ᠵᠢᠨᠢᠩ ᠲᠣᠭᠤᠷᠢᠭ ᠤᠨ ᠠᠷᠠᠳ ᠤᠨ ᠵᠠᠰᠠᠭ ‍ᠤᠨ‌ᠤᠷᠳᠤᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2022/3/16
ᠵᠢᠨᠢᠩ ᠲᠣᠭᠤᠷᠢᠭ ᠤᠨ ᠠᠷᠠᠳ ᠤᠨ ᠵᠠᠰᠠᠭ ‍ᠤᠨ‌ᠤᠷᠳᠤᠨ ᠤ ᠪᠢᠴᠢᠭ ᠮᠠᠲ᠋ᠧᠷᠢᠶᠠᠯ                  ᠵᠢᠨᠢᠩ ᠵᠠᠰᠠᠭ ᠠᠯᠪᠠᠨ ﹇2022﹈ 1 ᠳ᠋ᠦ᠋ᠭᠡᠷ ᠲᠣᠭᠠᠲᠤ     ︽ᠵᠢᠨᠢᠩ ᠲᠣᠭᠤᠷᠢᠭ ᠤᠨ 2022 ᠣᠨ ᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠠᠯᠪᠠᠨ ᠬᠡᠷ ᠤᠨ ᠮᠡᠳᠡᠭᠳᠡᠯ              ᠲᠤᠭᠤᠷᠢᠭ ‍ᠤᠨ‌‍ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ᠄     ︽ᠵᠢᠨᠢᠩ ᠲᠣᠭᠤᠷᠢᠭ ᠤᠨ 2022 ᠣᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠮᠠᠨ ᠤ ᠲᠤᠭᠤᠷᠢᠭ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠵᠢᠷᠤᠮᠯᠠᠨ ᠬᠡᠷᠡᠭᠵᠢᠭᠦᠯᠲᠦᠭᠡᠶ᠃                                  ᠣᠨᠴᠠᠭᠠᠶᠢᠯᠠᠨ ᠮᠡᠳᠡᠭᠳᠡᠪᠡ                                  2022 ᠣᠨ ᠤ 1 ᠰᠠᠷ᠎ᠠ ᠶᠢᠨ 18 ᠵᠢᠨᠢᠩ ᠲᠣᠭᠤᠷᠢᠭ ᠤᠨ 2022 ᠣᠨ ᠤ ᠤᠯᠤᠰ ᠤᠨ ᠢᠳᠡᠭᠡᠨ ᠤ ᠠᠮᠤᠷ ᠲᠦᠪᠰᠢᠨ ᠤ  ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ        ᠤᠯᠤᠰ ᠤᠨ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠦᠨᠡᠯᠡᠬᠦ ᠨᠠᠷᠢᠨ ᠲᠦᠷᠢᠮ ︵2021 ᠳ᠋ᠦ᠋ᠭᠡᠷ ᠨᠢᠭᠤᠷ︶︾ ᠪᠠ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠦᠨᠡᠯᠡᠬᠦ ᠪᠠ ᠬᠠᠮᠢᠶᠠᠷᠬᠤ ᠠᠷᠭ᠎ᠠ︾᠎ ᠶᠢᠨ ᠱᠠᠭᠠᠷᠳᠠᠯᠭ᠎ᠠ ᠶᠣᠰᠣᠭᠠᠷ᠂ ᠲᠣᠰ ᠲᠥᠰᠦᠯ ᠢ ᠲᠣᠭᠲᠠᠭᠠᠪᠠ᠃       ᠨᠢᠭᠡ᠂ ᠡᠭᠦᠳᠦᠨ ᠪᠠᠶᠢᠭᠤᠯᠬᠤ ᠬᠠᠷᠠᠯᠲᠠ       ᠮᠠᠨ ᠤ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠶᠡᠷᠦᠩᠬᠡᠶ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠲᠠᠢ ᠪᠣᠯᠵᠣ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ 80%᠎ ᠠᠴᠠ ᠳᠡᠭᠡᠭᠰᠢ ᠳᠤ ᠬᠦᠷᠴᠦ᠂ ᠡᠭᠦᠳᠦᠨ ᠪᠠᠶᠢᠭᠤᠯᠬᠤ ᠶᠢ ᠮᠡᠳᠡᠬᠦ ᠨᠣᠷᠮ᠎ᠠ 85%᠎ ᠠᠴᠠ ᠳᠡᠭᠡᠭᠰᠢ ᠰᠢᠯᠭᠠᠨ ᠪᠠᠶᠢᠴᠠᠭᠠᠯᠲᠠ ᠶᠢᠨ ᠬᠡᠮᠵᠢᠶ᠎ᠡ ᠶᠢ ᠵᠢᠯ ᠪᠦᠷᠢ 4 ᠬᠤᠪᠢ / ᠮᠢᠩᠭᠠᠨ ᠬᠥᠮᠦᠨ ᠳᠤ ᠬᠦᠷᠦᠭᠦᠯᠵᠦ᠂ ᠢᠳᠡᠭᠡᠨ ᠤ ᠦᠨᠡᠯᠡᠯᠲᠡ ᠶᠢᠨ ᠴᠢᠨᠠᠷᠲᠠᠶ ᠰᠤᠭᠤᠴᠢᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠨᠣᠷᠮ᠎ᠠ ᠶᠢ 98%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ ᠃ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠢᠳᠡᠭᠡᠨ ᠢ ᠰᠢᠯᠭᠠᠨ ᠪᠠᠶᠢᠴᠠᠭᠠᠬᠤ ᠬᠡᠮᠵᠢᠶ᠎ᠡ ᠶᠢ ᠵᠢᠯ ᠪᠦᠷᠢ 2 ᠬᠤᠪᠢ / ᠮᠢᠩᠭᠠᠨ ᠬᠥᠮᠦᠨ ᠳᠤ ᠬᠦᠷᠦᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠶᠡᠷᠦᠩᠬᠡᠶ ᠬᠢᠷᠢ ᠲᠡᠩᠴᠡᠭᠰᠡᠨ ᠨᠣᠷᠮ᠎ᠠ ᠶᠢ 98%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ 2022 ᠣᠨ ᠳᠤ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ︽ᠤᠯᠤᠰ ᠤᠨ ᠠᠯᠪᠠᠲᠠᠨ ᠤ ᠰᠢᠯᠭᠠᠯᠲᠠ︾᠎ ᠶᠢᠨ ᠰᠢᠯᠭᠠᠯᠲᠠ ᠶᠢ ᠥᠩᠭᠡᠷᠡᠭᠦᠯᠬᠦ ᠪᠠᠷ ᠴᠢᠷᠮᠠᠶᠢᠨ᠎ᠠ᠃      ᠬᠤᠶᠠᠷ᠂ ᠠᠵᠢᠯ ᠤᠨ ᠡᠭᠦᠷᠭᠡ ᠪᠠ ᠠᠷᠭ᠎ᠠ ᠬᠡᠮᠵᠢᠶ᠎ᠡ      ︵ᠨᠢᠭᠡ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ     1. ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠡᠭᠦᠳᠦᠨ ᠪᠠᠶᠢᠭᠤᠯᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠢᠳᠡᠭᠡᠨ ᠤ ᠠᠮᠤᠷ ᠲᠦᠪᠰᠢᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠠᠵᠢᠯ ᠤᠨ ᠵᠠᠷᠤᠳᠠᠯ ᠤᠨ ᠬᠡᠷᠡᠭᠴᠡᠭᠡ ᠶᠢ ᠬᠠᠩᠭᠠᠬᠤ ᠶᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠣᠮᠢᠯᠠᠭᠰᠠᠨ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠨᠤᠭ ᠲᠥᠬᠦᠭᠡᠷᠦᠮᠵᠢ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠵᠡᠷᠭᠡ ᠶᠢ ᠳᠣᠭᠢᠷᠠᠭᠤᠯᠤᠨ ᠳᠣᠭᠢᠷᠠᠭᠤᠯᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ︵ᠬᠠᠷᠢᠭᠤᠴᠠᠯᠭᠠᠲᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶     2. ᠠᠵᠢᠯ ᠤᠨ ᠲᠣᠭᠲᠠᠴᠠ ᠪᠠᠨ ᠪᠥᠷᠢᠨᠰᠢᠬᠦᠯᠥᠨ᠎ᠡ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠪᠠᠶᠢᠭᠤᠯᠤᠯᠲᠠ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠶᠡᠷᠦᠩᠬᠡᠶᠢᠯᠡᠨ ᠵᠣᠬᠢᠴᠠᠭᠤᠯᠬᠤ ᠦᠶᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠬᠤᠭᠤᠷᠣᠨᠳᠣ ᠪᠠᠨ ᠮᠡᠳᠡᠭᠡ ᠵᠠᠩᠭᠢ ᠶᠢ ᠮᠡᠳᠡᠭᠡᠯᠡᠬᠦ᠂ ᠪᠠᠶᠢᠳᠠᠯ ᠢ ᠵᠥᠪᠳᠡᠯᠴᠡᠬᠦ᠂ ᠲᠦᠭᠰᠢᠭᠦᠷᠢ ᠶᠢ ᠰᠣᠯᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠪᠦᠲᠦᠮᠵᠢᠲᠡᠶ ᠠᠵᠢᠯᠯᠠᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠡ᠄ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠠᠯᠪᠠᠨ ᠬᠡᠷ︶       ︵ᠬᠤᠶᠠᠷ︶ ᠢᠳᠡᠭᠡᠨ ᠤ ᠡᠬᠢ ᠡᠭᠦᠰᠦᠯ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ       1. ᠲᠠᠷᠢᠶᠠᠨ ᠭᠠᠵᠠᠷ ᠤᠨ ᠪᠣᠬᠢᠷᠲᠤᠯ ᠢ ᠪᠦᠲᠦᠮᠵᠢᠲᠡᠶ ᠵᠠᠰᠠᠨ᠎ᠠ᠃ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠥᠷᠥᠯ ᠢᠯᠭᠠᠯ ᠢ ᠬᠤᠪᠢᠶᠠᠷᠢᠯᠠᠨ ᠲᠣᠭᠲᠠᠭᠠᠬᠤ ᠶᠢ ᠠᠬᠢᠭᠤᠯᠵᠤ᠂ ᠪᠥᠬᠦ  ᠲᠤᠭᠤᠷᠢᠭ ᠤᠨ ᠲᠥᠷᠥᠯ ᠬᠤᠪᠢᠶᠠᠭᠰᠠᠨ  ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠪᠣᠬᠢᠷ ᠤᠰᠤ ᠪᠠᠷ ᠤᠰᠤᠯᠠᠬᠤ ᠶᠢ ᠴᠠᠭᠠᠵᠠᠯᠠᠵᠤ᠂ ᠬᠤᠳᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ᠂ ᠪᠤᠵᠠᠷ ᠰᠢᠪᠠᠷ᠂ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠰᠢᠭᠤᠳ ᠪᠤᠷᠳᠤᠭᠤᠷ ᠪᠣᠯᠭᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ︵ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠮᠠ ᠯᠢᠶᠠᠨ ᠴᠢᠦᠶ ᠰᠢᠶᠠᠩ᠂ ᠪᠠᠶ ᠬᠠᠶ ᠽᠢ ᠪᠠᠯᠭᠠᠰᠤ︶       2. ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ  ᠲᠠᠷᠢᠶᠠᠯᠠᠩ ᠎ ᠤᠨ ᠡᠮ ᠮᠠᠯ ᠤᠨ ᠡᠮ ᠵᠡᠷᠭᠡ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠢ ᠦᠢᠯᠡᠳᠪᠦᠷᠢᠯᠡᠬᠦ ᠪᠠ ᠬᠡᠷᠡᠭᠯᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠯᠤᠰ ᠠᠴᠠ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠃ ᠴᠡᠭ ᠲᠣᠭᠲᠠᠭᠠᠨ ᠡᠵᠡᠩᠨᠡᠬᠦ᠂ ᠦᠨᠡᠨ ᠨᠡᠷ᠎ᠡ ᠪᠠᠷ ᠢᠶᠠᠨ ᠬᠤᠳᠠᠯᠳᠤᠨ ᠠᠪᠬᠤ ᠪᠠ ᠡᠬᠡ ᠲᠠᠩᠰᠠ ᠶᠢᠨ ᠬᠡᠷᠡᠭᠯᠡᠯᠲᠡ ᠶᠢ ᠲᠡᠮᠳᠡᠭᠯᠡᠬᠦ ᠵᠡᠷᠭᠡ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ ᠃ ᠮᠠᠯ ᠵᠢᠭᠦᠷᠲᠡᠨ ᠢ ᠨᠢᠲᠤᠯᠬᠤ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠭᠠᠭ᠋ᠠᠶ ᠶᠢ ᠴᠢᠬ ᠲᠣᠭᠲᠠᠭᠠᠨ ᠨᠢᠲᠤᠯᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠦᠬᠡᠷ ᠬᠤᠨᠢᠨ ᠮᠢᠬ᠎ᠠ ᠵᠡᠷᠭᠡ ᠪᠤᠰᠤᠳ ᠮᠠᠯ ᠵᠢᠭᠦᠷᠲᠡᠨ ᠢ ᠨᠢᠲᠤᠯᠬᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠦᠶᠯᠡᠳᠪᠦᠷᠢ ᠠᠴᠠ ᠭᠠᠷᠭᠠᠵᠤ ᠵᠠᠬ᠎ᠠ ᠳᠡᠯᠭᠡᠭᠦᠷ ᠲᠤ ᠣᠷᠣᠭᠤᠯᠬᠤ ᠬᠡᠷᠡᠭᠲᠡᠶ ᠃ ᠲᠦᠷᠢᠮ ᠤᠨ ᠲᠣᠭᠲᠠᠴᠠ ᠶᠢ ᠪᠦᠷᠢᠨᠰᠢᠬᠦᠯᠵᠦ᠂ ᠡᠪᠡᠳᠴᠢᠨ ᠢᠶᠠᠷ ᠥᠭᠦᠭᠰᠡᠨ ᠠᠮᠢᠲᠠᠨ ᠵᠢᠴᠢ ᠮᠠᠯ ᠵᠢᠭᠦᠷᠲᠡᠨ ᠢ ᠨᠢᠲᠤᠯᠬᠤ ᠬᠠᠶᠠᠭᠳᠠᠮᠠᠯ ᠪᠣᠳᠠᠰ ᠢ ᠬᠤᠤᠷ ᠥᠬᠡᠶ ᠪᠣᠯᠭᠠᠨ ᠰᠢᠶᠳᠪᠦᠷᠢᠯᠡᠬᠦ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       3.ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠶ ᠶᠢᠨ ᠨᠡᠯᠢᠶᠡᠳ ᠥᠨᠳᠥᠷ ᠬᠢᠷᠢ ᠲᠦᠪᠰᠢᠨ ᠢ ᠪᠠᠲᠤᠯᠠᠨ᠎ᠠ ᠃ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠪᠠ ᠢᠳᠡᠭᠡᠨ ᠤ ᠠᠶᠤᠯᠭᠦᠶ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ ᠶᠢ ᠬᠥᠮᠥᠷᠭᠡ ᠠᠴᠠ ᠭᠠᠷᠭᠠᠬᠤ ᠶᠠᠰᠤ ᠴᠢᠨᠠᠷ ᠤᠨ ᠠᠶᠤᠯᠭᠦᠶ ᠶᠢᠨ ᠬᠠᠮᠢᠶᠠᠷᠤᠯᠲᠠ ᠶᠢ ᠴᠢᠩᠭ᠎ᠠ ᠠᠳᠬᠤᠨ᠎ᠠ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠶᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠶᠠᠰᠤ ᠴᠢᠨᠠᠷ ᠢ ᠬᠢᠨᠠᠨ ᠬᠡᠮᠵᠢᠬᠦ ᠬᠠᠮᠤᠷᠬᠤ ᠬᠠᠷᠢᠴᠠᠯ ᠢ ᠬᠥᠮᠥᠷᠭᠡ ᠳᠤ ᠬᠠᠳᠠᠭᠠᠯᠠᠵᠤ ᠪᠠᠶᠢᠭ᠎ᠠ ᠲᠤᠭ᠎ᠠ ᠬᠡᠮᠵᠢᠶ᠎ᠡ ᠶᠢᠨ 25%᠎ ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠠᠮᠤ ᠪᠤᠳᠠᠭ᠎ᠠ ᠶᠢ ᠬᠢᠨᠠᠨ ᠪᠠᠶᠢᠴᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶         ︵ᠭᠤᠷᠪᠠ︶ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ        1. ᠢᠳᠡᠭᠡᠨ  ᠤ ᠠᠶᠤᠯ ᠥᠭᠡᠢ ᠶᠢᠨ ᠲᠦᠭᠰᠢᠭᠦᠷᠢ ᠶᠢ ᠬᠢᠨᠠᠨ ᠬᠡᠮᠵᠢᠬᠦ ᠶᠢ ᠴᠢᠩᠭᠠᠳᠬᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠭᠰᠡᠨ ᠦᠷ᠎ᠡ ᠳ᠋ᠦᠩ ᠢ ᠮᠡᠳᠡᠭᠡᠯᠡᠬᠦ᠂ ᠵᠥᠪᠳᠡᠯᠴᠡᠬᠦ᠂ ᠮᠡᠳᠡᠭᠦᠯᠬᠦ ᠲᠣᠭᠲᠠᠴᠠ ᠶᠢ ᠪᠠᠶᠢᠭᠤᠯᠬᠤ ᠶᠢᠨ ᠬᠠᠮᠲᠤ ᠪᠦᠲᠦᠮᠵᠢᠲᠡᠶ ᠠᠵᠢᠯᠯᠠᠭᠤᠯᠬᠤ ᠬᠡᠷᠡᠭᠲᠡᠶ᠃ ᠪᠥᠬᠦ  ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠵᠢᠴᠢ ᠬᠠᠷᠠᠭᠤᠯ ᠤᠨ ᠴᠡᠭ ᠤᠨ ᠡᠮᠨᠡᠯᠭᠡ ᠶᠢᠨ ᠬᠤᠷᠢᠶ᠎ᠠ ᠶᠢᠨ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠬᠢᠨᠠᠨ ᠬᠡᠮᠵᠢᠬᠦ ᠡᠭᠦᠷᠭᠡ ᠶᠢ ᠨᠡᠮᠡᠭᠳᠡᠭᠦᠯᠦᠨ᠂ ᠢᠳᠡᠭᠡᠨ ᠤ ᠪᠣᠬᠢᠷᠲᠤᠯ ᠪᠣᠳᠠᠰ ᠪᠠ ᠬᠥᠨᠥᠭᠡᠯ ᠲᠠᠢ ᠬᠦᠴᠦᠨ ᠵᠦᠶᠯ ᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠪᠥᠬᠦ ᠵᠠᠰᠠᠭ ᠵᠠᠬᠢᠷᠭᠠᠨ ᠤ ᠣᠷᠣᠨ ᠳᠤ ᠪᠦᠷᠬᠦᠭᠦᠯᠬᠦ ᠶᠢᠨ ᠬᠠᠮᠲᠤ ᠰᠢᠶᠠᠩ ᠪᠠᠯᠭᠠᠰᠤ ᠳᠤ ᠬᠦᠷᠲᠡᠯ᠎ᠡ ᠤᠷᠲᠤᠳᠬᠠᠵᠤ᠂ ᠪᠥᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶       2. ᠢᠳᠡᠭᠡᠨ ᠤ ᠦᠢᠯᠡᠳᠪᠦᠷᠢᠯᠡᠯ ᠤᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠦᠶᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠨᠡᠶᠢᠳᠡᠮ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠡᠩ ᠤᠨ ᠲᠦᠭᠰᠢᠭᠦᠷᠢ ᠲᠠᠢ ᠦᠶᠯᠡᠳᠪᠦᠷᠢᠯᠡᠯ ᠤᠨ ᠠᠵᠤ ᠠᠬᠤᠶᠢᠯᠠᠯ ᠳᠤ ᠬᠠᠷᠢᠴᠠᠯ ᠢᠶᠠᠷ ︽ᠬᠤᠤᠰ ᠲᠠᠰᠢᠷᠠᠮ︾᠎ ᠢᠶᠠᠷ ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠵᠦ᠂ ᠲᠦᠭᠰᠢᠭᠦᠷᠢ ᠶᠡᠬᠡᠲᠡᠶ ᠠᠵᠤ ᠠᠬᠤᠶᠢᠯᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠠᠰᠠᠭᠤᠳᠠᠯ ᠰᠦᠪᠡᠭᠴᠢᠯᠡᠭᠰᠡᠨ ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠦᠶᠯᠡᠳᠪᠦᠷᠢᠯᠡᠯ ᠤᠨ ᠶᠠᠪᠤᠴᠠ ᠶᠢ ᠰᠢᠮᠳᠠᠭᠤᠯᠤᠨ ᠦᠷᠭᠦᠯᠵᠢᠯᠡᠨ ᠲᠣᠭᠲᠠᠭᠠᠯ ᠳᠤ ᠨᠡᠶᠢᠴᠡᠭᠦᠯᠦᠨ᠎ᠡ ᠃ ᠴᠠᠭᠠᠨ ᠢᠳᠡᠭᠡᠨ᠂ ᠮᠢᠬᠠᠨ ᠢᠳᠡᠭᠡᠨ᠂ ᠬᠠᠷ᠎ᠠ ᠠᠷᠢᠬᠢ᠂ ᠢᠳᠡᠰᠢᠨ ᠤ ᠤᠷᠭᠤᠮᠠᠯ ᠤᠨ ᠲᠣᠰᠣ ᠵᠡᠷᠭᠡ ᠲᠣᠮᠣ ᠬᠡᠯᠪᠡᠷᠢ ᠶᠢᠨ ᠢᠳᠡᠭᠡᠨ ᠤ ᠦᠶᠯᠡᠳᠪᠦᠷᠢᠯᠡᠯ ᠤᠨ ᠠᠵᠤ ᠠᠬᠤᠶᠢᠯᠠᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠡᠷᠡᠭᠦᠯᠵᠢᠯ ᠤᠨ ᠢᠳᠡᠭᠡᠨ ᠤ ᠦᠶᠯᠡᠳᠪᠦᠷᠢᠯᠡᠯ ᠤᠨ ᠠᠵᠤ ᠠᠬᠤᠶᠢᠯᠠᠯ ᠤᠨ ᠰᠢᠰᠲ᠋ᠧᠮᠵᠢ ᠶᠢᠨ ᠪᠠᠶᠢᠴᠠᠭᠠᠯᠲᠠ ᠶᠢᠨ ᠣᠨ ᠤ ᠪᠦᠷᠬᠦᠴᠡ ᠶᠢᠨ ᠨᠣᠷᠮ᠎ᠠ ᠶᠢ ᠬᠠᠷᠢᠶᠠᠲᠤ ᠣᠷᠣᠨ ᠤ ᠳᠣᠲᠣᠷᠠᠬᠢ ᠡᠷᠡᠭᠦᠯᠵᠢᠯ ᠤᠨ ᠢᠳᠡᠭᠡᠨ ᠤ ᠦᠶᠯᠡᠳᠪᠦᠷᠢᠯᠡᠯ ᠤᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ 20%᠎ ᠠᠴᠠ ᠳᠡᠭᠡᠭᠰᠢ ᠳᠤ  ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       3. ᠭᠦᠢᠯᠭᠡᠭᠡᠨ ᠪᠣᠷᠣᠯᠠᠭᠤᠯᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ ᠬᠦᠶᠲᠡᠨ ᠬᠡᠯᠬᠢᠶᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠪᠠᠶᠢᠭᠤᠯᠵᠤ᠂ ᠪᠥᠬᠦ ᠶᠠᠪᠤᠴᠠ ᠶᠢᠨ ᠳᠤᠯᠠᠭᠠᠨ ᠤ ᠬᠡᠮᠵᠢᠶ᠎ᠡ ᠶᠢ ᠡᠵᠡᠮᠳᠡᠬᠦ ᠪᠠᠷᠢᠮᠵᠢᠶ᠎ᠠ ᠪᠠ ᠵᠢᠷᠤᠮᠵᠢᠯ ᠢ ᠴᠢᠩᠭ᠎ᠠ ᠬᠡᠷᠡᠭᠵᠢᠭᠦᠯᠦᠨ᠎ᠡ ᠃ ᠢᠳᠡᠭᠡᠨ ᠪᠣᠷᠣᠯᠠᠭᠤᠯᠬᠤ ᠡᠵᠡᠩᠨᠡᠯᠲᠡ ᠶᠢᠨ ᠡᠷᠦᠬᠡ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠵᠤ ᠲᠡᠮᠳᠡᠭᠯᠡᠬᠦ ᠡᠭᠦᠷᠭᠡ ᠪᠠᠨ ᠴᠢᠩᠭ᠎ᠠ ᠭᠦᠶᠴᠡᠳᠬᠡᠬᠦ ᠶᠢ ᠰᠢᠮᠳᠠᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠠᠴᠠ ᠭᠠᠷᠭᠠᠬᠤ ᠶᠢ ᠵᠥᠪᠰᠢᠶᠡᠷᠡᠬᠦ ᠪᠠ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠶᠢ ᠵᠣᠯᠭᠠᠭᠤᠯᠬᠤ ᠶᠢ  ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶       4. ᠢᠳᠡᠭᠡᠨ ᠤᠮᠳᠠᠭᠠᠨ  ᠤ ᠦᠢᠯᠡᠴᠢᠯᠡᠭᠡᠨ  ᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠪᠠ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠰᠦ᠋ᠯᠵᠢᠶ᠎ᠡ ᠪᠠᠷ ᠬᠤᠭᠤᠯᠠ ᠵᠠᠬᠢᠶᠠᠯᠠᠬᠤ ᠲᠠᠪᠴᠠᠩ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠢᠳᠡᠭᠡᠨ ᠤᠮᠳᠠᠭᠠᠨ ᠤ ᠠᠳᠠᠯᠢ ᠪᠠᠷᠢᠮᠵᠢᠶ᠎ᠠ ᠠᠳᠠᠯᠢ ᠶᠠᠰᠤ ᠴᠢᠨᠠᠷ ᠢ ᠪᠠᠲᠤᠯᠠᠵᠤ᠂ ᠰᠦᠯᠵᠢᠶᠡᠨ ᠳᠡᠭᠡᠷ᠎ᠡ ᠬᠤᠭᠤᠯᠠ ᠵᠠᠬᠢᠶᠠᠯᠠᠬᠤ ᠦᠶᠯᠡᠴᠢᠯᠡᠭᠡ ᠬᠠᠩᠭᠠᠬᠤ ᠪᠣᠶ ᠪᠥᠬᠦᠶ ᠢᠳᠡᠭᠡᠨ ᠤᠮᠳᠠᠭᠠᠨ ᠤ ᠨᠢᠭᠡᠴᠡ ᠡᠷᠬᠡᠪᠰᠢ ᠪᠣᠳᠠᠲᠤ ᠴᠣᠭᠴᠠᠲᠤ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠬᠡᠷᠡᠭᠲᠡᠶ᠃ ᠢᠳᠡᠭᠡᠨ ᠤᠮᠳᠠᠭᠠᠨ ᠤ ᠦᠶᠯᠡᠴᠢᠯᠡᠭᠡᠨ ᠤ ᠠᠵᠤ ᠠᠬᠤᠶᠢᠯᠠᠯ ᠤᠨ ᠬᠡᠯᠬᠢᠶᠡᠵᠢᠭᠰᠡᠨ ᠡᠵᠡᠩᠨᠡᠯᠲᠡ ᠪᠠ ᠲᠥᠪ ᠲᠣᠭᠤᠭᠠᠨ ᠬᠡᠷ ᠢ ᠬᠥᠭᠵᠢᠭᠦᠯᠬᠦ ᠶᠢ ᠳᠡᠮᠵᠢᠵᠦ᠂ ᠲᠦᠷᠭᠡᠨ ᠬᠤᠭᠤᠯᠠ᠂ ᠬᠠᠮᠲᠤ ᠶᠢᠨ ᠬᠤᠭᠤᠯᠠ ᠵᠡᠷᠭᠡ ᠣᠯᠠᠨ ᠨᠡᠶᠢᠲᠡ ᠶᠢᠨ ᠢᠳᠡᠭᠡᠨ ᠤᠮᠳᠠᠭᠠᠨ ᠤ ᠦᠶᠯᠡᠴᠢᠯᠡᠭᠡ ᠶᠢ ᠵᠢᠷᠤᠮᠵᠢᠭᠤᠯᠤᠨ᠂ ᠢᠳᠡᠭᠡᠨ ᠤᠮᠳᠠᠭᠠᠨ ᠤ ᠠᠵᠢᠯ ᠲᠥᠷᠥᠯ ᠤᠨ ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠭᠤᠯᠠᠨ ᠬᠡᠷ ᠲᠣᠭᠤᠭᠠᠨ ᠬᠡᠷ ᠤᠨ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠶᠢ ᠵᠢᠷᠤᠮᠵᠢᠭᠤᠯᠤᠨ᠎ᠠ᠃ ᠬᠤᠭᠤᠰᠣᠨ ᠦᠭᠡ ᠬᠡᠯᠡᠬᠦ ᠠᠵᠢᠯᠯᠠᠭ᠎ᠠ ᠶᠢ ᠶᠡᠭᠡ ᠪᠠᠷ ᠰᠠᠨᠠᠭᠠᠴᠢᠯᠠᠵᠤ᠂ ᠪᠣᠯᠪᠠᠰᠤᠨ ᠢᠶᠠᠷ ᠬᠤᠭᠤᠯᠠ ᠢᠳᠡᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠨ᠎ᠠ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶        5. ᠰᠤᠷᠭᠠᠭᠤᠯᠢ  ᠶᠢᠨ ᠬᠦᠷᠢᠶ᠎ᠡ ᠬᠢᠭᠡᠳ ᠰᠤᠷᠭᠠᠭᠤᠯᠢ  ᠶᠢᠨ ᠬᠦᠷᠢᠶᠡᠨ  ᠤ ᠡᠷᠬᠢᠨ ᠲᠣᠭᠤᠷᠢᠨ  ᠤ ᠢᠳᠡᠭᠡᠨ  ᠤ ᠠᠶᠤᠯ ᠦᠭᠡᠢ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶᠎ ᠤᠨ ᠬᠠᠷᠢᠭᠤᠴᠠᠯᠭ᠎ᠠ ᠶᠢᠨ ᠲᠦᠷᠢᠮ ᠪᠠ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠪᠤᠷ ᠨᠠᠮᠤᠷ ᠤᠨ ᠬᠤᠶᠠᠷ ᠤᠯᠠᠷᠢᠯ ᠤᠨ ᠰᠤᠷᠤᠯᠭ᠎ᠠ ᠡᠬᠢᠯᠡᠬᠦ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠪᠠᠶᠢᠴᠠᠭᠠᠯᠲᠠ ᠶᠢᠨ ᠪᠦᠷᠬᠦᠴᠡ  ᠶᠢ ᠰᠤᠷᠭᠠᠭᠤᠯᠢ ᠶᠢᠨ ᠬᠤᠭᠤᠯᠠᠨ ᠬᠡᠷ ᠨᠢ ᠮᠢᠬ᠎ᠠ ᠥᠨᠳᠡᠭᠡ  ᠰᠦ᠂  ᠪᠤᠳᠠᠭ᠎ᠠ ᠭᠤᠯᠢᠷ ᠲᠣᠰᠣ ᠵᠡᠷᠭᠡ ᠢᠳᠡᠭᠡᠨ ᠤ ᠲᠦᠭᠦᠬᠡᠶ ᠮᠠᠲ᠋ᠧᠷᠢᠶᠠᠯ ᠢᠶᠠᠷ ᠭᠤᠤᠯᠳᠠᠯᠭ᠎ᠠ ᠪᠣᠯᠭᠠᠵᠤ᠂ ᠶᠡᠭᠡ ᠬᠡᠮᠵᠢᠶᠡᠨ ᠤ ᠢᠳᠡᠭᠡᠨ ᠢ ᠲᠥᠪᠯᠡᠷᠡᠭᠦᠯᠦᠨ ᠴᠢᠬ ᠲᠣᠭᠲᠠᠭᠠᠨ ᠬᠤᠳᠠᠯᠳᠤᠨ ᠠᠪᠬᠤ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ︽ᠣᠶᠤᠨᠴᠢ ᠬᠢᠨᠠᠯᠲᠠ ᠬᠠᠮᠢᠶᠠᠷᠤᠯᠲᠠ︾᠎ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠂ ᠰᠤᠷᠭᠠᠭᠤᠯᠢ ᠶᠢᠨ ᠬᠤᠭᠤᠯᠠᠨ ᠬᠡᠷ ᠤᠨ ︽  ᠢᠨᠲ᠋ᠧᠷ ᠰᠦᠯᠵᠢᠶ᠎ᠡ + ᠢᠯᠡ ᠵᠠᠰᠠᠭ︾᠎ ᠶᠢᠨ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠦᠨ᠎ᠡ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠤᠨ ᠠᠮᠤᠷ ᠲᠦᠪᠰᠢᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠪᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 200 ᠮᠧᠲᠷ ᠤᠨ ᠬᠡᠪᠴᠢᠶᠡᠨ ᠳᠤ ᠬᠡᠲᠦ ᠳᠡᠯᠭᠡᠭᠦᠷ ᠲᠤ ᠠᠷᠢᠬᠢ ᠲᠠᠮᠠᠬᠢ ᠪᠣᠷᠣᠯᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠱᠤᠭᠤᠮ︾᠎ ᠢ ᠬᠠᠮᠲᠤ ᠪᠠᠷ  ᠴᠢᠭᠴᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      6. ︽ᠭᠤᠷᠪᠠᠨ ᠵᠢᠵᠢᠭ︾ ᠠᠵᠢᠯ ᠲᠥᠷᠥᠯ ᠢ ᠴᠢᠩᠭ᠎ᠠ ᠵᠠᠰᠠᠨ᠎ᠠ᠃ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ ᠪᠦᠲᠦᠮᠵᠢᠲᠡᠶ ᠬᠡᠷᠡᠭᠵᠢᠭᠦᠯᠬᠦ ᠪᠠᠷ ᠳᠠᠮᠵᠢᠭᠤᠯᠤᠨ᠂ ᠢᠳᠡᠭᠡᠨ ᠤ ᠵᠢᠵᠢᠭ ᠦᠶᠯᠡᠳᠬᠡᠯ᠂ ᠵᠢᠵᠢᠭ ᠳᠡᠯᠭᠡᠭᠦᠷᠴᠢᠨ᠂ ᠵᠢᠵᠢᠭ ᠢᠳᠡᠭᠡᠨ ᠤᠮᠳᠠᠭᠠᠨ ᠤ ︽ᠭᠤᠷᠪᠠᠨ ᠵᠢᠵᠢᠭ︾᠎ ᠤᠨ ᠠᠵᠢᠯ ᠲᠥᠷᠥᠯ ᠢ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠲᠥᠪᠯᠡᠷᠡᠭᠦᠯᠦᠨ ᠵᠢᠷᠤᠮᠵᠢᠭᠤᠯᠤᠨ ᠡᠵᠡᠩᠨᠡᠬᠦ ᠶᠢ ᠬᠥᠲᠥᠯᠦᠨ ᠵᠢᠯᠣᠭᠤᠳᠴᠤ ᠳᠡᠮᠵᠢᠵᠦ᠂ ᠢᠳᠡᠭᠡᠨ ᠤ ︽ᠭᠤᠷᠪᠠᠨ ᠵᠢᠵᠢᠭ︾᠎ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠭᠤᠷᠪᠠᠨ ᠪᠠᠭ᠎ᠠ︾᠎ ᠶᠢᠨ ᠠᠵᠢᠯ ᠲᠥᠷᠥᠯ ᠢ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠥᠷᠨᠢᠭᠦᠯᠵᠦ᠂ ᠰᠢᠭᠤᠳ ᠢᠳᠡᠬᠦ ᠢᠳᠡᠭᠡᠨ ᠲᠠᠢ ᠣᠶᠢᠷᠠᠳᠬᠤ ᠠᠵᠢᠯ ᠡᠷᠭᠢᠯᠡᠭᠰᠡᠳ ᠡᠷᠬᠡᠪᠰᠢ ᠡᠷᠡᠭᠦᠯ ᠮᠡᠨᠳᠦ ᠶᠢᠨ ᠬᠦᠴᠦᠨ ᠪᠥᠬᠦᠶ ᠭᠡᠷᠡᠴᠢ ᠪᠠᠨ ᠠᠪᠴᠤ ᠠᠵᠢᠯ ᠤᠨ ᠪᠠᠶᠢᠷᠢ ᠳᠤ ᠭᠠᠷᠴᠤ᠂ ᠦᠶᠯᠡᠳᠪᠦᠷᠢᠯᠡᠵᠦ ᠡᠳ᠋ᠰᠢᠭᠦᠯᠦᠨ ᠡᠵᠡᠩᠨᠡᠬᠦ ᠶᠠᠪᠤᠴᠠ ᠨᠢ ᠵᠣᠬᠢᠬᠤ ᠦᠶᠯᠡᠳᠪᠦᠷᠢᠯᠡᠯ ᠤᠨ ᠤᠷ᠎ᠠ ᠮᠡᠷᠭᠡᠰᠢᠯ ᠪᠠ ᠠᠵᠢᠯᠯᠠᠭᠠᠨ ᠤ ᠵᠢᠷᠤᠮᠵᠢᠯ ᠳᠤ ᠨᠡᠶᠢᠴᠡᠬᠦ ᠶᠢᠨ ᠬᠠᠮᠲᠤ᠂ ᠬᠠᠤᠯᠢ ᠶᠣᠰᠣᠭᠠᠷ ᠪᠦᠷᠢᠳᠬᠡᠨ ᠳᠡᠩᠰᠡᠯᠡᠵᠦ ᠲᠠᠩᠰᠠ ᠡᠪᠬᠡᠮᠡᠯ ᠪᠠᠶᠢᠭᠤᠯᠬᠤ ᠪᠤᠶᠤ ᠳᠠᠩᠰᠠᠯᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶       7. ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠢ ᠶᠡᠷᠦᠩᠬᠡᠶᠢᠯᠡᠨ  ᠵᠠᠰᠠᠬᠤ ᠬᠦᠳᠡᠭᠡ ᠲᠣᠰᠬᠤᠨ ᠂ ᠬᠤᠲᠠ ᠬᠥᠳᠡᠭᠡ ᠶᠢᠨ ᠠᠭᠤᠯᠵᠠᠷ ᠭᠠᠵᠠᠷ ᠢᠶᠠᠷ ᠭᠤᠣᠯᠳᠠᠯᠭ᠎ᠠ ᠪᠣᠯᠭᠠᠵᠤ᠂ ᠠᠰᠠᠭᠤᠳᠠᠯ ᠣᠯᠠᠨ ᠭᠠᠷᠳᠠᠭ᠂ ᠠᠮᠠᠷᠬᠠᠨ ᠡᠭᠦᠰᠳᠡᠭ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠭᠤᠭᠴᠤᠭ᠎ᠠ ᠳᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠠᠷᠢᠶ᠎ᠠ ᠣᠷᠣᠨ ᠤ ᠪᠠᠨ ︽ᠭᠤᠷᠪᠠ ᠦᠭᠡᠶ︾ ᠢᠳᠡᠭᠡᠨ᠂ ᠬᠠᠭᠤᠷᠮᠠᠭ ᠢᠳᠡᠭᠡᠨ᠂ ᠴᠢᠨᠠᠷ ᠮᠠᠭᠤᠲᠠᠶ ᠢᠳᠡᠭᠡᠨ᠂ ᠬᠤᠭᠤᠴᠠᠭ᠎ᠠ ᠥᠩᠭᠡᠷᠡᠭᠰᠡᠨ ᠢᠳᠡᠭᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠭᠤᠷᠪᠠ ᠦᠭᠡᠶ ︾ ᠢᠳᠡᠭᠡᠨ᠂ ᠬᠤᠳᠠᠯ ᠬᠠᠭᠤᠷᠮᠠᠭ ᠢᠳᠡᠭᠡᠨ᠂ ᠴᠢᠨᠠᠷ ᠮᠠᠭᠤᠲᠠᠶ ᠢᠳᠡᠭᠡᠨ᠂ ᠬᠤᠭᠤᠴᠠᠭ᠎ᠠ ᠥᠩᠭᠡᠷᠡᠭᠰᠡᠨ ᠢᠳᠡᠭᠡᠨ︾᠎ ᠢ ᠦᠢᠯᠡᠳᠦᠨ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠨᠡᠮᠯᠡᠯ ᠦᠭᠡᠢ ᠪᠠᠷ ᠢᠳᠡᠭᠡᠨ ᠦᠢᠯᠡᠳᠪᠦᠷᠢᠯᠡᠵᠦ ᠡᠵᠡᠩᠨᠡᠬᠦ ︽ᠬᠠᠷ᠎ᠠ ᠦᠢᠯᠡᠳᠪᠦᠷᠢ︾᠂ ︽ᠬᠠᠷ᠎ᠠ ᠡᠭᠦᠷ︾ ᠪᠠ ︽ᠬᠠᠷ᠎ᠠ ᠦᠢᠯᠡᠳᠬᠡᠯ︾᠎ ᠤᠨ ᠬᠥᠳᠡᠭᠡ ᠲᠣᠰᠬᠤᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠨᠥᠬᠦᠴᠡᠯ ᠢ ᠴᠡᠪᠡᠷᠰᠢᠭᠦᠯᠬᠦ ᠶᠢ ᠡᠷᠡᠰ ᠴᠠᠭᠠᠵᠠᠯᠠᠵᠤ᠂ ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠤᠷᠳᠤ ᠬᠤᠭᠤᠴᠠᠭᠠᠨ ᠤ ᠪᠦᠲᠦᠮᠵᠢᠲᠡᠶ ᠵᠠᠰᠠᠬᠤ ᠲᠣᠭᠲᠠᠴᠠ ᠶᠢ ᠪᠠᠶᠢᠭᠤᠯᠤᠨ᠂ ᠬᠥᠳᠡᠭᠡ ᠲᠣᠰᠬᠤᠨ ᠤ ᠢᠳᠡᠭᠡᠨ ᠤ ᠭᠦᠢᠯᠭᠡᠭᠡᠨ ᠤ ᠬᠠᠩᠭᠠᠯᠭ᠎ᠠ ᠶᠢᠨ ᠰᠢᠰᠲ᠋ᠧᠮ ᠢ ᠵᠢᠷᠤᠮᠵᠢᠭᠤᠯᠵᠤ᠂ ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠨᠢᠭᠡ ᠰᠢᠶᠠᠩ ᠨᠢᠭᠡ ᠪᠠᠯᠭᠠᠰᠤ ᠵᠢᠴᠢ ᠬᠠᠮᠢᠶ᠎ᠠ ᠪᠥᠬᠦᠶ ᠵᠡᠭᠡᠯᠢ ᠭᠤᠳᠤᠮᠵᠢ︶︵ᠲᠥᠷᠪᠡ︶ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ      1. ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠳ ᠢᠳᠡᠭᠡᠨ  ᠤ ᠠᠶᠤᠯ ᠥᠭᠡᠢ ᠬᠠᠮᠢᠶᠠᠷᠤᠯᠲᠠ ᠶᠢᠨ ᠲᠥᠷᠢᠮ  ᠢ ᠪᠠᠶᠢᠭᠤᠯᠤᠨ ᠪᠥᠷᠢᠨᠰᠢᠬᠦᠯᠵᠤ᠂ ᠢᠳᠡᠭᠡᠨ  ᠤ ᠶᠠᠰᠤ ᠴᠢᠨᠠᠷ  ᠤᠨ ᠠᠶᠤᠯ ᠥᠭᠡᠢ ᠶᠢᠨ ᠬᠠᠮᠢᠶᠠᠷᠤᠯᠲᠠ ᠶᠢᠨ ᠠᠵᠢᠯ ᠎ ᠤᠨ ᠪᠠᠶᠢᠷᠢ ᠲᠣᠬᠢᠷᠠᠭᠤᠯᠵᠤ᠂ ᠢᠳᠡᠭᠡᠨ  ᠤ ᠶᠠᠰᠤ ᠴᠢᠨᠠᠷ  ᠤᠨ ᠠᠶᠤᠯ ᠥᠭᠡᠢ ᠶᠢᠨ ᠬᠠᠮᠢᠶᠠᠷᠤᠯᠲᠠ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠶ᠃ ᠵᠢᠯ ᠪᠦᠷᠢ ᠠᠵᠢᠯ ᠡᠷᠬᠢᠯᠡᠭᠰᠡᠳ ᠵᠢᠴᠢ ᠢᠳᠡᠭᠡᠨ ‍ᠤ‌ᠠᠶᠤᠯ ᠥᠭᠡᠢ  ᠬᠠᠮᠢᠶᠠᠷᠤᠯᠲᠠ ᠶᠢᠨ ᠠᠵᠢᠯᠳᠠᠨ ᠲᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠬᠢᠵᠦ ᠬᠢᠨᠠᠨ ᠰᠢᠯᠭᠠᠬᠤ ᠶᠢ ᠥᠷᠨᠢᠭᠦᠯᠵᠦ᠂ ᠢᠳᠡᠭᠡᠨ  ᠤ ᠶᠠᠰᠤ ᠴᠢᠨᠠᠷ  ᠤᠨ ᠠᠶᠤᠯ ᠥᠭᠡᠢ ᠬᠠᠮᠢᠶᠠᠷᠤᠯᠲᠠ ᠶᠢᠨ ᠠᠵᠢᠯ ᠟  ᠤᠨ ᠪᠠᠶᠢᠷᠢ ᠶᠢᠨ ᠠᠵᠢᠯᠳᠠᠨ  ᠤ ᠬᠠᠤᠯᠢ ᠲᠣᠭᠲᠠᠭᠠᠯ  ᠤᠨ ᠮᠡᠳᠡᠯᠭᠡ ᠶᠢ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ  ᠳᠤ ᠬᠢᠷᠢ ᠲᠡᠩᠴᠡᠭᠰᠡᠨ ᠨᠤᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ ︽ᠰᠠᠨᠠᠭ᠎ᠠ ᠠᠮᠤᠷ ᠢᠳᠡᠭᠡᠨ ᠤ ᠬᠡᠲᠦ ᠳᠡᠯᠭᠡᠭᠦᠷ ᠤᠨ ᠥᠪᠡᠷ ᠤᠨ ᠠᠮᠠᠯᠠᠯᠲᠠ︾᠎ ᠶᠢᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠤᠨ ᠪᠠᠶᠢᠴᠠᠭᠠᠯᠲᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       2. ᠶᠠᠪᠤᠴᠠ ᠶᠢ ᠬᠠᠮᠢᠶᠠᠷᠤᠨ ᠡᠵᠡᠮᠳᠡᠨ᠎ᠡ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠨᠡᠭᠡᠭᠡᠨ ᠡᠷᠬᠢᠯᠡᠭᠴᠢ ᠠᠴᠠ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠠᠯᠠᠪᠤᠷ ᠲᠤ ᠣᠷᠣᠵᠤ ᠪᠣᠷᠣᠯᠠᠭᠤᠯᠤᠭᠴᠢ ᠶᠢ ᠳᠠᠩᠰᠠᠯᠠᠬᠤ᠂ ᠵᠠᠬ᠎ᠠ ᠳᠡᠯᠭᠡᠭᠦᠷ ᠢᠶᠠᠷ ᠥᠪᠡᠷ ᠢ ᠪᠠᠨ ᠪᠠᠶᠢᠴᠠᠭᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠬᠠᠤᠯᠢ ᠶᠣᠰᠣᠭᠠᠷ ᠭᠦᠶᠴᠡᠳᠬᠡᠵᠦ᠂ ᠲᠠᠯᠠᠪᠤᠷ ᠲᠤ ᠣᠷᠣᠵᠤ ᠪᠣᠷᠣᠯᠠᠭᠤᠯᠤᠭᠴᠢ ᠶᠢ ᠰᠢᠮᠳᠠᠭᠤᠯᠵᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠪᠣᠷᠣᠯᠠᠭᠤᠯᠭ᠎ᠠ ᠶᠢᠨ ᠠᠵᠢᠯᠯᠠᠭ᠎ᠠ ᠬᠢᠯᠭᠡᠨ᠎ᠡ᠃ ᠰᠦᠯᠵᠢᠶ᠎ᠡ ᠪᠠᠷ ᠬᠤᠭᠤᠯᠠ ᠵᠠᠬᠢᠶᠠᠯᠠᠬᠤ ᠭᠤᠷᠪᠠᠳᠠᠬᠢ ᠡᠲᠡᠭᠡᠳ ᠤᠨ ᠲᠠᠪᠴᠠᠩ ᠨᠢ ᠰᠦᠯᠵᠢᠶᠡᠨ ᠳᠤ ᠤᠷᠤᠭᠰᠠᠨ ᠢᠳᠡᠭᠡᠨ ᠤᠮᠳᠠᠭᠠᠨ ᠤ ᠦᠶᠯᠡᠴᠢᠯᠡᠭᠡᠨ ᠤ ᠡᠵᠡᠩᠨᠡᠭᠴᠢ ᠳᠤ ᠦᠨᠡᠨ ᠨᠡᠷ᠎ᠡ ᠪᠠᠷ ᠢᠶᠠᠨ ᠳᠡᠩᠰᠡᠯᠡᠨ ᠲᠡᠮᠳᠡᠭᠯᠡᠵᠦ᠂ ᠰᠦᠯᠵᠢᠶᠡᠨ ᠳᠤ ᠤᠷᠤᠭᠰᠠᠨ ᠢᠳᠡᠭᠡᠨ ᠤ ᠡᠵᠡᠩᠨᠡᠯᠲᠡ ᠶᠢᠨ ᠦᠶᠯᠡ ᠠᠵᠢᠯᠯᠠᠭ᠎ᠠ ᠳᠤ ᠰᠦᠯᠵᠢᠶᠡᠨ ᠳᠤ ᠤᠷᠤᠭᠰᠠᠨ ᠬᠢᠨᠠᠨ ᠪᠠᠶᠢᠴᠠᠭᠠᠯᠲᠠ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠶᠢ ᠶᠠᠪᠤᠭᠳᠠᠭᠤᠯᠤᠨ᠎ᠠ᠃ ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠰᠦᠯᠵᠢᠶᠡᠨ ᠳᠡᠭᠡᠷ᠎ᠡ ᠵᠠᠭᠠᠯᠳᠤᠬᠤ ᠪᠠ ᠪᠣᠷᠣᠯᠠᠭᠤᠯᠤᠭᠰᠠᠨ ᠤ ᠳᠠᠷᠠᠭᠠᠬᠢ ᠡᠷᠬᠡ ᠪᠠᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠷ ᠮᠡᠳᠡᠭᠡ ᠨᠡᠶᠢᠲᠡᠯᠡᠬᠦ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠭᠤᠯᠠᠨ ᠰᠢᠷᠡᠭᠡ ᠶᠢ ᠪᠦᠷᠢᠯᠭᠡᠨ ᠰᠦᠢᠳᠬᠡᠬᠦ ᠶᠢ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠬᠤᠷᠢᠭᠯᠠᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      3.ᠨᠡᠬᠡᠮᠵᠢᠯᠡᠵᠦ ᠡᠭᠡᠭᠦᠯᠦᠨ  ᠠᠪᠴᠢᠷᠠᠨ᠎ᠠ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠪᠠ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠨᠢ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠵᠤ᠂ ᠲᠡᠮᠳᠡᠭᠯᠡᠯ ᠨᠢ ᠦᠨᠡᠨ ᠪᠣᠳᠠᠲᠠᠶ ᠪᠦᠷᠢᠨ ᠪᠦᠲᠦᠨ᠂ ᠪᠦᠲᠦᠭᠡᠭᠳᠡᠬᠦᠨ ᠤ ᠢᠷᠡᠯᠲᠡ ᠶᠢ ᠪᠠᠶᠢᠴᠠᠭᠠᠵᠤ ᠪᠣᠯᠬᠤ᠂ ᠬᠠᠮᠢᠭᠠᠰᠢ ᠶᠠᠪᠤᠭᠰᠠᠨ ᠢ ᠨᠡᠬᠡᠮᠵᠢᠯᠡᠵᠦᠶᠢᠳᠡᠭᠡᠨ ᠤ ᠦᠶᠯᠡᠳᠪᠦᠷᠢᠯᠡᠯ ᠡᠵᠡᠩᠨᠡᠯᠲᠡ ᠳᠤ ᠢᠳᠡᠭᠡᠨ ᠤ ᠠᠮᠤᠷ ᠲᠦᠪᠰᠢᠨ ᠤ ᠡᠭᠡᠭᠦᠯᠦᠨ ᠠᠪᠴᠢᠷᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠬᠤ᠂ ᠬᠠᠤᠯᠢ ᠶᠣᠰᠣᠭᠠᠷ ᠰᠢᠶᠳᠪᠦᠷᠢᠯᠡᠬᠦ᠂ ᠮᠡᠳᠡᠭᠳᠡᠬᠦ᠂ ᠲᠡᠮᠳᠡᠭᠯᠡᠬᠦ ᠵᠡᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ︶      4.