴᠡᠳ ᠠᠰᠢᠭᠯᠠᠨ ᠰᠢᠨ᠎ᠡ ᠬᠥᠮᠦᠨ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠳᠤ ᠣᠷᠣᠯᠴᠠᠬᠤ ᠶᠢ ᠲᠦᠯᠬᠢᠨ ᠠᠬᠢᠭᠤᠯᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠳᠤ ᠦᠢᠯᠡᠴᠢᠯᠡᠭᠦᠯᠬᠦ᠂ ᠨᠡᠶᠢᠲᠡ ᠶᠢᠨ ᠠᠰᠠᠷᠠᠮᠵᠢ ᠶᠢᠨ ᠬᠠᠷᠢᠭᠤᠴᠠᠯᠭ᠎ᠠ ᠡᠭᠦᠷᠭᠡᠯᠡᠭᠦᠯᠬᠦ ᠲᠠᠯ᠎ᠠ ᠪᠠᠷ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠪᠡ᠃          ︽ᠵᠢᠨᠢᠩ ᠲᠣᠭᠤᠷᠢᠭ ᠤᠨ ᠬᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠲᠥᠪ︾ ︽ᠡᠮᠡᠭᠲᠡᠶ ᠰᠠᠶᠢᠨ ᠲᠤᠷᠠᠴᠤᠳ ᠤᠨ ᠦᠶᠯᠡᠴᠢᠯᠡᠭᠡᠨ ᠤ ᠠᠩᠭᠢ︾᠎ ᠶᠢ ᠵᠣᠬᠢᠶᠠᠨ ᠪᠠᠶᠢᠭᠤᠯᠵᠤ ᠬᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠳᠤ 30 ᠭᠠᠷᠤᠶ ᠬᠥᠮᠦᠨ ᠤᠳᠠᠭ᠎ᠠ ᠣᠷᠣᠯᠴᠠᠭᠤᠯᠵᠤ᠂ 346 ᠲᠤᠬᠠᠶ ᠶᠢᠨ ᠬᠥᠮᠦᠨ ᠳᠤ ᠬᠡᠷ ᠪᠦᠯᠢ ᠶᠢᠨ ᠵᠣᠬᠢᠰᠲᠠᠶ ᠡᠶᠡᠳᠡᠭᠦᠯᠬᠦ ᠦᠶᠯᠡᠴᠢᠯᠡᠭᠡ ᠬᠠᠩᠭᠠᠪᠠ︔ ᠲᠤᠰᠬᠠᠶ ᠮᠡᠷᠭᠡᠵᠢᠯ ᠤᠨ ᠠᠵᠢᠯᠲᠠᠨ ᠤᠷᠢᠵᠤ ᠠᠵᠢᠯᠲᠠᠳ ᠲᠤ 3 ᠤᠳᠠᠭ᠎ᠠ ᠬᠢᠴᠢᠶᠡᠯ ᠣᠷᠣᠭᠤᠯᠤᠭᠰᠠᠨ ᠨᠢ ᠬᠡᠷ ᠪᠦᠯᠢ ᠶᠢᠨ ᠬᠠᠪᠰᠤᠷᠤᠨ ᠵᠢᠯᠣᠭᠤᠳᠴᠤ ᠡᠶᠡᠳᠡᠭᠦᠯᠬᠦ ᠠᠷᠭ᠎ᠠ ᠵᠠᠮ ᠢ ᠨᠡᠮᠡᠭᠳᠡᠭᠦᠯᠦᠭᠰᠡᠨ ᠮᠥᠷᠲᠡᠭᠡᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠡᠮᠡᠭᠳᠡᠭᠦᠯᠵᠦ᠂ ᠨᠡᠶᠢᠭᠡᠮ᠂ ᠲᠤᠬᠠᠶ ᠶᠢᠨ ᠬᠥᠮᠦᠨ᠂ ᠠᠵᠢᠯᠲᠠᠨ ᠵᠡᠷᠭᠡ ᠶᠢᠨ ︽ᠣᠯᠠᠨ ᠲᠠᠯ᠎ᠠ ᠪᠠᠷ ᠠᠰᠢᠭ ᠭᠥᠷᠳᠡᠬᠦ︾ ᠵᠣᠷᠢᠯᠭ᠎ᠠ ᠳᠤ ᠭᠦᠷᠦᠭᠰᠡᠨ ᠪᠠᠶᠢᠨ᠎ᠠ᠃           ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠳᠠᠬᠢ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠨᠡᠶᠢᠭᠡᠮ ᠤᠨ ᠣᠷᠣᠯᠴᠠᠯᠭ᠎ᠠ ᠶᠢᠨ ᠨᠣᠷᠮ᠎ᠠ ᠶᠢ ᠥᠷᠭᠡᠳᠬᠡᠬᠦ ᠶᠢᠨ ᠲᠤᠰᠠᠳᠠ᠂ ︽ᠳ᠋ᠦ᠋ ᠳ᠋ᠦ᠋ ᠰᠢᠪᠠᠭᠤ ᠶᠢᠨ ᠰᠤᠳᠤᠯᠭᠠᠨ ᠤ ᠬᠦᠷᠢᠶᠡᠯᠡᠩ︾᠎ ᠤᠨ ᠮᠡᠳᠡᠬᠦᠶ ᠬᠢᠬᠦᠶ ᠶᠢᠨ ᠯᠧᠺᠲ᠋ᠣᠷ ᠢ ᠡᠯᠰᠡᠨ ᠨᠡᠶᠢᠭᠡᠮ ᠲᠣᠭᠤᠷᠢᠭ᠂ ᠪᠠᠶᠢᠭᠤᠯᠤᠯᠭ᠎ᠠ᠂ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ ︽ᠪᠣᠯᠪᠠᠰᠤᠨ ᠬᠤᠷᠢᠮ ᠤᠨ ᠵᠠᠩᠰᠢᠯ ᠤᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠡᠶ᠎ᠡ ᠵᠣᠬᠢᠴᠠᠯ ᠲᠠᠢ ᠵᠣᠯ ᠵᠢᠷᠭᠠᠯᠲᠤ ᠬᠡᠷ ᠪᠦᠯᠢ ᠶᠢ ᠬᠠᠮᠲᠤᠪᠠᠷ ᠪᠥᠲᠥᠭᠡᠨ ᠪᠠᠶᠢᠭᠤᠯᠤᠶ᠎ᠠ︾ ᠭᠡᠬᠦ ᠲᠤᠰᠬᠠᠶ ᠰᠡᠳᠦᠪᠲᠦ ᠮᠡᠳᠡᠯᠭᠡ ᠶᠢᠨ ᠲᠠᠶᠢᠯᠤᠮᠵᠢ ᠥᠷᠨᠢᠭᠦᠯᠦᠨ᠎ᠡ᠃ ︽ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠶᠡᠭᠡ ᠬᠢᠴᠢᠶᠡᠯ ᠤᠨ ᠲᠠᠩᠬᠢᠮ︾᠎ ᠢ ᠠᠰᠢᠭᠯᠠᠨ ᠲᠤᠬᠠᠢ ᠶᠢᠨ ᠲᠠᠯᠠᠪᠠᠢ ᠶᠢᠨ ᠬᠠᠷᠢᠯᠴᠠᠨ ᠰᠣᠯᠢᠯᠴᠠᠬᠤ ᠪᠠ ᠬᠡᠷᠡᠭ ᠤᠨ ᠵᠢᠱᠢ᠊ ᠡᠶ᠎ᠡ ᠶᠢ ᠵᠠᠳᠠᠯᠬᠤ ᠠᠷᠭ᠎ᠠ ᠬᠡᠯᠪᠡᠷᠢ ᠪᠠᠷ ᠡᠷ᠎ᠡ ᠡᠮ᠎ᠡ ᠬᠤᠶᠠᠭᠤᠯᠠ ᠶᠢᠨ ᠡᠶ᠎ᠡ ᠨᠠᠶᠢᠷᠰᠠᠭ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠰᠢᠨᠵᠢᠯᠡᠬᠦ ᠤᠬᠠᠭᠠᠨᠴᠢ ᠪᠠᠷ ᠦᠷ᠎ᠡ ᠬᠡᠦᠬᠡᠳ ᠢᠶᠠᠨ ᠬᠥᠮᠦᠵᠢᠭᠦᠯᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠲᠤᠬᠠᠢ ᠶᠢᠨ ᠲᠠᠯᠠᠪᠠᠢ ᠶᠢᠨ ᠰᠤᠨᠤᠰᠤᠭᠴᠢᠳ ᠲᠤ ᠤᠯᠠᠮᠵᠢᠯᠠᠵᠤ᠂ ᠬᠡᠷ ᠤᠨ ᠰᠤᠷᠲᠠᠯ ᠢ ᠬᠡᠷᠬᠢᠨ ᠪᠠᠶᠢᠭᠤᠯᠬᠤ᠂ ᠬᠡᠷ ᠤᠨ ᠰᠤᠷᠲᠠᠯ ᠢ ᠬᠡᠷᠬᠢᠨ ᠤᠯᠠᠮᠵᠢᠯᠠᠬᠤ ᠵᠡᠷᠭᠡ ᠶᠢ ᠨᠠᠷᠢᠨ ᠲᠠᠶᠢᠯᠪᠤᠷᠢᠯᠠᠨ᠎ᠠ᠃ ᠲᠠᠶᠢᠯᠤᠮᠵᠢ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠬᠡᠷᠡᠭ ᠤᠨ ᠵᠢᠱᠢ᠊ ᠡᠶ᠎ᠡ ᠶᠢ ᠪᠣᠳᠠᠲᠠᠢ ᠲᠠᠢ ᠨᠡᠶᠢᠴᠡᠭᠦᠯᠵᠦ᠂ ᠰᠠᠶᠢᠢᠨ ᠰᠠᠶᠢᠬᠠᠨ ᠭᠡᠷ ᠤᠨ ᠰᠤᠷᠲᠠᠯ ᠢᠶᠠᠷ ᠠᠷᠠᠳ ᠤᠨ ᠰᠤᠷᠲᠠᠯ ᠢ ᠲᠠᠶᠢᠢᠴᠢᠯᠠᠵᠦ᠂ ᠳᠤᠮᠳᠠᠳᠤ ᠶᠢᠨ ᠤᠯᠠᠮᠵᠢᠯᠠᠯᠲᠤ ᠰᠢᠯᠢᠳᠡᠭ ᠰᠠᠶᠢᠢᠨ ᠬᠤᠷᠢᠮ ᠤᠨ ᠶᠣᠰᠣ ᠪᠣᠯᠪᠠᠰᠤᠨ ᠶᠣᠰᠣ ᠵᠢᠷᠤᠮ᠂ ᠰᠢᠯᠢᠳᠡᠭ ᠰᠠᠶᠢᠨ ᠭᠡᠷ ᠤᠨ ᠰᠤᠷᠲᠠᠯ ᠭᠡᠷ ᠤᠨ ᠰᠤᠷᠭᠠᠯ ᠭᠡᠷ ᠤᠨ ᠰᠤᠷᠭᠠᠯ ᠤᠯᠠᠮᠵᠢᠯᠠᠭᠳᠠᠵᠠᠢ᠃         ᠭᠤᠷᠪᠠ᠂ ᠵᠠᠯᠠᠭᠤ ᠨᠢᠭᠡ ᠦᠶ᠎ᠡ ᠶᠢᠨ ᠬᠢᠨ ᠠᠴᠠ ᠭᠠᠷᠳᠠᠬᠤ ᠪᠠᠷ ᠬᠦᠴᠦᠯᠡᠨ ᠴᠢᠷᠮᠠᠶᠢᠵᠤ᠂ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠵᠤ ᠦᠷ᠎ᠡ ᠪᠦᠲᠦᠮᠵᠢ ᠤᠯᠪᠠ          ᠤᠷᠤᠬ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠭᠤᠣᠯ ᠰᠡᠳᠦᠪ ᠤᠨ ᠲᠣᠭᠤᠷᠢᠨ ᠳᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠤᠷᠤᠬ ᠤᠨ ᠬᠦᠷᠢᠶᠡᠨ ᠤ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠵᠢᠨᠢᠩ ᠲᠣᠭᠤᠷᠢᠭ ᠤᠨ ᠬᠢᠨ ᠵᠠᠯᠠᠭᠤ ᠨᠢᠭᠡ ᠦᠶ᠎ᠡ ᠶᠢᠨ ᠬᠢᠨ ᠠᠴᠠ ᠭᠠᠷᠳᠠᠵᠦ ᠪᠦᠬᠦ ᠨᠡᠶᠢᠭᠡᠮ ᠢᠶᠠᠷ ᠢᠶᠠᠨ ᠵᠥᠪ ᠣᠨᠣᠪᠴᠢᠲᠠᠢ ᠤᠷᠤᠬ ᠤᠨ ᠶᠠᠪᠤᠳᠠᠯ ᠭᠡᠷ ᠪᠦᠯᠢ ᠶᠢᠨ ᠦᠷᠳᠡᠭ ᠤᠨ ᠬᠠᠨᠳᠤᠰᠢ ᠶᠢ ᠪᠤᠢ ᠪᠣᠯᠭᠠᠬᠤ ᠶᠢ ᠰᠠᠨᠠᠭᠠᠴᠢᠯᠠᠵᠤ᠂ ᠤᠷᠤᠬ ᠤᠨ ᠵᠠᠩ ᠳᠠᠳᠬᠠᠯ ᠤᠨ ᠲᠥᠪ ᠪᠤᠰᠤ ᠰᠤᠷᠲᠠᠯ ᠢ ᠬᠤᠷᠢᠭᠯᠠᠪᠠ᠃ ᠨᠢᠭᠡ ᠳᠤ᠂ ᠣᠷᠤᠭ ᠤᠨ ᠪᠦᠷᠢᠳᠬᠡᠯ ᠤᠨ ᠶᠡᠭᠡ ᠲᠢᠩᠬᠢᠮ ᠤᠨ ᠦᠶᠯᠡᠴᠢᠯᠡᠭᠡᠨ ᠤ ᠴᠣᠩᠬᠤ ᠶᠢ ᠠᠰᠢᠭᠯᠠᠨ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠵᠡᠷᠭᠡ ᠠᠭᠤᠯᠭ᠎ᠠ ᠶᠢ ᠤᠬᠠᠭᠤᠯᠭ᠎ᠠ ᠶᠢᠨ ᠹᠢᠯᠢᠮ᠂ ᠸᠢᠳᠢᠣ᠋᠂ ᠬᠤᠸᠠᠨᠳᠧᠩ ᠤᠨ ᠹᠢᠯᠢᠮ᠂ ᠰᠠᠨᠠᠭᠠᠴᠢᠯᠠᠭ᠎ᠠ ᠶᠢᠨ ᠪᠢᠴᠢᠭ ᠢ ᠶᠡᠭᠡ ᠲᠢᠩᠬᠢᠮ ᠳᠤ ᠡᠭᠡᠯᠵᠢᠯᠡᠨ ᠨᠡᠪᠲᠡᠷᠡᠭᠦᠯᠬᠦ ᠪᠠ ᠲᠠᠷᠬᠠᠭᠠᠵᠤ᠂ ᠰᠢᠨ᠎ᠡ ᠬᠥᠮᠦᠨ ᠢ ᠬᠥᠲᠥᠯᠦᠨ ᠵᠢᠯᠣᠭᠤᠳᠴᠤ ᠪᠠᠶᠢᠭᠠᠳ ᠬᠤᠷᠢᠮ ᠤᠨ ᠶᠣᠰᠣᠯᠠᠯ ᠬᠢᠬᠦ ᠳᠡᠭᠡᠨ ︽ᠲᠤᠯᠤᠭᠠᠨ ᠵᠠᠷᠴᠢᠮ︾᠎ ᠢ ᠪᠡᠶᠡᠯᠡᠭᠦᠯᠬᠦ ᠶᠢᠨ ᠬᠠᠮᠲᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠵᠤ᠂ ᠰᠢᠨ᠎ᠡ ᠬᠥᠮᠦᠨ ᠤ ᠪᠤᠯᠬᠢ ᠪᠦᠳᠦᠭᠦᠯᠢᠭ ᠣᠷᠤᠭ ᠤᠨ ᠦᠶᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ᠂ ᠥᠨᠳᠥᠷ ᠦᠨ᠎ᠡ ᠲᠠᠢ ᠪᠡᠯᠡᠭ ᠤᠨ ᠪᠡᠯᠡᠭ ᠵᠡᠷᠭᠡ ᠶᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ ᠃ ᠬᠤᠶᠠᠷ ᠲᠤ ᠤᠷᠤᠬ ᠤᠨ ᠪᠦᠷᠢᠳᠬᠡᠯ ᠤᠨ ᠦᠨᠡᠮᠯᠡᠯ ᠣᠯᠭᠤᠬᠤ ᠪᠠᠶᠢᠩᠭᠤ ᠶᠢᠨ ᠠᠵᠢᠯ ᠢ ᠥᠷᠨᠢᠭᠦᠯᠵᠦ᠂ ᠬᠤᠳᠠ᠂ ᠲᠣᠭᠤᠷᠢᠭ ᠤᠨ ᠬᠤᠶᠠᠷ ᠱᠠᠲᠤᠨ ᠤ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠶᠣᠰᠣ ᠰᠤᠷᠲᠠᠬᠤᠨ ᠤ ᠵᠢᠱᠢᠶᠡᠴᠢ᠂ ᠬᠥᠳᠡᠯᠮᠦᠷᠢ ᠶᠢᠨ ᠵᠢᠱᠢᠶᠡᠴᠢ᠂ ᠬᠠᠮᠤᠭ ᠤᠨ ᠭᠤᠶᠤ ᠭᠡᠷ ᠪᠦᠯᠢ ᠵᠡᠷᠭᠡ ᠡᠯ᠎ᠡ ᠡᠲᠡᠭᠡᠳ ᠤᠨ ᠬᠥᠮᠦᠰ ᠢ ᠤᠷᠢᠵᠤ ᠣᠨᠴᠠᠭᠠᠢ ᠪᠠᠶᠠᠷ ᠤᠨ ᠡᠳᠦᠷ᠂ ᠪᠠᠶᠠᠷ ᠤᠨ ᠡᠳᠦᠷ ᠲᠤ ᠰᠢᠨ᠎ᠡ ᠬᠥᠮᠦᠰ ᠲᠤ ᠦᠨᠡᠮᠯᠡᠯ ᠣᠯᠭᠤᠬᠤ ᠦᠢᠯᠡᠴᠢᠯᠡᠭᠡ ᠬᠠᠩᠭᠠᠵᠤ᠂ ᠤᠷᠤᠬ ᠤᠨ ᠶᠠᠪᠤᠳᠠᠯ ᠤᠨ ᠦᠨᠡᠮᠯᠡᠯ ᠠᠪᠬᠤ ᠵᠠᠩᠭᠢᠯᠠᠭ᠎ᠠ ᠶᠢᠨ ᠲᠥᠪ ᠬᠢᠴᠢᠶᠡᠩᠭᠦᠢ ᠲᠦᠷᠦᠭᠳᠡᠯ᠂ ᠶᠣᠰᠣᠯᠠᠯ ᠤᠨ ᠲᠦᠷᠦᠭᠳᠡᠯ ᠢ ᠶᠡᠬᠡᠪᠡᠷ ᠳᠡᠭᠡᠭᠰᠢᠯᠡᠭᠦᠯᠵᠦ᠂ ᠣᠳᠣᠬᠠᠨ ᠳᠤ ᠦᠨᠡᠮᠯᠡᠯ ᠣᠯᠭᠤᠬᠤ ᠳᠤ ᠣᠷᠣᠯᠴᠠᠭᠰᠠᠨ ᠡᠯ᠎ᠡ ᠡᠲᠡᠭᠡᠳ ᠤᠨ ᠬᠥᠮᠦᠨ ᠤ ᠲᠤᠭ᠎ᠠ 20 ᠭᠠᠷᠤᠢ ᠪᠣᠯᠪᠠ ᠃ ᠭᠤᠷᠪᠠ ᠳᠤ ︽ᠠᠷᠪᠠᠨ ᠬᠤᠷᠤᠭᠤ ᠶᠢ ᠬᠠᠷᠢᠯᠴᠠᠨ ᠰᠠᠭᠤᠯᠭᠠᠵᠤ ᠠᠪᠬᠤ︾᠎ ᠶᠢ ᠦᠨᠡᠮᠯᠡᠯ ᠣᠯᠭᠤᠬᠤ ᠶᠠᠪᠤᠴᠠ ᠳᠤ ᠣᠷᠣᠭᠤᠯᠵᠤ᠂ ᠬᠤᠶᠠᠷ ᠡᠲᠡᠭᠡᠳ ᠤᠨ ᠲᠤᠬᠠᠶ ᠶᠢᠨ ᠬᠥᠮᠦᠨ ᠢᠶᠠᠷ ᠤᠷᠤᠭ ᠤᠨ ᠲᠠᠩᠭᠠᠷᠢᠭ ᠤᠨ ᠦᠭᠡᠰ ᠢ ᠤᠩᠰᠢᠭᠤᠯᠬᠤ ᠨᠢ ᠨᠢᠭᠡ ᠨᠢ ᠵᠡᠭᠦᠨ ᠠᠴᠠ ᠨᠢᠭᠡ ᠨᠢ ᠪᠠᠷᠠᠭᠤᠨᠰᠢ ᠪᠠᠨ᠂ ᠨᠢᠭᠡ ᠨᠢ ᠳᠡᠭᠡᠭᠰᠢ ᠪᠠᠨ᠂ ᠵᠡᠭᠦᠨ ᠭᠠᠷ ᠢᠶᠠᠷ ᠢᠶᠠᠨ ᠪᠠᠷᠠᠭᠤᠨ ᠭᠠᠷ ᠢᠶᠠᠨ ᠬᠥᠲᠥᠯᠬᠦ ᠬᠡᠯᠪᠡᠷᠢ ᠶᠢ ᠪᠦᠷᠢᠨ ᠲᠡᠭᠦᠯᠳᠡᠷ ᠲᠣᠬᠢᠷᠠᠯᠴᠠᠭᠤᠯᠤᠭᠰᠠᠨ ᠢᠶᠠᠷ ᠪᠠᠷᠠᠬᠤ ᠦᠭᠡᠶ᠂ ᠨᠢᠭᠡ ᠨᠠᠰᠤ ᠪᠠᠷ ᠢᠶᠠᠨ ᠬᠠᠷᠢᠯᠴᠠᠨ ᠰᠠᠬᠢᠬᠤ ᠶᠢ ᠪᠡᠯᠭᠡᠳᠡᠬᠦ ᠶᠢᠨ ᠬᠠᠮᠲᠤ ᠪᠠᠰᠠ ᠬᠤᠶᠠᠷ ᠡᠲᠡᠭᠡᠳ ᠤᠨ ᠲᠤᠬᠠᠶ ᠶᠢᠨ ᠬᠥᠮᠦᠨ ᠤ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠠᠩᠭᠠᠷᠢᠭᠯᠠᠬᠤ ᠶᠣᠰᠣᠯᠠᠯ ᠤᠨ ᠲᠥᠪ ᠬᠢᠴᠢᠶᠡᠩᠭᠦᠶ ᠴᠢᠨᠠᠷ᠂ ᠲᠥᠪ ᠴᠢᠩᠭ᠎ᠠ ᠴᠢᠨᠠᠷ ᠢ ᠢᠯᠡᠷᠡᠭᠦᠯᠵᠦ᠂ ᠡᠭᠦᠨ ᠤ ᠤᠯᠠᠮ ᠠᠴᠠ ᠳᠠᠬᠢᠨ ᠰᠤᠷᠭᠠᠨ ᠬᠥᠮᠦᠵᠢᠭᠦᠯᠬᠦ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃ ᠲᠦᠷᠪᠡ ᠳᠤ᠂ ︽ᠪᠣᠯᠪᠠᠰᠤᠨ ᠤᠷᠤᠭ ᠤᠨ ᠵᠠᠩᠰᠢᠯ ᠢ ᠰᠠᠨᠠᠭᠠᠴᠢᠯᠠᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ︾᠂ ︽ᠪᠢ ᠢᠷᠭᠡᠨ ᠤ ᠬᠠᠤᠯᠢ ᠶᠢᠨ ᠪᠢᠴᠢᠭ ᠲᠠᠢ ᠪᠣᠯᠵᠤᠭ᠎ᠠ ᠲᠠᠢ︾᠂ ︽ᠬᠥᠳᠡᠯᠮᠦᠷᠢ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ ᠤᠷᠤᠭ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠪᠠᠶᠢᠭᠤᠯᠬᠤ︾᠂ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠪᠠᠶᠢᠭᠤᠯᠬᠤ︾᠂ ︽ᠠᠯᠳᠠᠨ ᠤᠷᠤᠬ ᠤᠨ ᠨᠥᠬᠦᠪᠥᠷᠢ ᠳᠤ ᠦᠯᠢᠭᠡᠷ ᠵᠢᠱᠢᠶ᠎ᠡ  ᠶᠢ ᠪᠤᠢ ᠪᠣᠯᠭᠠᠬᠤ︾ ᠵᠡᠷᠭᠡ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠪᠠ᠃ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠰᠢᠨ᠎ᠡ ᠶᠠᠪᠤᠳᠠᠯ ᠢ ᠰᠢᠨ᠎ᠡ ᠪᠠᠷ ᠡᠷᠬᠢᠯᠡᠵᠦ᠂ ᠳᠥᠭᠦᠮ ᠳᠥᠲᠡ ᠪᠥᠭᠡᠳ ᠲᠣᠬᠢᠷᠠᠮᠵᠢᠲᠠᠶ ᠪᠠᠶᠢᠵᠤ᠂ ᠤᠳᠤ ᠦᠶ᠎ᠡ ᠶᠢᠨ ᠪᠣᠯᠪᠠᠰᠤᠨ ᠤᠷᠤᠭ ᠬᠤᠷᠢᠮ ᠤᠨ ᠵᠠᠩ ᠳᠠᠳᠬᠠᠯ ᠰᠢᠨ᠎ᠡ ᠬᠡᠪ ᠰᠤᠷᠲᠠᠯ ᠢ ᠦᠨᠳᠦᠰᠦᠨ ᠳᠡᠭᠡᠨ ᠪᠤᠢ ᠪᠣᠯᠭᠠᠵᠤ᠂ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢᠯᠡᠳᠲᠡ ᠪᠣᠯᠪᠠ︔ ᠲᠠᠪᠤ ᠳᠤ᠂ ᠰᠢᠨ᠎ᠡ ᠬᠥᠮᠦᠰ ᠲᠤ ᠡᠷ᠎ᠡ ᠡᠮ᠎ᠡ ᠶᠢᠨ ᠡᠷᠬᠡ ᠡᠭᠦᠷᠭᠡ᠂ ᠬᠡᠷ ᠪᠦᠯᠢ ᠶᠢᠨ ᠬᠠᠷᠢᠴᠠᠭ᠎ᠠ ᠵᠡᠷᠭᠡ ᠶᠢ ᠲᠣᠳᠣᠷᠬᠠᠶ ᠪᠣᠯᠭᠠᠬᠤ ᠶᠢᠨ ᠲᠥᠯᠥᠭᠡ᠂ ᠣᠷᠤᠭ ᠤᠨ ᠣᠷᠳᠣᠨ ᠳᠤ ᠣᠷᠣᠬᠤ ᠪᠡᠯᠡᠳᠬᠡᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠵᠢᠨᠢᠩ ᠲᠣᠭᠤᠷᠢᠭ ᠲᠤ ︽ᠰᠢᠨ᠎ᠡ ᠬᠤᠷᠢᠮᠯᠠᠭᠰᠠᠨ ᠡᠷ᠎ᠡ ᠡᠮ᠎ᠡ ᠶᠢᠨ ᠰᠤᠷᠭᠠᠭᠤᠯᠢ︾ ᠪᠠᠶᠢᠭᠤᠯᠵᠤ᠂ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠣᠭᠤᠳᠬᠤ᠂ ᠤᠷᠤᠭᠯᠠᠬᠤ ᠵᠢᠷᠮᠦᠰᠦᠯᠡᠬᠦ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠵᠦ᠂ ᠰᠢᠨ᠎ᠡ ᠬᠥᠮᠦᠰ ᠤᠨ ᠣᠷᠤᠭ ᠤᠨ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠬᠤ ᠶᠢ ᠬᠥᠲᠥᠯᠦᠨ ᠵᠢᠯᠣᠭᠤᠳᠪᠠ᠃ ᠣᠳᠣ ᠪᠣᠯᠲᠠᠯ᠎ᠠ ᠰᠦᠢᠳᠬᠡᠯ ᠬᠤᠷᠢᠶᠠᠬᠤ ᠦᠭᠡᠶ ᠪᠠᠷ ᠤᠷᠤᠭᠯᠠᠬᠤ ᠠᠴᠠ ᠡᠮᠦᠨᠡᠬᠢ ᠬᠠᠪᠰᠤᠷᠤᠨ ᠵᠢᠯᠣᠭᠤᠳᠬᠤ ᠳᠤ ᠣᠷᠣᠯᠴᠠᠭᠰᠠᠨ 1294 ᠬᠥᠮᠦᠨ ᠪᠠᠶᠢᠨ᠎ᠠ᠃   ᠰᠤᠷᠪᠤᠯᠵᠢᠯᠠᠭᠴᠢ᠄  ᠭᠧ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠬᠠᠷᠢᠭᠤᠯᠤᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠤᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠣᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2