ᠵᠢᠨᠢᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/11
800470.jpg
               3 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃          ᠲᠣᠭᠤᠷᠢᠭ ᠤᠨ ᠤᠳᠤᠷᠢᠳᠤᠯᠭ᠎ᠠ ᠸᠠᠩ ᠯᠢ ᠰᠢᠨ᠂ ᠵᠦ ᠶᠠᠨ ᠵᠢᠶᠦ᠋ᠨ᠂ ᠯᠢ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠬᠤᠷᠠᠯ ᠠᠴᠠ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠬᠠᠮᠢᠶ᠎ᠠ ᠪᠥᠬᠦᠶ ᠲᠤᠷᠰᠢᠯᠭ᠎ᠠ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠲᠣᠰ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠠ ᠵᠠᠪᠰᠢᠶᠠᠨ ᠢ ᠡᠷᠢᠬᠦ ᠪᠣᠳᠣᠯ᠂ ᠮᠢᠨᠴᠦᠭᠦᠷᠡᠬᠦ ᠦᠵᠡᠯ ᠰᠠᠨᠠᠭ᠎ᠠ᠂ ᠲᠡᠶᠢᠨ ᠠᠴᠠ ᠬᠠᠯᠠᠰᠢᠷᠠᠬᠤ ᠰᠡᠳᠬᠢᠯᠭᠡ ᠪᠠ ᠰᠤᠯᠠᠷᠠᠬᠤ ᠰᠡᠳᠬᠢᠯᠭᠡ ᠶᠢ ᠡᠷᠡᠰ ᠲᠠᠰᠤ ᠬᠤᠷᠢᠭᠯᠠᠵᠤ᠂ ᠰᠡᠷᠭᠡᠶᠢᠯᠡᠬᠦ ᠳᠤ ᠰᠠᠭᠤᠷᠢᠯᠠᠬᠤ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠪᠠᠷ ᠰᠠᠶᠢᠲᠤᠷ ᠠᠳᠬᠤᠬᠤ ᠶᠢ ᠪᠠᠷᠢᠮᠲᠠᠯᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠬᠦ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠴᠢᠩᠭᠠᠳᠬᠠᠨ᠂ ᠡᠮᠦᠨ᠎ᠡ ᠨᠢ ᠵᠢᠯᠣᠭᠤᠳᠴᠤ᠂ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠬᠤᠷᠠᠯ ᠠᠴᠠ᠂ ᠪᠦᠬᠦ  ᠲᠤᠭᠤᠷᠢᠭ ᠤᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠤᠨ ᠡᠭᠦᠳᠡ ᠪᠠᠨ ᠰᠠᠶᠢᠲᠤᠷ ᠰᠠᠬᠢᠵᠤ᠂ ᠥᠪᠡᠷ ᠤᠨ ᠬᠥᠮᠦᠨ ᠢᠶᠠᠨ ᠰᠠᠶᠢᠲᠤᠷ ᠬᠠᠮᠢᠶᠠᠷᠴᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠡᠯ᠎ᠡ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠢ ᠴᠢᠩᠭ᠎ᠠ ᠠᠳᠬᠤᠵᠤ᠂  ᠪᠡᠶ᠎ᠡ ᠶᠢᠨ ᠳᠤᠯᠠᠭᠠᠨ ᠤ ᠬᠡᠮᠵᠢᠶ᠎ᠡ ᠶᠢ ᠬᠡᠮᠵᠢᠬᠦ᠂ ᠺᠣᠳ᠋ ᠰᠢᠷᠪᠢᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠭᠡᠷᠡᠴᠢ ᠶᠢ ᠭᠠᠷᠭᠠᠨ ᠦᠵᠡᠭᠦᠯᠬᠦ ᠵᠡᠷᠭᠡ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠡᠷᠭᠡ  ᠬᠥᠮᠦᠨ ᠳᠠᠭᠠᠷᠠᠪᠠᠯ ᠵᠠᠪᠠᠯ ᠪᠠᠶᠢᠴᠠᠭᠠᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠲᠠᠢ ᠬᠤᠯᠪᠣᠭᠠᠯᠠᠨ ᠬᠥᠮᠦᠰ ᠢ ᠪᠠᠶᠢᠴᠠᠭᠠᠨ ᠭᠠᠷᠭᠠᠬᠤ ᠠᠵᠢᠯ ᠢ ᠰᠠᠶᠢᠲᠤᠷ ᠠᠳᠬᠤᠵᠤ᠂ ᠪᠦᠬᠦᠨ ᠢ ᠬᠠᠮᠤᠷᠬᠤ᠂ ᠬᠡᠪᠢᠰ ᠮᠠᠶ᠋ᠢᠭ ᠤᠨ ᠰᠢᠨᠵᠢᠯᠡᠬᠦ ᠤᠬᠠᠭᠠᠨᠴᠢ ᠪᠠᠷ ᠨᠠᠷᠢᠨ ᠣᠨᠣᠪᠴᠢᠲᠠᠢ ᠪᠠᠷ ᠨᠢᠭᠲᠠ ᠵᠠᠯᠭᠠᠯᠳᠤᠭᠰᠠᠨ᠂ ᠳᠡᠳ᠋ ᠨᠢᠭᠲᠠ ᠵᠠᠯᠭᠠᠯᠳᠤᠭᠰᠠᠳ ᠵᠡᠷᠭᠡ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ᠂ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠬᠦᠷᠭᠡᠯᠲᠡ ᠶᠢ ᠨᠡᠶᠢᠳᠬᠡᠵᠦ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠦᠷᠢᠳᠬᠡᠯ ᠤᠨ ᠲᠤᠭ᠎ᠠ ᠪᠠᠷᠢᠮᠲᠠ ᠲᠠᠢ ᠬᠠᠷᠢᠴᠠᠭᠤᠯᠵᠤ᠂ ᠳᠤᠮᠳᠠ ᠠᠴᠠ ᠨᠢ ᠳᠤᠲᠠᠭᠳᠠᠯ ᠢ ᠪᠠᠶᠢᠴᠠᠭᠠᠵᠤ᠂ ᠳᠤᠲᠠᠭᠤᠳᠠᠯ ᠢ ᠨᠥᠬᠦᠪᠥᠷᠢᠯᠡᠵᠦ᠂ ︽ᠬᠥᠮᠦᠨ ᠤ ᠲᠤᠭ᠎ᠠ ᠶᠢ ᠲᠣᠳᠣᠷᠬᠠᠶᠢᠯᠠᠬᠤ᠂ ᠣᠷᠣᠨ ᠪᠠᠶᠢᠷᠢ ᠶᠢ ᠲᠣᠳᠣᠷᠬᠠᠶᠢᠯᠠᠬᠤ᠂ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠲᠣᠳᠣᠷᠬᠠᠶᠢᠯᠠᠬᠤ︾᠎ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ︽ᠲᠠᠯᠠᠪᠤᠷ ᠭᠠᠵᠠᠷ ᠤᠨ ᠺᠣᠳ᠋︾ ︽ᠠᠶᠠᠯᠠᠯ ᠤᠨ ᠺᠣᠳ᠋︾᠎ ᠢ ᠰᠢᠷᠪᠢᠵᠦ ᠰᠢᠯᠭᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠳᠡᠯᠭᠡᠷᠡᠭᠦᠯᠵᠦ᠂ ᠲᠣᠮᠣ ᠳ᠋ᠠᠶᠢᠲ᠋ᠠ ᠶᠢᠨ ᠮᠡᠷᠭᠡᠵᠢᠯ ᠤᠨ ᠲᠤᠯᠭᠠᠭᠤᠷᠢᠯᠠᠯ ᠢ ᠭᠦᠶᠴᠡᠳ ᠠᠰᠢᠭᠯᠠᠨ᠂ ᠣᠳᠣᠬᠢᠴᠢᠯᠠᠭᠰᠠᠨ ᠠᠷᠭ᠎ᠠ ᠪᠠᠷᠢᠯ ᠢᠶᠠᠷ ︽ᠬᠤᠶᠠᠷ ᠺᠣᠳ᠋︾᠎ ᠤᠨ ᠦᠶᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠨ᠂  ᠥᠪᠡᠷ ᠤᠨ ᠥᠷᠲᠡᠭ ᠢᠶᠠᠷ ᠬᠠᠮᠤᠭ ᠤᠨ ᠶᠡᠭᠡ ᠦᠷ᠎ᠡ ᠪᠦᠲᠦᠮᠵᠢ ᠶᠢ ᠰᠣᠯᠢᠵᠤ ᠠᠪᠴᠢᠷᠠᠬᠤ ᠬᠡᠷᠡᠭᠲᠡᠶ᠃       ᠬᠤᠷᠠᠯ ᠠᠴᠠ ᠱᠠᠭᠠᠷᠳᠠᠭᠰᠠᠨ ᠨᠢ᠂ ᠸᠠᠺᠼᠢᠨ ᠤ ᠲᠠᠷᠢᠯᠭ᠎ᠠ ᠶᠢᠨ ᠪᠦᠲᠦᠮᠵᠢᠲᠦ ᠴᠢᠨᠠᠷ᠂ ᠠᠶᠤᠯᠭᠦᠶ ᠴᠢᠨᠠᠷ ᠢ ᠥᠷᠭᠡᠨ ᠵᠶ᠋ᠠᠷ‌ᠤᠬᠠᠭᠤᠯᠵᠤ᠂ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ᠂ ᠣᠯᠠᠨ ᠲᠦᠮᠡᠨ ᠤ ᠦᠵᠡᠯ ᠰᠠᠨᠠᠭᠠᠨ ᠤ ᠡᠷᠡᠭᠡᠯᠵᠡᠭᠡ ᠶᠢ ᠠᠷᠢᠯᠭᠠᠵᠤ᠂ ᠣᠯᠠᠨ ᠲᠦᠮᠡᠨ ᠢ ᠰᠡᠳᠬᠢᠯ ᠠᠮᠤᠷ᠂ ᠬᠠᠨᠤᠮᠵᠢᠲᠠᠶ ᠪᠠᠶᠢᠯᠭᠠᠬᠤ ᠶᠢ ᠦᠨᠡᠨᠬᠦ ᠪᠡᠶᠡᠯᠡᠭᠦᠯᠵᠦ᠂ ︽ᠠᠷᠠᠳ ᠨᠡᠶᠢᠲᠡ ᠪᠠᠷ ᠢᠶᠠᠨ ᠲᠠᠷᠢᠯᠭ᠎ᠠ ᠬᠢᠬᠦ︾ ᠰᠡᠷᠭᠡᠶᠢᠯᠡᠯᠲᠡ ᠶᠢᠨ ᠣᠷᠳᠣ ᠴᠠᠭᠠᠨ ᠬᠡᠷᠡᠮ ᠢ ᠬᠠᠮᠲᠤ ᠪᠠᠷ ᠴᠣᠭᠴᠠᠯᠠᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠶ ᠭᠠᠷ ᠳᠡᠪᠲᠡᠷ︾᠎ ᠤᠨ ᠬᠠᠮᠢᠶ᠎ᠠ ᠪᠥᠬᠦᠶ ᠠᠭᠤᠯᠭ᠎ᠠ ᠶᠢ ᠭᠦᠨᠵᠡᠭᠡᠶ ᠰᠤᠳᠤᠯᠤᠨ ᠤᠩᠰᠢᠵᠤ᠂ ᠣᠨᠣᠪᠴᠢᠲᠠᠶ ᠡᠵᠡᠮᠰᠢᠵᠦ᠂ ᠲᠥᠯᠥᠪᠯᠡᠭᠡ ᠲᠠᠢ᠂ ᠲᠣᠬᠢᠷᠠᠭᠤᠯᠤᠯᠲᠠ ᠲᠠᠢ ᠪᠠᠷ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ᠂ ᠰᠣᠷᠢᠯᠲᠠ ᠶᠢ ᠥᠷᠨᠢᠭᠦᠯᠵᠦ᠂ ᠡᠯ᠎ᠡ ᠵᠦᠶᠯ ᠤᠨ ᠠᠯᠬᠤᠮ ᠳᠠᠷᠠᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠡᠯ᠎ᠡ ᠵᠦᠶᠯ ᠤᠨ ᠠᠭᠤᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠤᠨ ᠲᠤᠰᠬᠠᠶ ᠠᠩᠭᠢ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠡᠭᠦᠷᠭᠡ ᠶᠢ ᠠᠵᠢᠯ ᠤᠨ ᠪᠠᠶᠢᠷᠢ ᠳᠤᠨᠢ ᠬᠦᠷᠦᠭᠦᠯᠵᠦ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠡᠭᠦᠰᠪᠡᠯ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠲᠦᠷᠭᠡᠨ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ᠃                  ᠵᠢᠷᠤᠭ᠄ ᠭᠦᠸᠧ ᠸᠧᠨ ᠵᠢᠶᠧ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2