ᠵᠢᠨᠢᠩ ᠲᠣᠭᠤᠷᠢᠭ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/14
800470.jpg
       3 ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠢᠶᠠᠨ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃          ᠲᠣᠭᠤᠷᠢᠭ ᠤᠨ ᠤᠳᠤᠷᠢᠳᠤᠯᠭ᠎ᠠ ᠳ᠋ᠧᠦ ᠲᠤᠤ ᠷᠠᠨ᠂ ᠾᠧ ᠷᠦᠨ ᠭᠧᠨ᠂ ᠷᠧᠨ ᠶᠦᠩ ᠱᠧᠩ᠂ ᠸᠠᠩ ᠯᠢ ᠰᠢᠨ᠂ ᠭᠦᠸᠧ ᠬᠤᠩ ᠭᠤᠸᠠᠩ᠂ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠠᠮᠳᠠᠭᠤᠯᠤᠭᠰᠠᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃         ᠺᠠᠩ ᠬᠠᠶ ᠷᠦᠢ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠣᠳᠣᠷᠬᠠᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠡᠯ᠎ᠡ ᠱᠠᠲᠤᠨ ᠤ ᠤᠳᠤᠷᠢᠳᠬᠤ ᠨᠥᠬᠦᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢ ᠭᠦᠨᠵᠡᠭᠡᠶ  ᠲᠤᠭᠤᠰᠢᠯᠠᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠡᠷᠭᠡᠭ ᠢᠶᠠᠷ ᠲᠠᠨᠢᠬᠤ ᠪᠠ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ 2022 ᠣᠨ ᠤ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃      ᠺᠠᠩ ᠬᠠᠶ ᠷᠦᠢ  ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ︽ᠬᠥᠨᠳᠡᠯᠡᠨ ᠴᠢᠭᠯᠡᠯ ᠢᠶᠠᠷ ᠬᠢᠵᠠᠭᠠᠷ ᠣᠷᠣᠨ ᠳᠤ ᠬᠦᠷᠭᠡᠬᠦ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ︾ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠶᠳᠪᠦᠷᠢᠯᠡᠬᠦ ᠰᠢᠰᠲ᠋ᠧᠮ ᠢ ᠪᠣᠶ ᠪᠣᠯᠭᠠᠵᠤ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠬᠦ ᠶᠢ ᠦᠨᠡᠨ ᠬᠦ ᠳᠥᠯᠭᠢᠨ ᠠᠬᠢᠭᠤᠯᠬᠤ ᠬᠡᠷᠡᠭᠲᠡᠶ ᠃ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯ ᠢ ᠰᠠᠶᠢᠲᠤᠷ ᠬᠢᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠶᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠳᠠᠷᠤᠭᠳᠠᠮᠠᠯ ᠬᠡᠷᠡᠭ ᠢ ᠠᠷᠢᠯᠭᠠᠬᠤ᠂ ᠬᠦᠨᠳᠦ ᠠᠰᠠᠭᠤᠳᠠᠯ ᠢ ᠵᠠᠰᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠪᠡᠷᠬᠡ ᠰᠡᠳᠦᠪ ᠢ ᠰᠢᠶᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶᠳᠪᠦᠷᠢᠯᠡᠬᠦ ᠠᠵᠢᠯ ᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠬᠡᠷᠡᠭ ᠳᠠᠭᠠᠭᠠᠴᠢᠯᠠᠬᠤ ᠨᠢᠭᠡᠴᠡ ᠵᠢᠴᠢ ᠬᠡᠷᠡᠭ ᠳᠠᠭᠠᠭᠠᠴᠢᠯᠠᠬᠤ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ ︾ ᠵᠠᠷᠴᠢᠮ ᠶᠣᠰᠣᠭᠠᠷ᠂ ᠬᠡᠷᠡᠭ ᠳᠠᠭᠠᠭᠠᠴᠢᠯᠠᠬᠤ ᠲᠦᠷᠢᠮ ᠢ ᠱᠠᠲᠤ ᠳᠠᠷᠠᠭᠠᠯᠠᠨ ᠵᠦᠶᠯ ᠳᠠᠷᠠᠭᠠᠯᠠᠨ‌ᠨᠠᠶᠢᠳᠠᠪᠤᠷᠢᠵᠢᠭᠤᠯᠵᠤ᠂ ᠠᠵᠢᠯᠲᠠᠨ ᠤ ᠬᠤᠪᠢᠷᠠᠯᠲᠠ ᠠᠴᠠ ᠪᠣᠯᠵᠣ ᠠᠵᠢᠯ ᠢᠶᠠᠨ ᠲᠠᠰᠤᠯᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠃ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠲᠣᠭᠲᠠᠴᠠ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭ ᠳᠠᠷᠠᠭᠠᠯᠠᠨ ᠲᠤᠰᠬᠠᠢ ᠠᠩᠭᠢ ᠪᠠᠶᠢᠭᠤᠯᠵᠤ᠂ ᠨᠢᠭᠡ ᠨᠢᠭᠡ ᠪᠠᠷ ᠲᠥᠰᠦᠯ ᠭᠠᠷᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠦᠨᠡᠨ ᠬᠦ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠴᠢᠨᠠᠷ ᠰᠠᠶᠢᠲᠠᠢ ᠴᠡᠪᠡᠷᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ᠠᠷᠭ᠎ᠠ  ᠬᠡᠮᠵᠢᠶ᠎ᠡ  ᠶᠢ ᠴᠢᠬᠤᠯᠠᠴᠢᠯᠠᠵᠤ᠂ ᠬᠠᠤᠯᠢ ᠵᠦᠢ᠂ ᠤᠴᠢᠷ ᠵᠦᠢ᠂ ᠤᠴᠢᠷ ᠶᠣᠰᠣ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠦᠷᠦ ᠶᠢᠨ ᠪᠤᠳᠤᠯᠭ᠎ᠠ ᠶᠢ ᠴᠢᠩᠭ᠎ᠠ ᠵᠢᠷᠤᠮᠯᠠᠨ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠶᠳᠪᠦᠷᠢᠯᠡᠭᠰᠡᠨ ᠰᠠᠭᠤᠷᠢᠨ ᠳᠡᠭᠡᠷ᠎ᠡ᠂ ᠵᠥᠷᠢᠴᠡᠯ ᠤᠨ ︽ᠤᠴᠢᠷ ᠶᠠᠪᠤᠳᠠᠯ ᠤᠨ ᠵᠠᠩᠭᠢᠷᠠᠭ᠎ᠠ︾᠎ ᠶᠢ ᠦᠨᠡᠨ ᠬᠦ ᠲᠠᠶᠢᠯᠵᠤ᠂ ᠤᠯᠠᠨ ᠲᠦᠮᠡᠨ ᠤ ︽ᠰᠡᠳᠬᠢᠯ ᠤᠨ ᠵᠠᠩᠭᠢᠷᠠᠭ᠎ᠠ︾᠎ ᠶᠢ ᠨᠡᠭᠡᠭᠡᠬᠦ ᠬᠡᠷᠡᠭᠲᠡᠶ ᠭᠡᠵᠡᠢ ᠃                          ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2