ᠴᠢ᠊ ·ᠳᠠᠯᠠᠨᠲᠠᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠮᠠᠨ ᠤ  ᠲᠤᠭᠤᠷᠢᠭ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠤᠨ ᠪᠠᠲᠤᠯᠠᠪᠤᠷᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/3/21
       1 ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊ ·ᠳᠠᠯᠠᠨᠲᠠᠢ  ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ 2022 ᠣᠨ ᠤ ᠭᠤᠷᠪᠠᠳᠤᠭᠠᠷ ᠤᠳᠠᠭ᠎ᠠ ᠶᠢᠨ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠲᠣᠭᠤᠷᠢᠭ ᠤᠨ ᠤᠳᠤᠷᠢᠳᠤᠯᠭ᠎ᠠ ᠳ᠋ᠧᠦ ᠲᠤᠤ ᠷᠠᠨ᠂  ᠶᠤᠤ ᠬᠠᠢ ᠮᠢᠩ ᠂ ᠾᠧ ᠷᠦᠨ ᠭᠧᠨ᠂ ᠵᠠᠩ ᡁᠢ ᠷᠦᠩ᠂ ᠷᠧᠨ ᠶᠦᠩ ᠱᠧᠩ᠂ ᠸᠠᠩ ᠯᠢ ᠰᠢᠨ᠂ ᠭᠦᠸᠧ ᠬᠤᠩ ᠭᠤᠸᠠᠩ᠂ ᠯᠢ ᠯᠢᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠫᠠᠩ ᠵᠢᠶᠦ᠋ᠨ ᠫᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠳᠡᠭᠡᠳᠦ ᠱᠠᠲᠤᠨ ᠤ ᠡᠪᠦᠯ ᠤᠨ ᠣᠯᠧᠮᠫᠢᠺ ᠴᠤᠭᠯᠠᠭᠠᠨ  ᠤ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠠᠯ᠎ᠠ ᠪᠠᠷ ᠬᠢ ᠵᠢᠭᠠᠪᠤᠷᠢ ᠱᠠᠭᠠᠷᠳᠠᠯᠭ᠎ᠠ ᠪᠠ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ 1 ᠰᠠᠷ᠎ᠠ ᠶᠢᠨ 15᠎ ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠶ ᠬᠠᠶ ᠢᠦᠶ ᠨᠥᠬᠦᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠮᠠᠨ ᠤ ᠲᠤᠭᠤᠷᠢᠭ ᠤᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠨᠥᠬᠦᠷ ᠤᠨ 1  ᠳ᠋ᠦ᠋ᠭᠡᠷ ᠰᠠᠷ᠎ᠠ ᠶᠢᠨ 14᠎ ᠤ ᠡᠳᠦᠷ ᠤᠯᠠᠭᠠᠨᠴᠠᠪ ᠬᠤᠲᠠ ᠳᠤ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠦᠶ᠎ᠡ ᠶᠢᠨ ᠶᠠᠷᠢᠶ᠎ᠠ ᠪᠠ ︽ᠤᠯᠠᠭᠠᠨᠴᠠᠪ ᠬᠤᠲᠠ ᠶᠢᠨ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠤᠨ ᠲᠥᠰᠦᠯ︾᠎ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠮᠠᠨ ᠤ  ᠲᠤᠭᠤᠷᠢᠭ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠣᠷᠣᠨ ᠤ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠤᠨ ᠪᠠᠲᠤᠯᠠᠭ᠎ᠠ ᠶᠢᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠲᠤᠭᠤᠷᠢᠭ ᠤᠨ ᠬᠤᠸᠠᠷ ᠫᠤᠤᠵᠢᠩ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃        ᠴᠢ᠊ ·ᠳᠠᠯᠠᠨᠲᠠᠢ  ᠵᠢᠭᠠᠭᠰᠠᠨ ᠨᠢ᠂ ᠤᠯᠠᠭᠠᠨᠴᠠᠪ ᠪᠣᠯ ᠡᠪᠦᠯ ᠤᠨ ᠣᠯᠧᠮᠫᠢᠺ ᠴᠤᠭᠯᠠᠭᠠᠨ ᠭᠤᠣᠯ ᠤᠷᠤᠯᠳᠤᠭᠠᠨ ᠤ ᠲᠠᠯᠠᠪᠤᠷ ᠤᠨ ᠪᠠᠶᠢᠭ᠎ᠠ ᠴᠢᠭᠤᠯᠤᠯᠳᠤ ᠬᠠᠭᠠᠯᠭ᠎ᠠ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠪᠣᠯᠤᠨ᠎ᠠ᠂ ᠵᠢᠨᠢᠩ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ︽ᠤᠯᠤᠰ ᠲᠦᠷᠦ ᠶᠢᠨ ᠲᠠᠯ᠎ᠠ ᠠᠴᠠ ᠦᠵᠡᠬᠦ︾ ᠤᠬᠠᠮᠰᠠᠷ ᠢ ᠪᠠᠲᠤ ᠪᠤᠢ ᠪᠣᠯᠭᠠᠵᠤ᠂ ︽ᠨᠡᠶᠢᠰᠯᠡᠯ ᠳᠤ ᠪᠠᠭ᠎ᠠ ᠶᠠᠪᠤᠳᠠᠯ ᠭᠡᠵᠦ ᠦᠬᠡᠢ᠂ ᠶᠠᠪᠤᠳᠠᠯ ᠪᠦᠬᠦᠨ ᠳᠤ ᠤᠯᠤᠰ ᠲᠦᠷᠦ ᠲᠠᠢ ᠬᠤᠯᠪᠣᠭᠳᠠᠬᠤ︾ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠷ ᠡᠪᠦᠯ ᠤᠨ ᠣᠯᠧᠮᠫᠢᠺ ᠴᠤᠭᠯᠠᠭᠠᠨ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠮᠤᠷ ᠲᠦᠪᠰᠢᠨ ᠲᠣᠭᠲᠠᠭᠤᠨ ︽ᠬᠤᠳᠠ ᠶᠢ ᠬᠠᠮᠠᠭᠠᠯᠠᠬᠤ ᠭᠤᠣᠯ︾ ᠪᠣᠯᠤᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾᠎ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠥᠷᠥᠯ ᠤᠨ ᠲᠥᠰᠦᠯ ᠪᠠ ᠲᠣᠭᠲᠠᠴᠠ ᠠᠷᠭ᠎ᠠ ᠬᠡᠮᠵᠢᠶ᠎ᠡ ᠶᠢ ᠴᠢᠩᠭᠠᠳᠬᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢᠨ ᠪᠠᠶᠢᠳᠠᠯ ᠢ ᠢᠮᠠᠭᠲᠠ ᠪᠠᠷᠢᠮᠲᠠᠯᠠᠵᠤ᠂ ᠰᠤᠯᠠᠷᠠᠬᠤ ᠰᠡᠳᠬᠢᠯᠭᠡ ᠪᠠ ᠭᠤᠷᠢᠳᠠᠬᠤ ᠰᠡᠳᠬᠢᠴᠡ ᠶᠢ ᠡᠷᠡᠰ ᠲᠡᠪᠴᠢᠵᠦ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠬ ᠪᠠ ᠪᠠᠭᠤᠷᠠᠶ ᠲᠠᠯ᠎ᠠ ᠶᠢ ᠬᠢᠨᠠᠮᠠᠭᠠᠶ ᠡᠷᠢᠵᠦ᠂ ᠳᠤᠲᠠᠭᠤᠳᠠᠯ ᠢᠶᠠᠨ ᠴᠠᠭ ᠲᠤᠬᠠᠶ ᠳᠤᠨᠢ ᠨᠥᠬᠦᠪᠥᠷᠢᠯᠡᠵᠦ ᠂ ᠡᠪᠦᠯ ᠤᠨ ᠣᠯᠧᠮᠫᠢᠺ ᠴᠤᠭᠯᠠᠭᠠᠨ᠂ ᠡᠪᠦᠯ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠴᠢᠩᠭ᠎ᠠ ᠠᠳᠬᠤᠨ᠎ᠠ᠃       ᠴᠢ᠊ ·ᠳᠠᠯᠠᠨᠲᠠᠢ  ᠴᠢᠬᠤᠯᠠᠴᠢᠯᠠᠭᠰᠠᠨ ᠨᠢ᠂ ᠬᠤᠸᠠᠷ ᠫᠤᠤᠵᠢᠩ ᠬᠤᠳᠠᠯᠳᠤᠬᠤ ᠶᠢ ᠴᠠᠭᠠᠵᠠᠯᠠᠵᠤ᠂ ᠨᠣᠴᠣᠭᠠᠬᠤ ᠶᠢ ᠴᠠᠭᠠᠵᠠᠯᠠᠵᠤ᠂ ᠭᠠᠯ ᠨᠣᠴᠣᠭᠠᠬᠤ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠦᠨᠳᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠤᠯᠤᠰ ᠲᠥᠷᠥ ᠶᠢᠨ ᠬᠠᠷᠢᠭᠤᠴᠠᠯᠭ᠎ᠠ ᠪᠠ ᠵᠣᠷᠢᠭᠲᠠᠶ ᠪᠠᠷ ᠡᠭᠦᠷᠭᠡᠯᠡᠬᠦ ᠵᠣᠷᠢᠭ ᠰᠠᠨᠠᠭ᠎ᠠ ᠪᠠᠷ᠂ ︽ᠲᠠᠯᠪᠢᠬᠤ ᠶᠢ ᠴᠠᠭᠠᠵᠠᠯᠠᠬᠤ︾᠂ ︽ᠰᠢᠲᠠᠬᠤ ᠶᠢ ᠴᠠᠭᠠᠵᠠᠯᠠᠬᠤ︾᠎ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠳᠣᠭᠢᠷᠠᠭᠤᠯᠤᠨ ᠲᠣᠭᠤᠷᠢᠨ ᠪᠠᠶᠢᠴᠠᠭᠠᠬᠤ ᠶᠢ ᠴᠢᠩᠭᠠᠳᠬᠠᠨ᠂ ᠡᠴᠦᠰ ᠲᠤᠨᠢ ᠲᠤᠯᠲᠠᠯ᠎ᠠ ᠠᠳᠬᠤᠵᠤ᠂ ᠥᠨᠢ ᠤᠳᠠᠭᠠᠨ ᠠᠵᠢᠯᠯᠠᠵᠤ᠂ ︽ᠲᠠᠯᠪᠢᠬᠤ ᠶᠢ ᠴᠠᠭᠠᠵᠠᠯᠠᠬᠤ︾᠂ ︽ᠰᠢᠲᠠᠬᠤ ᠶᠢ ᠴᠠᠭᠠᠵᠠᠯᠠᠬᠤ︾ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠬᠢᠨᠠᠨ ᠵᠢᠯᠣᠭᠤᠳᠴᠤ ᠪᠠᠶᠢᠴᠠᠭᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠠᠮᠵᠢᠯᠴᠠᠨ ᠬᠠᠮᠲᠤᠪᠠᠷ ᠵᠠᠰᠠᠬᠤ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠲᠡᠯᠢᠭ ᠬᠡᠷᠡᠭ ᠤᠨ ᠰᠦᠷᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠠᠯ᠎ᠠ ᠪᠠᠷ ᠰᠤᠷᠭᠠᠨ ᠬᠥᠮᠦᠵᠢᠯ ᠢ ᠠᠳᠬᠤᠵᠤ᠂ ᠨᠢᠭᠡ ᠲᠠᠯ᠎ᠠ ᠪᠠᠷ ᠨᠡᠶᠢᠲᠡᠯᠢᠭ  ᠵᠢᠱᠢᠶ᠎ᠡ ᠶᠢ ᠠᠳᠬᠤᠵᠤ᠂ ᠢᠳᠬᠠᠯ ᠢ ᠰᠣᠨᠣᠰᠬᠤ ᠦᠭᠡᠢ ᠠᠵᠠ ᠵᠠᠪᠰᠢᠶᠠᠨ ᠢ ᠡᠷᠢᠬᠦ ᠪᠤᠳᠤᠯ ᠢᠶᠠᠷ ᠬᠠᠤᠯᠢ ᠶᠢ ᠲᠤᠷᠰᠢᠭᠰᠠᠳ ᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠺᠠᠳ᠋ᠷ ᠲᠣᠰᠬᠤᠨ ᠳᠤ ᠬᠦᠷᠴᠦ ᠡᠷᠦᠭᠡ ᠳᠤ ᠬᠦᠷᠴᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ ᠵᠡᠭᠡᠯᠢ ᠳᠠᠭᠠᠤ ᠤᠬᠠᠭᠤᠯᠬᠤ᠂ ᠬᠠᠤᠯᠢ ᠬᠡᠷᠡᠭᠵᠢᠭᠦᠯᠬᠦ ᠠᠵᠢᠯᠳᠠᠨ ᠬᠤᠳᠠᠯᠳᠤᠭᠠᠨ ᠤ ᠡᠷᠦᠭᠡ ᠳᠤ ᠬᠦᠷᠴᠦ ᠮᠡᠳᠡᠭᠳᠡᠬᠦ᠂ ᠰᠢᠶᠠᠩ ︵ᠪᠠᠯᠭᠠᠰᠤ︶ ᠲᠣᠰᠬᠤᠨ ᠬᠤᠶᠠᠷ ᠱᠠᠲᠤᠨ ᠤ ᠬᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ︽ᠲᠠᠯᠪᠢᠬᠤ ᠶᠢ ᠴᠠᠭᠠᠵᠠᠯᠠᠬᠤ᠂ ᠰᠢᠲᠠᠬᠤ ᠶᠢ ᠴᠠᠭᠠᠵᠠᠯᠠᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠯᠪᠢᠬᠤ ᠶᠢ ᠴᠠᠭᠠᠵᠠᠯᠠᠬᠤ᠂ ᠰᠢᠲᠠᠬᠤ ᠶᠢ ᠴᠠᠭᠠᠵᠠᠯᠠᠬᠤ︾ ᠤᠬᠠᠮᠰᠠᠷ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2