ᠲᠦᠭᠰᠢᠭᠦᠷᠢ ᠶᠢ ᠬᠤᠪᠢᠶᠠᠨ  ᠡᠭᠦᠷᠭᠡᠯᠡᠨ᠎ᠡ᠃ ᠮᠢᠬ᠎ᠠ ᠥᠨᠳᠡᠭᠡ ᠰᠦ ᠪᠠ ᠬᠠᠷ᠎ᠠ ᠠᠷᠢᠬᠢ ᠦᠶᠯᠡᠳᠪᠦᠷᠢᠯᠡᠬᠦ ᠠᠵᠤ ᠠᠬᠤᠶᠢᠯᠠᠯ᠂ ᠬᠠᠮᠲᠤ ᠶᠢᠨ ᠬᠤᠭᠤᠯᠠ ᠢᠳᠡᠬᠦ ᠨᠢᠭᠡᠴᠡ᠂ ᠬᠥᠳᠡᠭᠡ ᠲᠣᠰᠬᠤᠨ ᠤ ᠬᠠᠮᠲᠤ ᠶᠢᠨ ᠬᠤᠭᠤᠯᠠ᠂ ᠶᠡᠭᠡ ᠬᠡᠮᠵᠢᠶᠡᠨ ᠤ ᠢᠳᠡᠭᠡᠨ ᠳᠣᠭᠢᠷᠠᠭᠤᠯᠤᠨ ᠬᠦᠷᠭᠡᠬᠦ ᠨᠢᠭᠡᠴᠡ᠂ ᠲᠥᠪ ᠲᠣᠭᠤᠭᠠᠨ ᠬᠡᠷ ᠪᠠ ᠬᠤᠭᠤᠯᠠ ᠲᠦᠭᠡᠭᠡᠬᠦ ᠨᠢᠭᠡᠴᠡ ᠵᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠰᠠᠨᠠᠭᠠᠴᠢᠯᠠᠭ᠎ᠠ ᠠᠴᠠ ᠪᠠᠨ ᠬᠤᠳᠠᠯᠳᠤᠨ ᠠᠪᠤᠭᠤᠯᠬᠤ ᠬᠡᠷᠡᠭᠲᠡᠶ᠃ ᠨᠥᠬᠦᠴᠡᠯ ᠲᠠᠢ ᠳᠤᠮᠳᠠ ᠵᠢᠵᠢᠭ ᠠᠵᠤ ᠠᠬᠤᠶᠢᠯᠠᠯ ᠨᠢ ᠢᠳᠡᠭᠡᠨ ᠤ ᠠᠶᠤᠯᠭᠦᠶ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠢᠳᠡᠪᠬᠢᠲᠡᠶ  ᠤᠷᠤᠯᠴᠠᠭᠤᠯᠤᠨ᠎ᠠ ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠥᠩᠭᠦᠨ ᠭᠦᠶᠯᠭᠡᠭᠡᠨ ᠤ ᠠᠯᠪᠠᠨ ᠬᠡᠷ᠂ ᠨᠢᠭᠡ ᠰᠢᠶᠠᠩ ᠨᠢᠭᠡ ᠪᠠᠯᠭᠠᠰᠤ︶      5. ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠬᠢᠨ᠎ᠡ᠃ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠣᠯᠪᠠᠰᠤᠷᠠᠭᠤᠯᠵᠤ ᠰᠢᠯᠭᠠᠨ ᠬᠢᠨᠠᠬᠤ᠂ ᠲᠦᠭᠰᠢᠭᠦᠷᠢ ᠶᠢ ᠥᠪᠡᠷ ᠢᠶᠠᠨ ᠪᠠᠶᠢᠴᠠᠭᠠᠬᠤ᠂ ᠪᠦᠲᠦᠭᠡᠭᠳᠡᠬᠦᠨ ᠢᠶᠠᠨ ᠡᠭᠡᠭᠦᠯᠦᠨ ᠠᠪᠴᠢᠷᠠᠬᠤ᠂ ᠪᠥᠬᠦ ᠶᠠᠪᠤᠴᠠ ᠶᠢ ᠲᠡᠮᠳᠡᠭᠯᠡᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠯᠡᠳᠪᠦᠷᠢᠯᠡᠯ ᠡᠵᠡᠩᠨᠡᠯᠲᠡ ᠶᠢᠨ ᠪᠥᠬᠦ ᠶᠠᠪᠤᠴᠠ ᠶᠢ ᠬᠠᠮᠤᠷᠤᠭᠰᠠᠨ ᠢᠳᠡᠭᠡᠨ ᠤ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠢᠳᠡᠭᠡᠨ ᠦᠶᠯᠡᠳᠪᠦᠷᠢᠯᠡᠵᠦ ᠡᠵᠡᠩᠨᠡᠭᠴᠢ ᠶᠢᠨ ᠬᠠᠮᠢᠶ᠎ᠠ ᠪᠥᠬᠦᠶ ᠢᠲᠡᠭᠡᠮᠵᠢ ᠶᠢᠨ ᠪᠠᠶᠢᠳᠠᠯ ᠢ ᠨᠡᠶᠢᠭᠡᠮ ᠤᠨ ᠦᠨᠡᠨᠴᠢ ᠢᠲᠡᠭᠡᠮᠵᠢ ᠶᠢᠨ ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠴᠢᠩᠭᠠᠳᠬᠠᠨ᠂ ᠢᠲᠡᠭᠡᠮᠵᠢ ᠶᠢᠨ ᠲᠠᠰ ᠬᠤᠪᠢᠶᠠᠬᠤ ᠶᠢᠨ ᠬᠠᠮᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ          ︵ᠲᠠᠪᠤ︶ ᠢᠳᠡᠭᠡᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ       1. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠴᠤ᠂ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠎ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠰᠢᠨᠵᠢᠯᠡᠬᠦ ᠤᠬᠠᠭᠠᠨ ᠮᠡᠷᠭᠡᠵᠢᠯ ᠪᠠ ᠲᠣᠮᠣ ᠳ᠋ᠠᠶᠢᠲ᠋ᠠ ᠶᠢᠨ ᠲᠣᠪᠴᠢᠶ᠎ᠠ︶        2. ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠢᠳᠡᠭᠡᠨ ᠤ ᠠᠵᠤ ᠦᠶᠯᠡᠰ ᠤᠨ ᠪᠠᠶᠢᠷᠢᠰᠢᠭᠤᠯᠤᠯᠲᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠢᠳᠡᠭᠡᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ᠂ ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠤᠨ ᠦᠶᠯᠡᠳᠪᠦᠷᠢᠯᠡᠯ ᠤᠨ ᠰᠠᠭᠤᠷᠢᠨ ᠭᠠᠵᠠᠷ ᠵᠢᠴᠢ ᠢᠵᠢ ᠪᠥᠷᠢᠳᠦᠭᠦᠯᠬᠦ ᠪᠡᠯᠡᠳᠬᠡᠮᠵᠢ ᠶᠢ ᠪᠠᠶᠢᠭᠤᠯᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠭᠦᠨᠵᠡᠭᠡᠶ ᠠᠭᠤᠰᠤᠯᠴᠠᠬᠤ ᠶᠢ ᠴᠢᠩᠭᠠᠳᠬᠠᠬᠤ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠳᠡᠭᠡᠨ ᠤ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠢᠳᠡᠭᠡᠨ ᠤ ᠦᠶᠯᠡᠳᠪᠦᠷᠢᠯᠡᠯ ᠤᠨ ᠠᠵᠤ ᠠᠬᠤᠶᠢᠯᠠᠯ ᠤᠳ ᠴᠥᠮ ᠰᠠᠶᠢᠨ ᠰᠠᠶᠢᠬᠠᠨ ᠦᠶᠯᠡᠳᠪᠦᠷᠢᠯᠡᠯ ᠤᠨ ᠵᠢᠷᠤᠮᠵᠢᠯ ᠪᠤᠶᠤ ᠬᠤᠤᠷ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠡᠵᠡᠮᠳᠡᠬᠦ ᠴᠢᠬ ᠤᠨ ᠰᠢᠰᠲ᠋ᠧᠮᠵᠢ ᠵᠡᠷᠭᠡ ᠣᠯᠠᠨ ᠤᠯᠤᠰ ᠲᠤ ᠨᠡᠶᠢᠳᠡᠮ ᠬᠡᠷᠡᠭᠯᠡᠵᠦ ᠪᠠᠶᠢᠭ᠎ᠠ ᠴᠢᠨᠠᠷ ᠰᠠᠶᠢᠲᠠᠶ ᠬᠠᠮᠢᠶᠠᠷᠤᠯᠲᠠ ᠶᠢᠨ ᠰᠢᠰᠲ᠋ᠧᠮᠵᠢ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ︶        ︵ᠵᠢᠷᠭᠤᠭ᠎ᠠ︶ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ       1. ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠮᠣ ᠳ᠋ᠠᠶᠢᠲ᠋ᠠ ᠶᠢᠨ ᠵᠠᠳᠠᠯᠤᠯᠲᠠ ᠳᠤ ᠰᠠᠭᠤᠷᠢᠯᠠᠭᠰᠠᠨ ᠣᠶᠤᠨᠴᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢᠨ ᠡᠬᠢ ᠪᠠᠶᠠᠯᠢᠭ ᠢ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠭᠤᠷᠣᠨᠳᠣ ᠬᠠᠮᠲᠤᠪᠠᠷ ᠭᠥᠷᠳᠡᠬᠦ ᠪᠠ ᠬᠡᠷᠡᠭᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠶᠢᠨ ᠮᠥᠷᠳᠡᠬᠦ ᠰᠢᠰᠲ᠋ᠧᠮᠵᠢ ᠶᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠯᠤᠭ᠎ᠠ ᠵᠣᠯᠭᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠪᠠ ᠲᠣᠮᠣ ᠳ᠋ᠠᠶᠢᠲ᠋ᠠ ᠶᠢᠨ ᠲᠣᠪᠴᠢᠶ᠎ᠠ︶        2. ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ ᠢᠳᠡᠭᠡᠨ ᠤ ᠠᠮᠤᠷ ᠲᠦᠪᠰᠢᠨ ᠤ ᠠᠵᠢᠯ ᠮᠡᠷᠭᠡᠵᠢᠭᠰᠡᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠪᠣᠯᠪᠠᠰᠤᠷᠠᠭᠤᠯᠤᠯ ᠤᠨ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠵᠦ᠂ ᠪᠣᠯᠪᠠᠰᠤᠷᠠᠭᠤᠯᠤᠯ ᠤᠨ ᠬᠢᠴᠢᠶᠡᠯ ᠤᠨ ᠴᠠᠭ ᠤᠨ ᠬᠥᠮᠦᠨ ᠪᠦᠷᠢ ᠶᠢᠨ ᠵᠢᠯ ᠤᠨ ᠪᠣᠯᠪᠠᠰᠤᠷᠠᠭᠤᠯᠤᠯ ᠢ 40 ᠬᠢᠴᠢᠶᠡᠯ ᠤᠨ ᠴᠠᠭ ᠠᠴᠠ ᠳᠣᠤᠷ᠎ᠠ ᠪᠠᠶᠢᠯᠭᠠᠬᠤ ᠥᠬᠡᠶ ᠶᠢᠨ ᠤᠯᠠᠮ ᠠᠴᠠ ᠪᠠᠶᠢᠴᠠᠭᠠᠬᠤ ᠠᠵᠢᠯᠲᠠᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠲᠤᠰᠬᠠᠶᠢᠵᠢᠭᠰᠠᠨ  ᠪᠤᠯᠪᠠᠰᠤᠷᠠᠯ ᠬᠦᠷᠲᠡᠭᠡᠨ᠎ᠡ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶        3. ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ ᠡᠯ᠎ᠡ ᠭᠤᠭᠴᠤᠭ᠎ᠠ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠵᠦ᠂ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ︵ᠥᠪᠡᠷᠲᠡᠭᠡᠨ ᠵᠠᠰᠠᠬᠤ ᠣᠷᠣᠨ ᠤ ᠲᠠᠰ ᠪᠠᠭᠲᠠᠨ᠎ᠠ︶᠎ ᠶᠢᠨ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠬᠦ ᠬᠡᠷᠡᠭᠲᠡᠶ᠃ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠰᠤᠭᠤᠴᠠᠨ ᠪᠠᠶᠢᠴᠠᠭᠠᠬᠤ ᠡᠭᠦᠷᠭᠡ ᠶᠢ ᠲᠡᠩᠴᠡᠭᠦᠷᠢᠲᠡᠶ ᠠᠬᠢᠭᠤᠯᠤᠨ ᠪᠡᠶᠡᠯᠡᠭᠦᠯᠵᠦ᠂ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠲᠥᠯᠥᠪᠯᠡᠭᠡ ᠪᠠ ᠦᠨᠡᠯᠡᠯᠲᠡ ᠶᠢᠨ ᠴᠢᠨᠠᠷᠲᠠᠶ ᠰᠤᠭᠤᠴᠠᠨ ᠪᠠᠶᠢᠴᠠᠭᠠᠬᠤ ᠲᠥᠯᠥᠪᠯᠡᠭᠡ ᠶᠢ ᠪᠡᠶᠡᠯᠡᠭᠦᠯᠦᠭᠰᠡᠨ ᠨᠣᠷᠮ᠎ᠠ ᠶᠢ ᠴᠥᠮ 100%᠎ ᠳᠤ ᠬᠦᠷᠦᠭᠦᠯᠵᠦ᠂ ᠰᠤᠭᠤᠴᠠᠨ ᠪᠠᠶᠢᠴᠠᠭᠠᠭᠠᠳ ᠬᠢᠷᠢ ᠲᠡᠩᠴᠡᠭᠦ ᠥᠬᠡᠶ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠭᠰᠡᠨ ᠨᠣᠷᠮ᠎ᠠ ᠶᠢ 100%᠎ ᠳᠤ ᠬᠦᠷᠦᠭᠦᠯᠬᠦ ᠶᠢᠨ ᠬᠠᠮᠲᠤ᠂ ᠰᠤᠭᠤᠴᠠᠨ ᠪᠠᠶᠢᠴᠠᠭᠠᠭᠰᠠᠨ ᠦᠷ᠎ᠡ ᠳ᠋ᠦᠩ ᠵᠢᠴᠢ ᠬᠢᠷᠢ ᠲᠡᠩᠴᠡᠭᠦ ᠥᠬᠡᠶ ᠢᠳᠡᠭᠡᠨ ᠢ ᠰᠢᠶᠳᠪᠦᠷᠢᠯᠡᠭᠰᠡᠨ ᠪᠠᠶᠢᠳᠠᠯ ᠢ ᠬᠠᠤᠯᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ︶        4. ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠶᠢ ᠴᠢᠩᠭᠠᠳᠬᠠᠨ᠎ᠠ᠃ ᠢᠳᠡᠭᠡᠨ ᠤ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠵᠤ᠂ ᠡ᠊ᠨᠳᠡᠯ ᠢ ᠪᠠᠶᠢᠴᠠᠭᠠᠬᠤ᠂ ᠰᠢᠶᠳᠪᠦᠷᠢᠯᠡᠬᠦ᠂ ᠮᠡᠳᠡᠭᠦᠯᠬᠦ ᠪᠠ ᠮᠡᠳᠡᠭᠡ ᠵᠠᠩᠭᠢ ᠶᠢ ᠲᠡᠭᠦᠯᠳᠡᠷᠵᠢᠭᠦᠯᠦᠨ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2