ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
ᠨᠡᠶᠢᠲᠡᠯᠡᠭᠰᠡᠨ ᠴᠠᠭ᠄
2022/2/9
 
470480.jpg
ᠰᠤᠷᠪᠤᠯᠵᠢᠯᠠᠭᠰᠠᠨ ᠴᠠᠭ ᠄ 2022-01-04ᠰᠤᠷᠪᠤᠯᠵᠢᠯᠠᠭᠰᠠᠨ ᠵᠣᠴᠢᠨ ᠄  ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ  ᠴᠢ᠊· ᠳᠠᠯᠠᠨᠲᠠᠢ        ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ︽ᠬᠤᠣᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠴᠡᠭ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠴᠠᠭ ᠲᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠬᠤᠷᠠᠯ ᠳᠡᠭᠡᠷ᠎ᠡ ᠱᠢ ᠲᠠᠢ ᠹᠤᠩ ᠱᠦᠵᠢ ᠶᠢᠨ ᠬᠢᠭᠰᠡᠨ ᠢᠯᠡᠳᠬᠡᠯ ᠳᠤ᠂ ᠪᠦᠬᠦ ᠵᠣᠬᠢᠶᠠᠯ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠤᠯᠤᠰ ᠲᠦᠷᠦ ᠶᠢᠨ ᠪᠠᠲᠤ ᠬᠦᠴᠦᠨ ᠢᠶᠠᠷ ᠪᠢᠯᠬᠠᠮ᠎ᠠ᠂ ᠲᠡᠦᠬᠡ ᠶᠢᠨ ᠬᠠᠷᠢᠭᠤᠴᠠᠯᠭ᠎ᠠ ᠲᠠᠢ᠂ ᠪᠦᠬᠦ ᠲᠠᠯ᠎ᠠ ᠶᠢᠨ ᠦᠵᠡᠯᠲᠡ ᠶᠢ ᠢᠯᠡᠷᠡᠭᠦᠯᠦᠭᠰᠡᠨ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠷᠢᠮᠲᠠᠯᠠᠭᠰᠠᠨ᠂ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠪᠠᠷ ᠪᠢᠯᠬᠠᠮ᠎ᠠ ᠮᠡᠳᠡᠭᠦᠯᠦᠯᠲᠡ ᠪᠠᠶᠢᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠨᠡᠩ ᠰᠠᠶᠢᠲᠤᠷ ᠥᠷᠨᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠦᠨᠳᠦᠰᠦᠯᠡᠯ ᠬᠠᠩᠭᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ · ᠳᠠᠯᠠᠩ ᠲᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠨᠢᠩ ᠲᠣᠭᠤᠷᠢᠭ ᠨᠢ ᠤᠯᠠᠭᠠᠨᠴᠠᠪ ᠬᠤᠲᠠ ᠶᠢᠨ ᠲᠥᠪ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠭᠡᠳᠡᠭ ᠢ ᠭᠦᠨᠵᠡᠭᠡᠶ ᠣᠶᠢᠯᠠᠭᠠᠵᠤ ᠪᠠᠶᠢᠨ᠎ᠠ ᠭᠡᠵᠡᠶ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠱᠢ ᠲᠠᠢ ᠹᠧᠩ ᠱᠦᠵᠢ ᠶᠢᠨ ᠤᠯᠠᠭᠠᠨᠴᠠᠪ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠣᠣᠷᠠᠬᠢ ᠲᠦᠷᠪᠡᠨ ᠲᠠᠯ᠎ᠠ ᠪᠠᠷ ᠦᠨᠡᠨᠬᠦ ᠠᠳᠬᠤᠨ ᠪᠣᠳᠠᠲᠠᠢ ᠠᠵᠢᠯᠯᠠᠵᠤ᠂ ᠯᠠᠪᠳᠠᠭᠤᠨ ᠪᠠᠲᠤᠲᠠᠢ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠳᠤ ᠵᠢᠨᠢᠩ ᠤᠨ ᠬᠦᠴᠦᠨ ᠴᠢᠳᠠᠯ ᠢ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ᠃         ᠨᠢᠭᠡ ᠳᠤ ︽ᠬᠤᠶᠠᠷ ᠢ ᠲᠣᠭᠲᠠᠭᠠᠬᠤ︾᠎ ᠶᠢ ᠣᠶᠢᠯᠠᠭᠠᠬᠤ ᠳᠤᠮᠳᠠ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠶ᠃ ᠱᠢ ᠱᠦᠵᠢ ᠢᠯᠡᠳᠬᠡᠯ ᠳᠡᠭᠡᠨ ︽ᠬᠤᠶᠠᠷ ᠢ ᠬᠠᠮᠠᠭᠠᠯᠠᠬᠤ︾᠎ ᠶᠢ ᠬᠤᠶᠢᠰᠢᠳᠠ ᠶᠢᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠶᠢ ᠡᠷᠡᠰ ᠪᠡᠶᠡᠯᠡᠭᠦᠯᠵᠦ᠂ ︽︿ᠬᠤᠶᠠᠷ ᠢ ᠬᠠᠮᠠᠭᠠᠯᠠᠬᠤ﹀ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠠᠰᠤᠷᠠᠯᠲᠠ ᠥᠬᠡᠶ ᠬᠥᠭᠵᠢᠨ ᠤᠷᠤᠭᠰᠢᠯᠠᠬᠤ ᠶᠢ ᠠᠬᠢᠭᠤᠯᠬᠤ ᠦᠨᠳᠦᠰᠦᠨ ᠤᠯᠤᠰ ᠲᠥᠷᠥ ᠶᠢᠨ ᠪᠠᠲᠤᠯᠠᠭ᠎ᠠ ᠮᠥᠨ︾ ᠭᠡᠵᠦ ᠴᠢᠬᠤᠯᠠᠴᠢᠯᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ︽ᠬᠤᠶᠠᠷ ᠢ ᠲᠣᠭᠲᠠᠭᠠᠬᠤ︾᠎ ᠪᠠᠷ ᠬᠠᠮᠤᠭ ᠤᠨ ᠦᠨᠳᠦᠰᠦᠨ ᠤᠯᠤᠰ ᠲᠥᠷᠥ ᠶᠢᠨ ᠬᠡᠮᠵᠢᠭᠦᠷ ᠪᠣᠯᠭᠠᠵᠤ᠂ ︽ᠬᠤᠶᠠᠷ ᠢ ᠬᠠᠮᠠᠭᠠᠯᠠᠬᠤ︾᠎ ᠶᠢ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠣᠯᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠵᠢᠯᠯᠠᠭ᠎ᠠ ᠪᠦᠬᠦᠨ ᠳᠤ ᠨᠠᠮ ᠤᠨ ᠲᠥᠪ ᠬᠤᠷᠢᠶᠠᠨ ᠤ ᠵᠢᠯᠣᠭᠤᠳᠣᠯᠭ᠎ᠠ ᠶᠢ ᠳᠠᠭᠠᠵᠤ᠂ ᠶᠡᠷᠦᠩᠬᠡᠶ ᠱᠦᠵᠢ ᠲᠠᠢ ᠨᠢᠭᠡᠳᠦᠯᠲᠡᠶ ᠪᠠᠶᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠣᠨᠴᠠᠭᠠᠶᠢᠯᠠᠨ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠭᠦᠨᠵᠡᠭᠡᠶ ᠰᠡᠳᠬᠢᠨ ᠰᠤᠷᠤᠯᠴᠠᠬᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠤᠯᠴᠠᠬᠤ᠂ ︽ᠬᠤᠶᠠᠷ ᠢ ᠲᠣᠭᠲᠠᠭᠠᠬᠤ︾᠎ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠶᠢ ᠬᠦᠳᠦᠯᠦᠨ ᠵᠢᠯᠣᠭᠤᠳᠴᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠤ ᠴᠥᠮ ᠯᠠᠪᠳᠠᠭᠤᠨ ᠪᠠᠲᠤᠲᠠᠢ ᠂ ᠨᠠᠶᠢᠳᠠᠪᠤᠷᠢᠲᠠᠢ᠂ ᠢᠲᠡᠭᠡᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃         ᠬᠤᠶᠠᠷ ᠲᠤ᠂ ᠲᠡᠦᠬᠡ ᠶᠢᠨ ᠶᠡᠭᠡ ᠬᠠᠨᠳᠤᠰᠢ ᠶᠢ ᠡᠵᠡᠮᠳᠡᠬᠦ ᠶᠠᠪᠤᠴᠠ ᠳᠤ ᠰᠢᠯᠭᠠᠯᠲᠠ ᠳᠤ ᠣᠷᠣᠯᠴᠠᠬᠤ ᠵᠠᠮ ᠢᠶᠠᠷ ᠪᠦᠬᠦ ᠬᠦᠴᠦᠨ ᠢᠶᠠᠷ ᠢᠶᠠᠨ ᠰᠠᠶᠢᠲᠤᠷ ᠵᠠᠮᠨᠠᠬᠤ ᠬᠡᠷᠡᠭᠲᠡᠢ᠃ ᠱᠢ ᠱᠦᠵᠢ ᠢᠯᠡᠳᠬᠡᠯ ᠳᠡᠭᠡᠨ᠂ ︽ᠥᠪᠥᠷ ᠮᠣᠩᠭᠤᠯ ᠪᠣᠯ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠂ ᠪᠢᠳᠡ ᠡᠷᠬᠡᠪᠰᠢ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠠᠪᠤᠴᠠ ᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠠᠨ ᠪᠠᠲᠤ ᠡᠭᠦᠷᠭᠡᠯᠡᠬᠦ ᠬᠡᠷᠡᠭᠲᠡᠶ︾ ᠭᠡᠵᠦ ᠵᠢᠭᠠᠵᠤ ᠭᠠᠷᠭᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠦ ᠴᠠᠭ ᠦᠶ᠎ᠡ ᠶᠢᠨ ᠶᠡᠭᠡ ᠰᠢᠯᠭᠠᠯᠲᠠ ᠶᠢᠨ ᠲᠣᠭᠤᠷᠢᠨ ᠳᠤ᠂ ᠲᠡᠦᠬᠡ ᠶᠢᠨ ᠶᠡᠭᠡ ᠬᠠᠨᠳᠤᠰᠢ ᠶᠢ ᠤᠯᠠᠮ ᠨᠢᠭᠡ ᠠᠯᠬᠤᠮ ᠡᠵᠡᠮᠳᠡᠵᠦ᠂ ᠰᠢᠯᠭᠠᠯᠲᠠ ᠶᠢᠨ ᠬᠠᠭᠤᠳᠠᠰᠤ ᠶᠢ ᠬᠠᠷᠢᠭᠤᠯᠬᠤ ᠤᠬᠠᠮᠰᠠᠷ ᠢᠶᠠᠨ ᠴᠢᠩᠭᠠᠳᠬᠠᠵᠤ᠂ ᠰᠢᠯᠭᠠᠯᠲᠠ ᠳᠤ ᠣᠷᠣᠯᠴᠠᠬᠤ ᠪᠠᠶᠢᠳᠠᠯ ᠢᠶᠠᠨ ᠪᠠᠲᠤᠯᠠᠵᠤ᠂ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠴᠢᠩᠭ᠎ᠠ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠳᠣᠷᠬᠠᠶᠢᠯᠠᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ︽ᠲᠠᠪᠤᠨ ᠤᠯᠠᠭᠠᠨᠴᠠᠪ︾᠎ ᠢ ᠪᠦᠲᠦᠭᠡᠨ ᠪᠠᠶᠢᠭᠤᠯᠬᠤ ᠬᠠᠷᠠᠯᠲᠠ ᠲᠠᠢ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠤᠶᠢᠯᠠᠭᠠᠨ ᠲᠤᠤᠱᠯᠠᠭᠤᠯᠵᠤ᠂ ᠲᠤᠰ ᠪᠡᠶ᠎ᠡ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠨᠡᠶᠢᠰᠯᠡᠯ ᠳᠤ ᠦᠢᠯᠡᠴᠢᠯᠡᠵᠦ᠂ ᠣᠷᠣᠨ ᠤ ᠲᠥᠪ ᠲᠤ ᠠᠭᠤᠰᠤᠯᠴᠠᠬᠤ︾ ᠬᠥᠭᠵᠢᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ︾ ᠠᠮᠢ ᠠᠬᠤᠶ ᠶᠢᠨ ᠵᠣᠬᠢᠶᠠᠯ᠂ ︽ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠵᠠᠰᠠᠯᠲᠠ ᠶᠢᠨ ᠵᠣᠬᠢᠶᠠᠯ᠂ ᠰᠢᠨ᠎ᠡ ᠶᠢ ᠡᠭᠦᠳᠬᠦ ᠬᠥᠭᠵᠢᠯᠲᠡ᠂ ᠴᠢᠳᠠᠪᠤᠷᠢᠲᠠᠨ ᠤ ᠴᠤᠭᠯᠠᠷᠠᠯ ᠪᠠ ᠦᠢᠯᠡᠴᠢᠯᠡᠭᠡᠨ ᠤ ᠨᠡᠭᠡᠭᠡᠯᠲᠡ ᠶᠢᠨ ︽ᠭᠤᠷᠪᠠᠨ ᠥᠨᠳᠥᠷ ᠭᠠᠵᠠᠷ︾᠎ ᠢ ᠪᠤᠶ ᠪᠣᠯᠭᠠᠵᠤ᠂ ᠬᠦᠴᠦ ᠪᠠᠨ ᠲᠥᠪᠯᠡᠷᠡᠭᠦᠯᠦᠨ ᠲᠤᠮᠤ ᠳ᠋ᠠᠶᠢᠲ᠋ᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢ ᠨᠢᠭᠡ ᠴᠤᠭᠴᠠᠵᠢᠭᠤᠯᠬᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠡᠷᠡᠭᠦᠯ ᠴᠢᠭᠢᠷᠠᠭ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠡᠯᠧᠺᠲᠷᠣᠨ ᠮᠡᠳᠡᠭᠡ ᠵᠠᠩᠭᠢ ᠶᠢᠨ ᠮᠠᠲ᠋ᠧᠷᠢᠶᠠᠯ ᠢ ᠡᠳ᠋ᠰᠢᠭᠦᠯᠬᠦ ︽ᠲᠠᠪᠤᠨ ᠶᠡᠭᠡ ᠠᠵᠤ ᠦᠢᠯᠡᠰ ᠤᠨ ᠪᠦᠯᠦᠭᠵᠢᠯ︾᠎ ᠢ ᠪᠤᠶᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠴᠠᠭ ᠤᠨ ᠦᠡᠭᠭᠡ ᠶᠢ ᠲᠠᠭᠠᠬᠰᠠᠨ᠂ ᠪᠠᠭᠲᠠᠭᠠᠮᠵᠢᠲᠠᠢ᠂ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢᠨ ᠲᠣᠭᠤᠷᠢᠭ ᠢ ᠴᠢᠷᠮᠠᠶᠢᠨ ᠪᠦᠳᠦᠬᠡᠨ ᠪᠠᠶᠢᠭᠤᠯᠤᠨ᠎ᠠ᠃          ᠭᠤᠷᠪᠠ ᠳᠤ᠂ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠬᠦ ᠳᠤᠮᠳᠠ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠬᠡᠷᠡᠭᠲᠡᠢ᠃ᠢᠯᠡᠳᠬᠡᠯ ᠳᠡᠭᠡᠨ᠄ ︽ᠠᠷᠠᠳ ᠢᠷᠭᠡᠳ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ ᠡᠭᠦᠰᠭᠡᠯ ᠪᠠ ᠲᠡᠭᠦᠰᠬᠡᠯ ᠮᠥᠨ︾ ᠭᠡᠵᠦ ᠵᠢᠭᠠᠵᠤ ᠭᠠᠷᠭᠠᠵᠠᠶ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠬᠦ ᠡᠨᠡᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠢᠯᠡᠳᠬᠡᠯ ᠳᠤ ᠲᠣᠳᠣᠷᠬᠠᠶᠢᠯᠠᠭᠰᠠᠨ ︽ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ︾ ᠬᠠᠷᠠᠯᠲᠠ ᠶᠢᠨ ᠲᠣᠭᠤᠷᠢᠨ ᠳᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠶ ᠲᠡᠭᠦᠯᠳᠡᠷᠵᠢᠭᠦᠯᠵᠦ ᠡᠷᠡᠭᠦᠯ ᠡᠩᠬᠡ ᠵᠢᠨᠢᠩ᠂ ᠠᠮᠤᠷ ᠠᠮᠤᠭᠤᠯᠠᠩ ᠵᠢᠨᠢᠩ᠂ ᠪᠢᠴᠢᠭ ᠤᠨ ᠰᠤᠷᠪᠤᠯᠵᠢᠲᠤ ᠵᠢᠨᠢᠩ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠥᠬᠡᠶ ᠦᠶᠯᠡᠳᠪᠦᠷᠢᠯᠡᠯ᠂ ᠦᠨᠳᠦᠰᠦᠲᠡᠨ ᠤ ᠪᠦᠯᠬᠦᠮᠳᠡᠯ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ᠂ ᠺᠠᠳ᠋ᠷᠴᠤᠳ ᠦᠨᠳᠦᠰᠦᠨ ᠱᠠᠲᠤᠨ ᠳᠤ ᠪᠠᠭᠤᠵᠤ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠳᠥᠷᠪᠡᠨ ︽ᠤᠨᠴᠠᠯᠢᠬᠳᠤ ᠫᠠᠶᠢᠰᠠ︾᠎ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾᠎ ᠶᠢᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠦᠨ᠎ᠡ᠃         ᠲᠦᠷᠪᠡ ᠳᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠬᠤ ᠳᠤᠮᠳᠠ ᠨᠠᠮ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠬᠤ ᠬᠡᠷᠡᠭᠲᠡᠢ᠃ ᠱᠢ ᠱᠦᠵᠢ ᠢᠯᠡᠳᠬᠡᠯ ᠳᠡᠭᠡᠨ᠂ ︽ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠠᠮᠢ ᠠᠬᠤᠶ ᠶᠢ ᠪᠥᠬᠦ ᠲᠠᠯ᠎ᠠ ᠪᠠᠷ ᠳᠠᠬᠢᠨ ᠪᠣᠶ ᠪᠣᠯᠭᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠭᠤᠣᠯ ᠳᠠᠭᠠᠷᠢᠯᠲᠠ ᠶᠢᠨ ᠴᠢᠭᠯᠡᠯ ᠢᠶᠠᠨ ᠣᠨᠣᠪᠴᠢᠲᠠᠶ ᠡᠷᠢᠵᠦ᠂ ᠦᠵᠡᠯ ᠰᠠᠨᠠᠭᠠᠨ ᠤ ᠲᠠᠯ᠎ᠠ ᠪᠠᠷ ᠴᠢᠩᠭ᠎ᠠ᠂ ᠬᠢᠨᠠᠯᠲᠠ ᠲᠠᠯᠪᠢᠬᠤ ᠲᠠᠯ᠎ᠠ ᠪᠠᠷ ᠴᠢᠩᠭ᠎ᠠ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠪᠠᠷ ᠴᠢᠩᠭ᠎ᠠ᠂ ᠠᠯᠪᠠᠨ ᠲᠤᠰᠢᠶᠠᠯᠲᠠᠨ ᠢ ᠵᠠᠰᠠᠬᠤ ᠲᠠᠯ᠎ᠠ ᠪᠠᠷ ᠴᠢᠩᠭ᠎ᠠ᠂ ᠰᠤᠷᠲᠠᠯ ᠤᠨ ᠲᠠᠯ᠎ᠠ ᠪᠠᠷ ᠴᠢᠩᠭ᠎ᠠ᠂ ᠢᠯᠵᠠᠷᠠᠯ ᠢ ᠡᠰᠡᠷᠭᠦᠴᠡᠬᠦ ᠲᠠᠯ᠎ᠠ ᠪᠠᠷ ᠴᠢᠩᠭ᠎ᠠ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠶ ᠪᠥᠭᠡᠳ ᠪᠣᠳᠠᠲᠠᠶ ᠬᠢᠵᠦ᠂ ᠢᠯᠠᠩᠭᠤᠶ᠎ᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠮᠠᠨ ᠤ ᠨᠠᠮ ᠤᠨ ᠥᠨᠢ ᠡᠭᠦᠷᠢᠳᠡ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠨᠠᠮ ᠤᠨ ᠪᠠᠶᠢᠭᠤᠯᠤᠯᠲᠠ ᠪᠠᠷ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠴᠢᠩᠭᠠᠳᠬᠠᠬᠤ︾ ᠵᠡᠷᠭᠡ ᠲᠤᠰᠬᠠᠶ ᠠᠵᠢᠯᠯᠠᠭ᠎ᠠ ᠵᠢᠴᠢ ︽ᠠᠯᠵᠠᠭᠤ ᠬᠤᠶᠢᠷᠭᠤ᠂ ᠵᠠᠶᠢᠯᠠᠨ ᠵᠠᠶᠢᠯᠠᠬᠤ᠂ ᠬᠤᠶᠢᠷᠭᠤᠰᠢᠨ ᠬᠤᠶᠢᠷᠭᠤᠰᠢᠬᠤ︾᠂ ᠴᠣᠩᠬᠤᠪᠴᠢ ᠨᠢᠭᠡᠴᠡ ᠶᠢᠨ ᠰᠤᠷᠲᠠᠯ ᠪᠣᠯᠤᠨ ᠣᠯᠠᠨ ᠲᠦᠮᠡᠨ ᠤ ᠳᠡᠷᠭᠡᠳᠡᠬᠢ ᠪᠢᠴᠢᠯ ᠢᠯᠵᠠᠷᠠᠯ ᠤᠨ ᠠᠰᠠᠭᠤᠳᠠᠯ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠤᠨ ᠴᠢᠳᠠᠪᠤᠷᠢ ᠬᠡᠪ ᠴᠢᠨᠠᠷ ᠪᠣᠯᠤᠨ ᠰᠠᠬᠢᠯᠭ᠎ᠠ ᠪᠠᠲᠤ ᠣᠪᠣᠷ ᠰᠤᠷᠲᠠᠯ ᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨ ᠰᠡᠷᠭᠦᠭᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2