ᠵᠢᠨᠢᠩ ᠲᠣᠭᠤᠷᠢᠭ ᠤᠨ ᠠᠷᠠᠳ ᠤᠨ ᠵᠠᠰᠠᠭ ‍ᠤᠨ‌ᠤᠷᠳᠤᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2022/3/16
ᠵᠢᠨᠢᠩ ᠲᠣᠭᠤᠷᠢᠭ ᠤᠨ ᠠᠷᠠᠳ ᠤᠨ ᠵᠠᠰᠠᠭ ‍ᠤᠨ‌ᠤᠷᠳᠤᠨ ᠤ ᠪᠢᠴᠢᠭ ᠮᠠᠲ᠋ᠧᠷᠢᠶᠠᠯ                     ᠵᠢᠨᠢᠩ ᠵᠠᠰᠠᠭ ᠠᠯᠪᠠᠨ ﹇2022﹈ 3 ᠳ᠋ᠤᠭᠠᠷ ᠲᠣᠭᠠᠲᠤ       ᠵᠢᠨᠢᠩ ᠲᠣᠭᠤᠷᠢᠭ ᠤᠨ ᠠᠷᠠᠳ ᠤᠨ ᠵᠠᠰᠠᠭ ‍ᠤᠨ‌ᠤᠷᠳᠤᠨ ᠤ ︽ᠬᠠᠶᠢᠷ ᠴᠢᠯᠠᠭᠤ ᠂ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ      ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ‍ᠤᠨ‌‍ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ︽ᠬᠠᠶᠢᠷ ᠴᠢᠯᠠᠭᠤ᠂ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠮᠠᠨ ᠤ  ᠲᠤᠭᠤᠷᠢᠭ ᠤᠨ ᠪᠣᠳᠠᠲᠠᠶ ᠠᠵᠢᠯ ᠲᠠᠢ ᠪᠠᠨ ᠤᠶᠠᠯᠳᠤᠭᠤᠯᠤᠨ᠂ ᠵᠢᠷᠤᠮᠯᠠᠨ ᠬᠡᠷᠡᠭᠵᠢᠭᠦᠯᠲᠦᠭᠡᠶ᠃                               ᠣᠨᠴᠠᠭᠠᠶᠢᠯᠠᠨ ᠮᠡᠳᠡᠭᠳᠡᠪᠡᠳᠠᠭᠠᠯᠳᠤᠭᠤᠯᠤᠯ᠄ ︽ᠬᠠᠶᠢᠷ ᠴᠢᠯᠠᠭᠤ ᠂ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠥᠰᠦᠯ︾                         2022 ᠣᠨ ᠤ 2 ᠰᠠᠷ᠎ᠠ ᠶᠢᠨ 25ᠬᠠᠶᠢᠷ ᠴᠢᠯᠠᠭᠤ ᠂ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠥᠰᠦᠯ      ᠵᠢᠨᠢᠩ ᠲᠣᠭᠤᠷᠢᠭ  ᠤᠨ ᠲᠠᠷᠢᠶᠠᠨ ᠭᠠᠵᠠᠷ᠂ ᠭᠤᠣᠯ  ᠤᠨ ᠵᠠᠮ ᠬᠢᠭᠡᠳ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠤ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠶᠢᠷ ᠴᠢᠯᠠᠭᠤ  ᠶᠢᠨ ᠡᠬᠢ ᠪᠠᠶᠠᠯᠢᠭ  ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠶᠢᠷ ᠴᠢᠯᠠᠭᠤ᠂ ᠨᠠᠩᠭᠢ ᠰᠢᠷᠣᠶ ᠬᠠᠤᠯᠢ ᠪᠤᠰᠤ ᠪᠠᠷ ᠮᠠᠯᠲᠠᠬᠤ᠂ ᠡᠵᠡᠩᠨᠡᠬᠦ ᠵᠢᠴᠢ ᠨᠡᠶᠢᠭᠡᠮ ᠤᠨ ᠤᠯᠠᠨ ᠨᠡᠶᠢᠲᠡ ᠶᠢᠨ ᠠᠮᠤᠷ ᠲᠦᠪᠰᠢᠨ  ᠳᠤ ᠬᠤᠣᠷ ᠬᠥᠨᠥᠭᠡᠯ ᠤᠴᠠᠷᠠᠭᠤᠯᠬᠤ ᠥᠢᠯᠡ ᠠᠵᠢᠯᠯᠠᠭ᠎ᠠ  ᠳᠤ  ᠪᠦᠲᠦᠮᠵᠢᠲᠡᠶ ᠴᠣᠬᠢᠯᠲᠠ ᠥᠭᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠭᠤᠷᠬᠠᠶ ᠶᠢᠨ ᠭᠠᠷᠤᠯᠲᠠ  ᠶᠢᠨ ᠡᠬᠢ ᠪᠠᠶᠠᠯᠢᠭ ᠟  ᠤᠨ ᠬᠠᠤᠯᠢ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ  ᠢ ᠦᠨᠳᠦᠰᠦᠯᠡᠨ᠂ ᠮᠠᠨ  ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠵᠢᠯ ᠤᠨ ᠲᠥᠰᠦᠯ  ᠶᠢ ᠲᠣᠭᠲᠠᠭᠠᠪᠠ᠃          ᠨᠢᠭᠡ᠂ ᠠᠵᠢᠯ ᠤᠨ ᠬᠠᠷᠠᠯᠲᠠ          ᠨᠢᠭᠡ ᠳᠤ᠂ ᠪᠦᠬᠦᠨ ᠢ ᠪᠦᠷᠬᠦᠬᠦᠯᠬᠦ ᠮᠠᠶ᠋ᠢᠭ ᠤᠨ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠪᠦᠬᠦ  ᠲᠤᠭᠤᠷᠢᠭ ᠤᠨ ᠡᠯᠡᠰᠦᠨ ᠲᠠᠯᠠᠪᠠᠢ᠂ ᠡᠯᠡᠰᠦᠨ ᠤᠪᠤᠭ᠎ᠠ ᠶᠢᠨ ᠡᠵᠡᠩᠨᠡᠭᠴᠢ ᠵᠢᠴᠢ ᠬᠠᠶᠢᠷ ᠴᠢᠯᠠᠭᠤ  ᠨᠠᠩᠭᠢ ᠰᠢᠷᠣᠢ ᠶᠢᠨ ᠢᠷᠡᠯᠲᠡ ᠶᠢ ᠨᠢᠭᠡᠳ ᠨᠢᠭᠡ ᠪᠠᠷ ᠴᠡᠪᠡᠷᠯᠡᠨ ᠪᠠᠶᠢᠴᠠᠭᠠᠨ᠎ᠠ᠃ ᠬᠠᠤᠯᠢ ᠶᠣᠰᠣᠨ ᠤ ᠭᠠᠷ ᠭᠦᠢᠴᠡᠳᠬᠡᠯ ᠲᠠᠢ ᠪᠠᠶᠢᠪᠠᠯ ᠪᠦᠷᠢᠳᠬᠡᠨ ᠳᠠᠩᠰᠠᠯᠠᠭᠤᠯᠬᠤ ᠬᠡᠷᠡᠭᠲᠡᠶ ᠃ ᠭᠠᠷ ᠭᠦᠢᠴᠡᠳᠬᠡᠯ ᠨᠢ ᠪᠦᠷᠢᠨ ᠪᠤᠰᠤ ᠬᠠᠶᠢᠷ ᠴᠢᠯᠠᠭᠤᠨ ᠤ ᠡᠵᠡᠩᠨᠡᠯᠲᠡ  ᠬᠢᠭᠰᠡᠳ ᠢ ᠬᠠᠤᠯᠢ ᠶᠣᠰᠣᠭᠠᠷ ᠰᠢᠳᠬᠡᠵᠦ᠂ ᠠᠵᠢᠯ ᠢ ᠨᠢ ᠳᠠᠷᠤᠶ ᠲᠦᠷᠭᠡᠨ ᠵᠣᠭᠰᠣᠭᠠᠵᠤ ᠴᠡᠭᠴᠡᠯᠡᠬᠦ ᠬᠡᠷᠡᠭᠲᠡᠶ᠃ ᠡᠯ᠎ᠡ ᠲᠥᠷᠥᠯ ᠤᠨ ᠡᠯᠡᠰᠦᠨ ᠣᠪᠣᠭ᠎ᠠ᠂ ᠡᠯᠡᠰᠦᠨ ᠨᠦᠬᠡ ᠶᠢᠨ ᠢᠷᠡᠯᠲᠡ ᠶᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠬᠠᠶᠢᠷ ᠴᠢᠯᠠᠭᠤ ᠬᠤᠯᠠᠭᠠᠶᠢᠯᠠᠨ ᠮᠠᠯᠲᠠᠭᠰᠠᠨ᠂ ᠲᠠᠷᠢᠶᠠᠨ ᠭᠠᠵᠠᠷ᠂ ᠦᠨᠳᠦᠰᠦᠨ ᠲᠠᠷᠢᠶᠠᠨ ᠭᠠᠵᠠᠷ᠂ ᠣᠶ ᠰᠢᠭᠤᠶ ᠡᠪᠡᠰᠦᠲᠦ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠤᠤᠯ ᠤᠨ ᠵᠠᠮ ᠢ ᠡᠪᠳᠡᠭᠰᠡᠳ ᠲᠤ ᠬᠠᠤᠯᠢ ᠶᠣᠰᠣᠭᠠᠷ ᠡᠷᠡᠰ ᠴᠣᠬᠢᠯᠲᠠ ᠥᠭᠬᠦ ᠬᠡᠷᠡᠭᠲᠡᠶ᠃          ᠬᠤᠶᠠᠷ ᠲᠤ᠂ ᠭᠠᠵᠠᠷ ᠰᠢᠷᠣᠶ᠂ ᠭᠤᠣᠯ  ᠤᠨ ᠵᠠᠮ  ᠢ ᠬᠠᠤᠯᠢ ᠪᠤᠰᠤ ᠪᠠᠷ ᠡᠪᠳᠡᠵᠦ ᠬᠠᠶᠢᠷ ᠮᠠᠯᠲᠠᠬᠤ ᠡᠯ᠎ᠡ ᠲᠥᠷᠥᠯ  ᠤᠨ ᠭᠠᠵᠠᠷ ᠲᠠᠯᠠᠪᠤᠷ ᠪᠣᠯᠤᠨ ᠬᠠᠤᠯᠢ ᠪᠤᠰᠤ ᠪᠠᠷ ᠬᠠᠶᠢᠷ ᠣᠪᠣᠭᠠᠯᠠᠬᠤ ᠭᠠᠵᠠᠷ᠂ ᠪᠣᠯᠪᠠᠰᠤᠷᠠᠭᠤᠯᠬᠤ ᠴᠢᠬ ᠢ ᠰᠢᠶᠳᠪᠦᠷᠢᠯᠡᠵᠦ᠂ ᠬᠠᠤᠯᠢ ᠪᠤᠰᠤ ᠪᠠᠷ ᠬᠠᠶᠢᠷ ᠮᠠᠯᠲᠠᠬᠤ ᠲᠠᠯᠠᠪᠤᠷ᠂ ᠬᠠᠶᠢᠷ ᠣᠪᠣᠭᠠᠯᠠᠬᠤ ᠭᠠᠵᠠᠷ ᠪᠣᠯᠤᠨ ᠪᠣᠯᠪᠠᠰᠤᠷᠠᠭᠤᠯᠬᠤ ᠴᠢᠬ ᠢ ᠪᠥᠬᠦ ᠲᠠᠯ᠎ᠠ ᠪᠠᠷ ᠴᠡᠪᠡᠷᠯᠡᠨ᠎ᠡ᠃         ᠭᠤᠷᠪᠠ ᠳᠤ ᠂ ᠬᠠᠤᠯᠢ ᠪᠤᠰᠤ ᠪᠠᠷ ᠡᠯᠡᠰᠦ ᠮᠠᠯᠲᠠᠭᠠᠳ ᠡᠯᠡᠰᠦᠨ ᠨᠦᠬᠡ ᠭᠠᠷᠭᠠᠭᠰᠠᠨ᠂ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠨ ᠳᠤᠷ᠎ᠠ ᠪᠠᠷ ᠢᠶᠠᠨ ᠬᠠᠶᠢᠷ ᠴᠢᠯᠠᠭᠤ ᠣᠪᠣᠭᠠᠯᠠᠨ ᠲᠠᠯᠪᠢᠭᠰᠠᠨ ᠪᠠ ᠭᠤᠤᠯ ᠤᠨ ᠵᠠᠮ᠂ ᠤᠷᠭᠤᠮᠠᠯ ᠤᠨ ᠬᠤᠴᠢᠯᠭ᠎ᠠ᠂ ᠲᠠᠷᠢᠶᠠᠨ ᠭᠠᠵᠠᠷ᠂ ᠣᠶ ᠮᠣᠳᠣ ᠶᠢ ᠡᠪᠳᠡᠭᠰᠡᠨ ᠵᠡᠷᠭᠡ ᠦᠶᠯᠡ ᠠᠵᠢᠯᠯᠠᠭ᠎ᠠ ᠳᠤ ︽ᠬᠡᠨ ᠡᠯᠡᠰᠦ ᠮᠠᠯᠲᠠᠭᠰᠠᠨ ᠪᠣᠯ ᠲᠡᠷᠡ ᠵᠠᠰᠠᠬᠤ᠂ ᠬᠡᠨ ᠡᠪᠳᠡᠭᠰᠡᠨ ᠪᠣᠯ ᠲᠡᠷᠡ ᠰᠡᠷᠭᠦᠭᠡᠬᠦ︾ ᠵᠠᠷᠴᠢᠮ ᠶᠣᠰᠣᠭᠠᠷ᠂ ᠬᠠᠮᠢᠶ᠎ᠠ ᠪᠥᠬᠦᠶ ᠬᠥᠮᠦᠰ ᠢ ᠰᠢᠮᠳᠠᠭᠤᠯᠵᠤ ᠪᠠᠶᠢᠭᠠᠳ ᠭᠠᠵᠠᠷ ᠰᠢᠷᠣᠶ ᠶᠢ ᠲᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠬᠡᠷᠡᠭᠲᠡᠶ᠃         ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ        ︵ᠨᠢᠭᠡ︶  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠨᠢ ᠵᠢᠨᠢᠩ ᠤᠨ ᠬᠠᠷᠢᠶ᠎ᠠ ᠲᠣᠭᠤᠷᠢᠭ ᠤᠨ ᠭᠤᠤᠯ ᠤᠨ ᠵᠠᠮ ᠤᠨ ᠬᠡᠪᠴᠢᠶᠡᠨ ᠳᠠᠬᠢ ᠬᠠᠶᠢᠷ ᠴᠢᠯᠠᠭᠤ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠤᠣᠯ  ᠤᠨ ᠵᠠᠮ  ᠤᠨ ᠬᠡᠪᠴᠢᠶᠡᠨ ᠎ ᠳᠠᠬᠢ ᠬᠠᠤᠯᠢ ᠪᠤᠰᠤ ᠪᠠᠷ ᠨᠡᠭᠡᠭᠡᠨ ᠮᠠᠯᠲᠠᠬᠤ ᠥᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠨᠡᠮᠡᠭᠳᠡᠭᠦᠯᠦᠨ᠂ ᠬᠤᠯᠠᠭᠠᠶᠢᠯᠠᠨ ᠮᠠᠯᠲᠠᠬᠤ ᠥᠢᠯᠡ ᠠᠵᠢᠯᠯᠠᠭ᠎ᠠ  ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃       ︵ᠬᠤᠶᠠᠷ︶  ᠲᠤᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠨᠢ ᠵᠢᠨᠢᠩ ᠤᠨ ᠬᠠᠷᠢᠶ᠎ᠠ ᠣᠷᠣᠨ ᠤ ᠣᠶ ᠰᠢᠭᠤᠶ᠂ ᠡᠪᠡᠰᠦᠲᠦ ᠭᠠᠵᠠᠷ ᠤᠨ ᠬᠠᠶᠢᠷ ᠴᠢᠯᠠᠭᠤ  ᠨᠠᠩᠭᠢ ᠰᠢᠷᠣᠶ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠶ ᠰᠢᠭᠤᠶ᠂ ᠡᠪᠡᠰᠦᠲᠦ ᠭᠠᠵᠠᠷ ᠢ ᠡᠵᠡᠯᠡᠨ ᠬᠡᠷᠡᠭᠯᠡᠵᠦ ᠬᠠᠤᠯᠢ ᠪᠤᠰᠤ ᠪᠠᠷ ᠨᠡᠭᠡᠭᠡᠨ ᠮᠠᠯᠲᠠᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃       ︵ᠭᠤᠷᠪᠠ︶  ᠲᠤᠭᠤᠷᠢᠭ ᠤᠨ  ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠵᠢᠨᠢᠩ ᠤᠨ ᠬᠠᠷᠢᠶᠠᠲᠤ ᠣᠷᠣᠨ ᠤ ᠭᠤᠤᠯ ᠤᠨ ᠵᠠᠮ᠂ ᠣᠶ ᠰᠢᠭᠤᠶ ᠡᠪᠡᠰᠦᠲᠦ ᠭᠠᠵᠠᠷ ᠠᠴᠠ ᠪᠤᠰᠤᠳ ᠬᠠᠤᠯᠢ ᠪᠤᠰᠤ ᠪᠠᠷ ᠬᠠᠶᠢᠷ ᠴᠢᠯᠠᠭᠤ ᠨᠠᠩᠭᠢ ᠰᠢᠷᠣᠶ ᠮᠠᠯᠲᠠᠬᠤ ᠪᠤᠶᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠠᠶᠢᠷ ᠴᠢᠯᠠᠭᠤ ᠣᠪᠣᠭᠠᠯᠠᠬᠤ ᠲᠠᠯᠠᠪᠠᠶ ᠪᠣᠯᠭᠠᠬᠤ ᠵᠡᠷᠭᠡ ᠬᠠᠮᠢᠶ᠎ᠠ ᠪᠥᠬᠦᠶ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠬᠠᠤᠯᠢ ᠪᠤᠰᠤ ᠪᠠᠷ ᠨᠡᠭᠡᠭᠡᠨ ᠮᠠᠯᠲᠠᠬᠤ ᠲᠠᠯᠠᠪᠤᠷ ᠭᠠᠵᠠᠷ᠂ ᠬᠠᠤᠯᠢ ᠪᠤᠰᠤ ᠪᠠᠷ ᠡᠯᠡᠰᠦ ᠣᠪᠣᠭᠠᠯᠠᠬᠤ ᠭᠠᠵᠠᠷ᠂ ᠡᠳ᠋ᠰᠢᠭᠦᠯᠬᠦ ᠭᠠᠵᠠᠷ ᠢ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂  ᠬᠤᠯᠠᠭᠠᠶᠢᠯᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠃ ᠪᠥᠬᠦ  ᠲᠤᠭᠤᠷᠢᠭ ᠤᠨ ᠬᠠᠶᠢᠷ ᠴᠢᠯᠠᠭᠤ  ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠪᠣᠳᠠᠲᠠᠶ ᠠᠵᠢᠯ ᠶᠠᠪᠤᠳᠠᠯ ᠢ ᠲᠦᠷᠦᠭᠦᠯᠡᠨ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃       ︵ᠳᠥᠷᠪᠡ︶ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠬᠠᠷᠢᠶ᠎ᠠ ᠣᠷᠣᠨ ᠤ ᠪᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠦᠶᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠶᠴᠡᠳᠬᠡᠵᠦ᠂ ᠲᠣᠤᠷᠵᠢᠭᠤᠯᠤᠨ ᠵᠠᠰᠠᠬᠤ ᠶᠢ ᠬᠡᠷᠡᠭᠵᠢᠭᠦᠯᠦᠨ᠂ ᠬᠠᠷᠢᠭᠤᠴᠠᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠬᠡᠷᠡᠭᠲᠡᠶ ᠃ ᠮᠡᠳᠡᠭᠡ ᠵᠠᠩᠭᠢ ᠶᠢ ᠴᠤᠭᠯᠠᠭᠤᠯᠵᠤ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠺᠠᠳ᠋ᠷ᠂ ᠣᠯᠠᠨ ᠲᠦᠮᠡᠨ ᠤ ᠬᠠᠤᠯᠢ ᠪᠤᠰᠤ ᠪᠠᠷ ᠠᠵᠤ ᠠᠬᠤᠶᠢᠯᠠᠯ ᠪᠤᠶᠤ ᠪᠤᠰᠤᠳ ᠬᠤᠪᠢ ᠬᠥᠮᠦᠨ ᠯᠦᠭᠡ ᠡᠯ᠎ᠡ ᠲᠥᠷᠥᠯ ᠤᠨ ᠬᠠᠶᠢᠷ ᠴᠢᠯᠠᠭᠤ ᠮᠠᠯᠲᠠᠬᠤ ᠬᠡᠯᠡᠯᠴᠡᠭᠡᠷ ᠢ ᠳᠤᠷ᠎ᠠ ᠪᠠᠷ ᠢᠶᠠᠨ ᠲᠣᠭᠲᠠᠭᠠᠬᠤ ᠦᠶᠯᠡ ᠠᠵᠢᠯᠯᠠᠭ᠎ᠠ ᠶᠢ ᠴᠠᠭ ᠲᠤᠬᠠᠶ ᠳᠤᠨᠢ᠂ ᠡᠷᠡᠰ ᠰᠢᠭᠤᠷᠬᠠᠶ ᠪᠠᠷ ᠬᠤᠷᠢᠭᠯᠠᠬᠤ ᠬᠡᠷᠡᠭᠲᠡᠶ ᠃ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠤ ᠺᠠᠳ᠋ᠷ ᠵᠢᠴᠢ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠦᠶᠯᠡ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤᠨᠢ ᠬᠠᠩᠭᠠᠵᠤ᠂ ᠬᠠᠮᠤᠭ ᠤᠨ ᠲᠡᠷᠢᠭᠦᠨ ᠳᠤ ᠠᠵᠢᠯᠲᠠᠨ ᠤ ᠬᠦᠴᠦᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤᠨᠢ ᠬᠤᠷᠢᠭᠯᠠᠨ ᠵᠣᠭᠰᠣᠭᠠᠵᠤ᠂ ᠲᠤᠬᠠᠶ ᠶᠢᠨ ᠲᠠᠯᠠᠪᠤᠷ ᠢ ᠬᠠᠮᠠᠭᠠᠯᠠᠨ ᠮᠠᠯᠲᠠᠬᠤ ᠲᠡᠭᠡᠭᠡᠪᠦᠷᠢ ᠶᠢᠨ ᠪᠠᠭᠠᠵᠢ ᠶᠢ ᠪᠢᠲᠡᠭᠦᠮᠵᠢᠯᠡᠨ ᠪᠥᠭᠯᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠃ ᠭᠠᠵᠠᠷ ᠰᠢᠷᠣᠶ ᠳᠠᠭᠠᠭᠠᠴᠢᠯᠠᠭᠴᠢ ᠶᠢᠨ ᠣᠶ ᠰᠢᠭᠤᠶ ᠡᠪᠡᠰᠦᠲᠦ ᠭᠠᠵᠠᠷ᠂ ᠲᠠᠷᠢᠶᠠᠨ ᠭᠠᠵᠠᠷ ᠵᠡᠷᠭᠡ ᠶᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠳᠤ ᠬᠡᠷᠡᠭᠯᠡᠬᠦ ᠶᠠᠪᠤᠳᠠᠯ ᠳᠤ ᠴᠣᠬᠢᠯᠲᠠ ᠥᠭᠬᠦ ᠶᠢ ᠴᠢᠩᠭ᠎ᠠ ᠬᠤᠷᠢᠭᠯᠠᠨ ᠵᠣᠭᠰᠣᠭᠠᠵᠤ᠂ ᠦᠨᠡᠮᠯᠡᠯ ᠥᠬᠡᠶ ᠪᠠᠷ ᠬᠠᠤᠯᠢ ᠪᠤᠰᠤ ᠪᠠᠷ ᠠᠭᠤᠷᠬᠠᠶ ᠮᠠᠯᠲᠠᠬᠤ ᠠᠵᠢᠯᠯᠠᠭ᠎ᠠ ᠳᠤ ᠭᠠᠵᠠᠷ ᠬᠡᠷᠡᠭᠯᠡᠬᠦ᠂ ᠨᠡᠪᠲᠡᠷᠡᠬᠦ ᠵᠡᠷᠭᠡ ᠨᠥᠬᠦᠴᠡᠯ ᠬᠠᠩᠭᠠᠬᠤ ᠶᠢ ᠴᠠᠭᠠᠵᠠᠯᠠᠨ᠎ᠠ ᠃ ᠲᠤᠬᠠᠶ ᠶᠢᠨ ᠭᠠᠵᠠᠷ ᠤᠨ ᠭᠠᠴᠠᠭᠠᠨ ᠤ ᠠᠷᠠᠳ ᠤᠨ ᠤᠬᠠᠭᠤᠯᠤᠨ ᠲᠠᠶᠢᠯᠪᠤᠷᠢᠯᠠᠬᠤ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃       ︵ᠲᠠᠪᠤ︶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢ ᠬᠠᠮᠵᠢᠨ ᠬᠠᠶᠢᠷ ᠴᠢᠯᠠᠭᠤ ᠪᠠ ᠨᠠᠩᠭᠢ ᠰᠢᠷᠣᠶ ᠶᠢ ᠳᠤᠷ᠎ᠠ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠭᠰᠠᠨ ᠲᠡᠷᠭᠡ ᠬᠥᠰᠬᠡ ᠶᠢ ᠪᠠᠶᠢᠴᠠᠭᠠᠨ ᠦᠯᠡᠳᠡᠭᠡᠵᠦ ᠲᠡᠭᠡᠭᠡᠪᠦᠷᠢᠯᠡᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠰᠥᠨᠢ ᠪᠠᠷ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠴᠤ ᠬᠤᠯᠠᠭᠠᠶᠢᠯᠠᠨ ᠮᠠᠯᠲᠠᠵᠤ ᠬᠤᠯᠠᠭᠠᠶᠢᠯᠠᠨ ᠮᠠᠯᠲᠠᠭᠰᠠᠨ ᠠᠵᠢᠯᠯᠠᠭ᠎ᠠ ᠳᠤ ᠴᠣᠬᠢᠯᠲᠠ ᠥᠭᠭᠦᠨ᠎ᠡ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠶᠢᠷ ᠴᠢᠯᠠᠭᠤ ᠪᠠ ᠨᠠᠩᠭᠢ ᠰᠢᠷᠣᠶ ᠶᠢ ᠬᠤᠯᠠᠭᠠᠶᠢᠯᠠᠨ ᠮᠠᠯᠲᠠᠭᠤᠯᠬᠤ ᠪᠠᠷ ᠰᠢᠯᠵᠢᠭᠦᠯᠦᠨ ᠬᠦᠷᠭᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠡᠷᠡᠭ ᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ ᠶᠢ ᠬᠠᠷᠢᠭᠤᠴᠠᠨ᠎ᠠ ᠃ ᠴᠡᠭᠴᠡᠯᠡᠨ ᠵᠠᠰᠠᠬᠤ ᠠᠵᠢᠯ ᠢ ᠬᠠᠷᠰᠢᠯᠠᠭᠰᠠᠨ᠂ ᠣᠯᠠᠭᠤᠯᠠ ᠨᠡᠶᠢᠯᠡᠵᠦ ᠬᠡᠷᠡᠭ ᠥᠳᠥᠭᠡᠭᠰᠡᠨ ᠬᠥᠮᠦᠰ ᠲᠤ ᠴᠣᠬᠢᠯᠲᠠ ᠥᠭᠬᠦ ᠶᠢ ᠬᠠᠷᠢᠭᠤᠴᠠᠨ᠎ᠠ᠃         ᠭᠤᠷᠪᠠ᠂ ᠠᠵᠢᠯ ᠤᠨ ᠱᠠᠭᠠᠷᠳᠠᠯᠭ᠎ᠠ        ︵ᠨᠢᠭᠡ︶ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠤᠯᠢ ᠪᠤᠰᠤ ᠪᠠᠷ ᠬᠠᠶᠢᠷ ᠴᠢᠯᠠᠭᠤ ᠪᠠ ᠨᠠᠩᠭᠢ ᠰᠢᠷᠣᠶ ᠶᠢ ᠬᠤᠯᠠᠭᠠᠶᠢᠯᠠᠨ ᠮᠠᠯᠲᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃        ︵ᠬᠤᠶᠠᠷ︶ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠬᠡᠷᠡᠭᠯᠡᠨ᠂ ᠨᠢᠭᠡ ᠪᠦᠯᠦᠭ ᠲᠤᠮᠤ ᠬᠡᠷᠡᠭ ᠴᠢᠬᠤᠯᠠ ᠬᠡᠷᠡᠭ ᠢ ᠴᠢᠷᠮᠠᠶᠢᠨ ᠠᠳᠬᠤᠵᠤ᠂ ᠠᠮᠢ ᠠᠬᠤᠶ ᠶᠢ ᠡᠪᠳᠡᠭᠰᠡᠨ᠂ ᠲᠠᠷᠢᠶᠠᠨ ᠭᠠᠵᠠᠷ ᠢ ᠡᠪᠳᠡᠭᠰᠡᠨ ᠨᠢᠭᠡ ᠪᠦᠯᠦᠭ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠬᠠᠤᠯᠢ ᠪᠤᠰᠤ ᠪᠠᠷ ᠬᠤᠪᠢ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠭᠰᠠᠨ ᠨᠢᠭᠡᠴᠡ ᠪᠤᠶᠤ ᠬᠤᠪᠢ ᠬᠥᠮᠦᠨ ᠳᠤ ᠴᠥᠮ ᠲᠣᠭᠲᠠᠭᠠᠭᠰᠠᠨ ᠳᠡᠭᠡᠳᠦ ᠬᠢᠵᠠᠭᠠᠷ ᠤᠨ ᠶᠣᠰᠣᠭᠠᠷ ᠠᠵᠤ ᠠᠬᠤᠶ ᠶᠢᠨ ᠰᠢᠳᠬᠡᠯ ᠥᠭᠴᠦ᠂ ᠬᠠᠤᠯᠢ ᠴᠠᠭᠠᠵᠠ ᠳᠤ ᠬᠠᠯᠳᠠᠭᠰᠠᠨ ᠪᠠᠶᠢᠪᠠᠯ ᠴᠥᠮ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ᠎ᠡ᠃        ︵ᠭᠤᠷᠪᠠ︶ ᠡᠯ᠎ᠡ ᠰᠠᠯᠠᠭ᠎ᠠ ᠮᠥᠴᠢᠷ ᠨᠢ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ᠂ ᠪᠦᠯᠬᠦᠮᠳᠡᠨ ᠬᠠᠮᠵᠢᠯᠴᠠᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠣᠶ ᠪᠣᠯᠭᠠᠵᠤ᠂ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃        ᠳᠥᠷᠪᠡ᠂ ᠠᠵᠢᠯ ᠤᠨ ᠠᠷᠭ᠎ᠠ ᠬᠡᠮᠵᠢᠶ᠎ᠡ       ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠠᠵᠢᠯ ᠬᠤᠪᠢᠶᠠᠷᠢᠯᠠᠨ ᠬᠠᠮᠵᠢᠯᠴᠠᠬᠤ᠂ ᠨᠢᠭᠲᠠ ᠬᠠᠮᠵᠢᠯᠴᠠᠬᠤ ᠶᠢ ᠦᠨᠡᠨᠬᠦ ᠴᠢᠩᠭᠠᠳᠬᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠠᠵᠢᠯ ᠢ ᠣᠷᠭᠠᠨᠢᠭ ᠢᠶᠠᠷ ᠵᠣᠯᠭᠠᠭᠤᠯᠤᠭᠰᠠᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ ᠃       ︵ᠬᠤᠶᠠᠷ︶ ᠬᠠᠤᠯᠢ ᠶᠢ ᠴᠢᠩᠭ᠎ᠠ ᠬᠡᠷᠡᠭᠵᠢᠭᠦᠯᠵᠦ᠂ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠠᠶᠢᠷ ᠴᠢᠯᠠᠭᠤ ᠶᠢᠨ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤᠮᠳᠠ᠂ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠠᠴᠠ ᠵᠥᠷᠢᠴᠡᠭᠰᠡᠨ ᠰᠦᠪᠡᠭᠴᠢ ᠶᠢ ᠴᠢᠩᠭ᠎ᠠ ᠠᠳᠬᠤᠵᠤ᠂ ᠬᠠᠤᠯᠢ ᠠᠴᠠ ᠵᠥᠷᠢᠴᠡᠭᠰᠡᠨ ᠬᠥᠮᠦᠰ ᠢ ᠴᠢᠩᠭ᠎ᠠ ᠠᠳᠬᠤᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠴᠢᠩᠭ᠎ᠠ ᠪᠠᠶᠢᠴᠠᠭᠠᠨ ᠰᠢᠶᠳᠪᠦᠷᠢᠯᠡᠵᠦ ᠴᠣᠬᠢᠯᠲᠠ ᠥᠭᠬᠦ ᠶᠢᠨ ᠬᠠᠮᠲᠤ ᠴᠠᠭ ᠲᠤᠬᠠᠶ ᠳᠤᠨᠢ ᠪᠣᠳᠠᠲᠠᠶᠢᠵᠢᠭᠤᠯᠬᠤ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠦᠨᠳᠦ ᠪᠠᠷ ᠰᠢᠶᠳᠪᠦᠷᠢᠯᠡᠬᠦ ᠶᠢ ᠪᠡᠶᠡᠯᠡᠭᠦᠯᠵᠦ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ ᠪᠠᠶᠢᠵᠤ᠂ ᠬᠠᠤᠯᠢ ᠴᠠᠭᠠᠵᠠ ᠶᠢ ᠢᠯᠡ᠂ ᠡᠷᠬᠡ ᠲᠡᠭᠰᠢ᠂ ᠲᠥᠪ ᠭᠤᠣᠯᠴᠢ ᠪᠠᠷ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠵᠦ᠂ ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠃        ︵ᠭᠤᠷᠪᠠ︶ ᠥᠷᠭᠡᠨ ᠢᠶᠠᠷ ᠤᠬᠠᠭᠤᠯᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠳ ᠤᠬᠠᠭᠤᠯᠬᠤ ᠡᠷᠴᠢᠮ ᠢᠶᠠᠨ ᠨᠡᠮᠡᠭᠳᠡᠭᠦᠯᠦᠨ᠂ ᠲᠤᠰ ᠤᠳᠠᠭᠠᠨ ᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ  ᠤᠨ ᠬᠠᠷᠠᠯᠲᠠ ᠪᠣᠯᠤᠨ ᠱᠠᠭᠠᠷᠳᠠᠯᠭ᠎ᠠ ᠶᠢ ᠶᠡᠬᠡᠪᠡᠷ ᠤᠬᠠᠭᠤᠯᠵᠤ᠂ ᠥᠷᠭᠡᠨ ᠤᠯᠠᠨ ᠲᠦᠮᠡᠨ  ᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠟  ᠢ ᠨᠡᠮᠡᠭᠳᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠲᠡᠯᠡᠵᠦ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠦᠷᠢᠮ ᠢ ᠬᠡᠷᠡᠭᠵᠢᠭᠦᠯᠬᠦ ᠬᠡᠷᠡᠭᠲᠡᠶ ᠃      ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠳᠠᠯᠠᠨ᠎ᠠ᠃  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠶᠢ ᠠᠪᠴᠤ᠂ ᠪᠥᠬᠦ  ᠲᠤᠭᠤᠷᠢᠭ ᠤᠨ ᠬᠠᠶᠢᠷ ᠴᠢᠯᠠᠭᠤ ᠶᠢᠨ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠪᠠᠶᠢᠴᠠᠭᠠᠬᠤ ᠪᠠ ᠰᠢᠮᠳᠠᠭᠤᠯᠤᠨ ᠰᠢᠶᠳᠪᠦᠷᠢᠯᠡᠭᠦᠯᠬᠦ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠠᠵᠢᠯ ᠢᠶᠠᠨ ᠬᠦᠴᠦᠲᠡᠶ ᠬᠢᠭᠰᠡᠨ ᠦᠭᠡᠶ᠂ ᠬᠠᠷᠢᠶ᠎ᠠ ᠣᠷᠣᠨ ᠤ ᠪᠠᠨ ᠳᠣᠲᠣᠷ᠎ᠠ ᠳᠤᠷ᠎ᠠ ᠪᠠᠷ ᠢᠶᠠᠨ ᠮᠠᠯᠲᠠᠬᠤ ᠦᠵᠡᠭᠳᠡᠯ ᠢ ᠴᠠᠭ ᠲᠤᠬᠠᠶ ᠳᠤᠨᠢ ᠪᠦᠲᠦᠮᠵᠢᠲᠡᠶ ᠵᠠᠰᠠᠵᠤ ᠳᠡᠶᠢᠯᠬᠦ ᠦᠭᠡᠶ᠂ ᠭᠡᠷᠡᠴᠢ ᠥᠬᠡᠶ ᠪᠠᠷ ᠬᠠᠤᠯᠢ ᠪᠤᠰᠤ ᠪᠠᠷ ᠠᠭᠤᠷᠬᠠᠶ ᠮᠠᠯᠲᠠᠬᠤ ︵ᠬᠠᠶᠢᠬᠤ︶ ᠦᠶᠯᠡ ᠠᠵᠢᠯᠯᠠᠭ᠎ᠠ ᠳᠤ ᠭᠠᠵᠠᠷ ᠬᠡᠷᠡᠭᠯᠡᠬᠦ᠂ ᠨᠡᠪᠲᠡᠷᠡᠬᠦ ᠵᠡᠷᠭᠡ ᠠᠰᠢᠭᠲᠠᠶ ᠨᠥᠬᠦᠴᠡᠯ ᠬᠠᠩᠭᠠᠭᠰᠠᠨ᠂ ᠨᠢᠭᠤᠵᠤ ᠳᠠᠷᠤᠭᠠᠳ ᠮᠡᠳᠡᠭᠦᠯᠬᠦ ᠥᠬᠡᠶ᠂ ᠬᠡᠷᠡᠭ ᠪᠠᠶᠢᠲᠠᠯ᠎ᠠ ᠪᠠᠶᠢᠴᠠᠭᠠᠬᠤ ᠥᠬᠡᠶ᠂ ᠪᠠᠶᠢᠴᠠᠭᠠᠨ ᠰᠢᠶᠳᠪᠦᠷᠢᠯᠡᠭᠰᠡᠨ ᠨᠢ ᠬᠦᠴᠦᠨ ᠥᠬᠡᠶ᠂ ᠴᠢᠮᠡᠭᠡ ᠰᠤᠷᠠᠭ ᠬᠦᠷᠭᠡᠭᠰᠡᠨ᠂ ᠳᠠᠯᠳᠠᠭᠤᠷ ᠬᠠᠤᠯᠢ ᠶᠢ ᠵᠥᠷᠢᠴᠡᠨ ᠨᠡᠭᠡᠭᠡᠨ ᠮᠠᠯᠲᠠᠬᠤ ᠦᠶᠯᠡ ᠠᠵᠢᠯᠯᠠᠭ᠎ᠠ ᠶᠢ ᠳᠡᠮᠵᠢᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠤᠯᠪᠣᠭᠳᠠᠯ ᠪᠥᠬᠦᠶ ᠬᠥᠮᠦᠰ ᠤᠨ ᠰᠠᠬᠢᠯᠭ᠎ᠠ ᠪᠠᠲᠤ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃       ︵ᠲᠠᠪᠤ︶ ᠲᠦᠷᠢᠮ ᠢ ᠲᠡᠭᠦᠯᠳᠡᠷᠵᠢᠭᠦᠯᠵᠦ᠂ ᠲᠣᠭᠲᠠᠴᠠ ᠶᠢ ᠪᠠᠶᠢᠭᠤᠯᠤᠨ᠎ᠠ᠃ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ᠂ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ᠂ ᠬᠠᠤᠯᠢ ᠠᠴᠠ ᠵᠥᠷᠢᠴᠡᠭᠰᠡᠨ ᠬᠡᠷᠡᠭ ᠢ ᠢᠯᠡᠴᠢᠯᠡᠨ ᠮᠡᠳᠡᠭᠦᠯᠬᠦ᠂ ᠬᠦᠨᠳᠦ ᠶᠡᠭᠡ ᠬᠡᠷᠡᠭ ᠢ ᠫᠠᠶᠢᠰᠠ ᠡᠯᠭᠦᠨ ᠰᠢᠮᠳᠠᠭᠤᠯᠤᠨ ᠰᠢᠶᠳᠪᠦᠷᠢᠯᠡᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ᠂ ᠬᠠᠮᠲᠤᠪᠠᠷ ᠬᠠᠮᠢᠶᠠᠷᠴᠤ ᠬᠠᠮᠵᠢᠯᠴᠠᠨ ᠬᠠᠮᠢᠶᠠᠷᠬᠤ᠂ ᠮᠡᠳᠡᠭᠡ ᠵᠠᠩᠭᠢ ᠶᠢᠨ ᠰᠣᠯᠢᠯᠴᠠᠭ᠎ᠠ ᠶᠢ ᠬᠠᠮᠲᠤᠪᠠᠷ ᠭᠥᠷᠳᠡᠬᠦ ᠵᠡᠷᠭᠡ ᠠᠵᠢᠯ ᠤᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠡᠭᠦᠷᠭᠡ ᠶᠢ ᠪᠥᠬᠦ ᠲᠠᠯ᠎ᠠ ᠪᠠᠷ ᠤᠷᠤᠭᠰᠢᠲᠠᠶ ᠪᠡᠶᠡᠯᠡᠭᠦᠯᠬᠦ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠬᠢᠨᠠᠨ ᠬᠠᠮᠢᠶᠠᠷᠬᠤ ᠶᠢ ᠪᠠᠲᠤᠯᠠᠬᠤ ᠬᠡᠷᠡᠭᠲᠡᠶ᠃       ᠲᠠᠶᠢᠯᠤᠮᠵᠢ ᠶᠢᠨ ᠡᠬᠡ ᠪᠢᠴᠢᠭ ᠤᠨ ᠬᠤᠯᠪᠣᠭᠠᠰᠤ᠄ ︽ᠬᠠᠶᠢᠷ ᠴᠢᠯᠠᠭᠤ ᠶᠢᠨ ᠨᠠᠩᠭᠢ ᠰᠢᠷᠣᠶ ᠶᠢᠨ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2