ᠵᠢᠨᠢᠩ ᠲᠣᠭᠤᠷᠢᠭ  ᠤᠨ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ ᠲᠤᠬᠠᠢ ᠶᠢᠨ ᠲᠠᠯᠠᠪᠠᠢ ᠳᠤ 3 ᠠᠵᠤ ᠠᠬᠤᠶᠢᠯᠠᠯ ᠲᠠᠢ ᠲᠥᠪᠯᠡᠷᠡᠩᠭᠦᠢ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2022/3/21
      1  ᠳ᠋ᠦ᠋ᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠬᠢᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠨᠢᠭᠤᠷᠲᠠᠨ ᠪᠠᠶᠢᠭᠤᠯᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨ ᠪᠣᠳᠠᠲᠠᠶ ᠪᠠᠷ ᠰᠢᠶᠳᠪᠦᠷᠢᠯᠡᠨ᠂ ᠮᠠᠨ ᠤ  ᠲᠤᠭᠤᠷᠢᠭ ᠤᠨ ᠪᠥᠬᠦ ᠵᠢᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠬᠥᠭᠵᠢᠯᠲᠡ ᠶᠢᠨ ︽ᠡᠭᠦᠳᠡ ᠪᠠᠨ ᠨᠡᠭᠡᠭᠡᠵᠦ ᠲᠣᠭᠲᠠᠭᠤᠨ ᠢᠶᠠᠷ ᠬᠥᠭᠵᠢᠬᠦ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊ ·ᠳᠠᠯᠠᠨᠲᠠᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠶᠠᠷᠢᠯᠴᠠᠬᠤ ᠬᠤᠷᠠᠯ ᠢ ᠡᠷᠬᠢᠯᠡᠪᠡ᠃        ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠡᡁᠧ ᠷᠦᠨ ᠭᠧᠨ᠂ ᠵᠠᠩ ᡁᠢ ᠷᠦᠩ᠂ ᠭᠦᠸᠧ ᠬᠤᠩ ᠭᠤᠸᠠᠩ᠂ ᠶᠠᠩ ᠶᠦᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠡᠰᠡᠭ ᠪᠠᠩᠬᠢ ᠶᠢᠨ ᠲᠥᠯᠥᠭᠡᠯᠡᠭᠴᠢ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃       ᠶᠠᠷᠢᠯᠴᠠᠬᠤ ᠬᠤᠷᠠᠯ ᠳᠡᠭᠡᠷ᠎ᠡ᠂  ᠶᠤᠤ ᠬᠠᠢ ᠮᠢᠩ ᠵᠢᠨᠢᠩ ᠲᠣᠭᠤᠷᠢᠭ ᠤᠨ 2021 ᠣᠨ ᠤ ᠠᠵᠤ ᠠᠬᠤᠢ ᠶᠢᠨ ᠠᠵᠢᠯᠯᠠᠭᠠᠨ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠢ ᠮᠡᠳᠡᠭᠳᠡᠪᠡ᠃ ᠭᠦᠸᠧ ᠬᠤᠩ ᠭᠤᠸᠠᠩ ᠵᠢᠨᠢᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠠᠨᠢᠯᠴᠠᠭᠤᠯᠪᠠ᠃ ᠮᠢᠨ ᠹᠧᠩ ᠦᠷ᠎ᠡ ᠶᠢᠨ ᠦᠢᠯᠡᠰ᠂ ᠡᠮᠦᠨᠡᠲᠦ ᠶᠢᠨ ᠶᠡᠭᠡ ᠰᠤᠷᠭᠠᠭᠤᠯᠢ ᠶᠢᠨ ᠭᠡᠷᠡᠯ ᠴᠠᠬᠢᠯᠭᠠᠨ᠂ ᠬᠠᠢ ᠯᠢ ᠡᠯᠧᠺᠲᠷᠣᠨ ᠵᠡᠷᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠲᠤᠰ ᠪᠡᠶ᠎ᠡ ᠶᠢᠨ ᠠᠵᠤ ᠦᠢᠯᠡᠰ ᠤᠨ ᠬᠥᠭᠵᠢᠯᠲᠡ᠂ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃ ᠲᠠᠷᠢᠶᠠᠯᠠᠩ ᠤᠨ ᠲᠠᠷᠬᠠᠭᠠᠯᠲᠠ᠂ ᠲᠠᠷᠢᠶᠠᠯᠠᠩ ᠤᠨ ᠪᠠᠩᠬᠢ ᠵᠡᠷᠭᠡ ᠪᠠᠩᠬᠢ ᠶᠢᠨ  ᠰᠢᠰᠲ᠋ᠧᠮ ᠤᠨ ᠲᠥᠯᠥᠭᠡᠯᠡᠭᠴᠢ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠬᠡᠷᠬᠢᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃  ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ  ᠲᠤᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ ᠣᠪᠣᠷ ᠢᠶᠠᠨ ᠢᠯᠡᠳᠬᠡᠬᠦ ᠦᠭᠡ ᠬᠡᠯᠡᠪᠡ᠃      ᠴᠢ᠊ ·ᠳᠠᠯᠠᠨᠲᠠᠢ ᠥᠩᠭᠡᠷᠡᠭᠰᠡᠨ ᠨᠢᠭᠡ ᠵᠢᠯ ᠤᠨ ᠵᠢᠨᠢᠩ ᠲᠣᠭᠤᠷᠢᠭ ᠤᠨ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠣᠯᠤᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ  ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠬᠤᠷᠠᠯ ᠳᠤ ᠣᠷᠣᠯᠴᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠪᠠᠩᠬᠢ ᠶᠢᠨ ᠰᠢᠰᠲ᠋ᠧᠮ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠲᠡᠷᠡ ᠬᠡᠯᠡᠬᠦ ᠳᠡᠭᠡᠨ᠂ ᠵᠢᠯ ᠤᠨ ᠡᠴᠦᠰ ᠵᠢᠯ ᠤᠨ ᠡᠬᠢᠨ ᠳᠤ ᠡᠯ᠎ᠡ ᠵᠦᠢᠯ ᠤᠨ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠭ᠎ᠠ ᠪᠣᠯᠪᠠᠴᠤ ᠥᠨᠥᠳᠦᠷ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠨᠢ ᠮᠠᠰᠢ ᠴᠢᠬᠤᠯᠠ ᠪᠥᠭᠡᠳ ᠶᠠᠭ ᠴᠠᠭ ᠲᠠᠭᠠᠨ ᠳᠣᠭᠢᠷᠬᠠᠰᠠᠨ ᠶᠤᠮ ᠭᠡᠵᠡᠶ᠃ ᠶᠠᠷᠢᠯᠴᠠᠬᠤ ᠬᠤᠷᠠᠯ ᠤᠨ ᠰᠣᠯᠢᠯᠴᠠᠭ᠎ᠠ ᠪᠠᠷ ᠳᠠᠮᠵᠢᠨ ᠮᠠᠨ ᠤ ᠲᠤᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ᠂ ᠪᠠᠩᠬᠢ ᠶᠢᠨ ᠬᠢᠨ ᠤ ᠬᠠᠷᠠᠭᠠᠰᠤ ᠪᠠᠶᠢᠳᠠᠯ᠂ ᠦᠢᠯᠡᠰ ᠪᠤᠰᠬᠠᠬᠤ ᠵᠣᠷᠢᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠮᠡᠳᠡᠷᠡᠵᠦ ᠪᠣᠯᠬᠤ ᠪᠥᠭᠡᠳ  ᠲᠤᠭᠤᠷᠢᠭ ᠤᠨ ᠨᠠᠮ ᠤᠨ ᠬᠤᠷᠢᠶ᠎ᠠ ᠂  ᠲᠤᠭᠤᠷᠢᠭ ᠤᠨ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠬᠥᠭᠵᠢᠯᠲᠡ ᠂ ᠠᠵᠤ ᠠᠬᠤᠢ ᠶᠢᠨ ᠨᠡᠮᠡᠭᠳᠡᠯ ᠤᠨ ᠲᠤᠬᠠᠢ ᠢᠲᠡᠭᠡᠯ ᠵᠣᠷᠢᠭ ᠢ ᠤᠯᠠᠮ ᠴᠢᠨᠠᠭᠰᠢᠳᠠ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠢ ᠵᠦᠶᠯ ᠳᠠᠷᠠᠭᠠᠯᠠᠨ ᠡᠮᠬᠢᠯᠡᠵᠦ᠂ ᠠᠰᠠᠭᠤᠳᠠᠯ ᠤᠨ ᠨᠠᠷᠢᠨ ᠲᠠᠩᠰᠠ ᠵᠢᠭᠰᠠᠭᠠᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠴᠠᠭ ᠲᠤᠬᠠᠶ ᠳᠤᠨᠢ ᠬᠤᠷᠢᠶᠠᠩᠭᠤᠶᠢᠯᠠᠨ ᠳ᠋ᠦᠩᠨᠡᠵᠦ᠂ ᠡᠯ᠎ᠡ ᠲᠥᠷᠥᠯ ᠤᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠤᠯᠠᠮ ᠨᠢᠭᠡ ᠠᠯᠬᠤᠮ ᠪᠠᠶᠢᠭᠤᠯᠵᠤ᠂ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠤᠨ᠂ ︽ᠨᠢᠭᠡ ᠡᠳᠦᠷ ᠲᠤ ᠨᠢᠭᠡ ᠤᠳᠠᠭ᠎ᠠ ᠳᠣᠭᠢᠷᠠᠭᠤᠯᠵᠤ᠂ ᠨᠢᠭᠡ ᠡᠳᠦᠷ ᠬᠦᠯᠢᠶᠡᠵᠦ ᠳᠡᠶᠢᠯᠬᠦ ᠥᠬᠡᠶ︾ ᠠᠵᠢᠯ ᠤᠨ ᠲᠣᠭᠲᠠᠴᠠ ᠪᠠ ᠣᠪᠣᠷ ᠢᠶᠠᠷ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠶᠯ ᠢ ᠡᠷᠲᠡᠬᠡᠨ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠴᠢ᠊ ·ᠳᠠᠯᠠᠨᠲᠠᠢ  ᠴᠢᠬᠤᠯᠠᠴᠢᠯᠠᠭᠰᠠᠨ ᠨᠢ᠄ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠳᠠᠯ ᠢ ᠲᠣᠳᠣᠷᠬᠠᠶ ᠲᠠᠨᠢᠵᠤ᠂ ᠠᠵᠠ ᠲᠣᠬᠢᠶᠠᠯ ᠢ ᠡᠵᠡᠮᠳᠡᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠲᠠᠢ ᠪᠠᠷ ᠤᠷᠤᠬᠰᠢ ᠪᠠᠨ ᠬᠠᠷᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠢᠴᠡᠳ ᠵᠠᠳᠠᠯᠬᠤ ᠪᠠ ᠰᠤᠳᠤᠯᠤᠨ ᠮᠠᠭᠠᠳᠯᠠᠵᠤ᠂ ᠳᠡᠭᠡᠳᠦ ᠱᠠᠲᠤᠨ ᠤ ᠨᠠᠮ ᠤᠨ  ᠬᠤᠷᠢᠶ᠎ᠠ ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ  ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠴᠢᠩᠭ᠎ᠠ ᠠᠳᠬᠤᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ  ᠭᠡᠵᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠳ ᠰᠢᠨ᠎ᠡ ᠶᠢ ᠡᠭᠦᠳᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾᠎ ᠢ ᠰᠠᠶᠢᠲᠤᠷ ᠬᠢᠵᠦ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠣᠷᠣᠨ ᠪᠦᠰᠡ ᠶᠢᠨ ᠲᠡᠷᠢᠭᠦᠨ ᠤ ᠲᠤᠮᠤ ᠠᠵᠤ ᠠᠬᠤᠶᠢᠯᠠᠯ ᠢ ᠴᠢᠷᠮᠠᠶᠢᠨ ᠪᠠᠶᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠭ ᠣᠷᠣᠨ ᠳᠠᠭᠠᠨ ᠪᠤᠴᠠᠵᠤ᠂ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠎ ᠳᠤ ᠬᠦᠴᠦᠯᠡᠨ ᠦᠢᠯᠡᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢᠨ ᠠᠬᠢᠭᠤᠯᠤᠭᠴᠢ ᠪᠣᠯᠬᠤ ᠬᠡᠷᠡᠭᠲᠡᠢ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠰᠡᠳᠬᠢᠯᠭᠡ ᠪᠠᠷ ᠢᠶᠠᠨ ᠦᠢᠯᠡᠴᠢᠯᠡᠵᠦ᠂ ᠬᠦᠴᠦᠨ ᠢᠶᠠᠨ ᠲᠥᠪᠯᠡᠷᠡᠭᠦᠯᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠢ ᠴᠡᠭᠴᠡᠯᠡᠨ ᠵᠠᠰᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠦᠨᠡᠨᠴᠢ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ︽ᠵᠢᠷᠭᠤᠭᠠᠨ ᠶᠡᠭᠡ ᠢᠨᠵᠧᠨᠧᠷᠢᠩ︾᠎ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠳᠡᠭᠡᠳᠦ᠂ ᠲᠦᠷᠭᠡᠨ ᠂ ᠲᠥᠬᠦᠮ᠂ ᠲᠥᠪ᠂ ᠳᠣᠤᠷ᠎ᠠ᠂ ᠴᠡᠪᠡᠷ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠂ ᠲᠤᠬᠠᠶᠢᠯᠠᠪᠠᠯ᠄ ᠠᠵᠤ ᠠᠬᠤᠶᠢᠯᠠᠯᠲᠠᠨ ᠢ ᠳᠡᠭᠡᠭᠦᠷ ᠬᠠᠷᠠᠵᠤ᠂ ᠭᠤᠷᠪᠠᠨ ᠬᠤᠪᠢ ᠢᠯᠡᠭᠦᠤ ᠬᠠᠶᠢᠷᠠᠯᠠᠵᠤ᠂ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠠᠵᠢᠯ ᠲᠦᠷᠭᠡᠨ ᠪᠥᠭᠡᠳ ᠥᠨᠳᠥᠷ ᠪᠦᠲᠦᠮᠵᠢᠲᠡᠶ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠳᠥᠭᠦᠮ ᠳᠥᠲᠡ ᠪᠥᠭᠡᠳ ᠡᠮᠬᠢ ᠵᠢᠷᠤᠮ ᠲᠠᠢ᠂ ᠬᠠᠤᠯᠢ ᠬᠡᠷᠡᠭᠵᠢᠭᠦᠯᠬᠦ ᠪᠠ ᠬᠠᠤᠯᠢ ᠪᠠᠷᠢᠬᠤ ᠳᠤ ᠡᠷᠬᠡ ᠲᠡᠭᠰᠢ ᠲᠥᠪ ᠭᠤᠤᠯᠴᠢ ᠪᠠᠶᠢᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠲᠥᠯᠥᠭᠡ ᠠᠵᠢᠯ ᠶᠠᠪᠤᠳᠠᠯ ᠭᠦᠶᠴᠡᠳᠬᠡᠬᠦ ᠳᠡᠭᠡᠨ ᠳᠠᠷᠤᠭᠠᠰᠤ ᠶᠢ ᠬᠥᠩᠭᠡᠯᠡᠨ᠂ ᠥᠪᠡᠷ ᠤᠨ ᠥᠷᠲᠡᠭ ᠢ ᠪᠠᠭᠤᠷᠠᠭᠤᠯᠵᠤ᠂ ᠲᠥᠷᠥ ᠶᠢᠨ ᠶᠠᠪᠤᠳᠠᠯ ᠤᠨ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢ ᠦᠨᠡᠨ ᠰᠡᠳᠬᠢᠯ ᠠᠴᠠ ᠪᠠᠨ ᠪᠠᠲᠤᠯᠠᠬᠤ ᠬᠡᠷᠡᠭᠲᠡᠶ᠃       ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠺᠠᠩ ᠬᠠᠢ ᠷᠦ᠋ᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠩᠬᠢ ᠠᠵᠤ ᠠᠬᠤᠶᠢᠯᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠯ ᠪᠣᠯᠤᠨ ᠠᠰᠠᠭᠤᠳᠠᠯ ᠳᠤ ᠴᠢᠭᠯᠡᠭᠦᠯᠵᠦ᠂ ᠲᠤᠰ ᠰᠠᠯᠠᠭ᠎ᠠ ᠮᠥᠴᠢᠷ ᠲᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠵᠠᠳᠠᠯᠬᠤ ᠶᠢᠨ ᠬᠠᠮᠲᠤ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠢ ᠠᠵᠢᠯ ᠤᠨ ᠠᠷᠭ᠎ᠠ  ᠬᠡᠮᠵᠢᠶ᠎ᠡ ᠶᠢ ᠦᠳᠲᠡᠷ ᠲᠦᠷᠭᠡᠨ ᠳᠤᠷᠠᠳᠴᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠤᠭᠤᠳ ᠮᠠᠨ ᠤ  ᠲᠤᠭᠤᠷᠢᠭ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠠᠷᠢᠯᠴᠠᠨ ᠢᠲᠡᠭᠡᠯᠴᠡᠭᠰᠡᠨ᠂ ᠬᠠᠷᠢᠯᠴᠠᠨ ᠠᠰᠢᠭᠲᠠᠶ᠂ ᠬᠠᠷᠢᠯᠴᠠᠨ ᠬᠠᠪᠰᠤᠷᠤᠯᠴᠠᠭᠰᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠶᠢ ᠬᠠᠮᠲᠤᠪᠠᠷ ᠪᠠᠶᠢᠭᠤᠯᠬᠤ ᠬᠡᠷᠡᠭᠲᠡᠶ᠃ ᠡᠯ᠎ᠡ ᠠᠵᠤ ᠠᠬᠤᠶᠢᠯᠠᠯ ᠨᠢ ᠲᠣᠰ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠪᠠ ᠠᠵᠤ ᠠᠬᠤᠶᠢᠯᠠᠯ ᠤᠨ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡ ᠪᠦᠯᠦᠭ ᠵᠠᠬ᠎ᠠ ᠳᠡᠯᠭᠡᠭᠦᠷ ᠲᠠᠢ᠂ ᠢᠷᠡᠭᠡᠳᠦᠶ ᠶᠢᠨ ᠲᠥᠯᠥᠪ ᠢᠶᠠᠷ ᠰᠠᠶᠢᠨ᠂ ᠳᠠᠯᠳᠠ ᠬᠦᠴᠦᠨ ᠢᠶᠠᠷ ᠶᠡᠭᠡ ᠲᠥᠷᠥᠯ ᠵᠦᠶᠯ ᠢ ᠰᠢᠯᠢᠨ ᠰᠣᠩᠭᠤᠵᠤ᠂ ᠰᠠᠶᠢᠨ ᠰᠠᠶᠢᠬᠠᠨ ᠢᠲᠡᠭᠡᠯ ᠬᠦᠨᠳᠦ ᠪᠠᠷ ᠢᠶᠠᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠶᠢ ᠣᠯᠵᠤ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃      ᠵᠢᠨᠢᠩ ᠲᠣᠭᠤᠷᠢᠭ  ᠤᠨ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ ᠲᠤᠬᠠᠢ ᠶᠢᠨ ᠲᠠᠯᠠᠪᠠᠢ ᠳᠤ 3 ᠠᠵᠤ ᠠᠬᠤᠶᠢᠯᠠᠯ ᠲᠠᠢ ᠲᠥᠪᠯᠡᠷᠡᠩᠭᠦᠢ ᠭᠠᠷ ᠤᠨ ᠦᠰᠦᠭ ᠵᠢᠷᠤᠪᠠ      1  ᠳ᠋ᠦ᠋ᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠬᠢᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠨᠢᠭᠤᠷᠲᠠᠨ ᠪᠠᠶᠢᠭᠤᠯᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨ ᠪᠣᠳᠠᠲᠠᠶ ᠪᠠᠷ ᠰᠢᠶᠳᠪᠦᠷᠢᠯᠡᠨ᠂ ᠮᠠᠨ ᠤ  ᠲᠤᠭᠤᠷᠢᠭ ᠤᠨ ᠪᠥᠬᠦ ᠵᠢᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠬᠥᠭᠵᠢᠯᠲᠡ ᠶᠢᠨ ︽ᠡᠭᠦᠳᠡ ᠪᠠᠨ ᠨᠡᠭᠡᠭᠡᠵᠦ ᠲᠣᠭᠲᠠᠭᠤᠨ ᠢᠶᠠᠷ ᠬᠥᠭᠵᠢᠬᠦ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊ ·ᠳᠠᠯᠠᠨᠲᠠᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠶᠠᠷᠢᠯᠴᠠᠬᠤ ᠬᠤᠷᠠᠯ ᠢ ᠡᠷᠬᠢᠯᠡᠪᠡ᠃        ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠡᡁᠧ ᠷᠦᠨ ᠭᠧᠨ᠂ ᠵᠠᠩ ᡁᠢ ᠷᠦᠩ᠂ ᠭᠦᠸᠧ ᠬᠤᠩ ᠭᠤᠸᠠᠩ᠂ ᠶᠠᠩ ᠶᠦᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠡᠰᠡᠭ ᠪᠠᠩᠬᠢ ᠶᠢᠨ ᠲᠥᠯᠥᠭᠡᠯᠡᠭᠴᠢ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃       ᠶᠠᠷᠢᠯᠴᠠᠬᠤ ᠬᠤᠷᠠᠯ ᠳᠡᠭᠡᠷ᠎ᠡ᠂  ᠶᠤᠤ ᠬᠠᠢ ᠮᠢᠩ ᠵᠢᠨᠢᠩ ᠲᠣᠭᠤᠷᠢᠭ ᠤᠨ 2021 ᠣᠨ ᠤ ᠠᠵᠤ ᠠᠬᠤᠢ ᠶᠢᠨ ᠠᠵᠢᠯᠯᠠᠭᠠᠨ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠢ ᠮᠡᠳᠡᠭᠳᠡᠪᠡ᠃ ᠭᠦᠸᠧ ᠬᠤᠩ ᠭᠤᠸᠠᠩ ᠵᠢᠨᠢᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠠᠨᠢᠯᠴᠠᠭᠤᠯᠪᠠ᠃ ᠮᠢᠨ ᠹᠧᠩ ᠦᠷ᠎ᠡ ᠶᠢᠨ ᠦᠢᠯᠡᠰ᠂ ᠡᠮᠦᠨᠡᠲᠦ ᠶᠢᠨ ᠶᠡᠭᠡ ᠰᠤᠷᠭᠠᠭᠤᠯᠢ ᠶᠢᠨ ᠭᠡᠷᠡᠯ ᠴᠠᠬᠢᠯᠭᠠᠨ᠂ ᠬᠠᠢ ᠯᠢ ᠡᠯᠧᠺᠲᠷᠣᠨ ᠵᠡᠷᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠲᠤᠰ ᠪᠡᠶ᠎ᠡ ᠶᠢᠨ ᠠᠵᠤ ᠦᠢᠯᠡᠰ ᠤᠨ ᠬᠥᠭᠵᠢᠯᠲᠡ᠂ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃ ᠲᠠᠷᠢᠶᠠᠯᠠᠩ ᠤᠨ ᠲᠠᠷᠬᠠᠭᠠᠯᠲᠠ᠂ ᠲᠠᠷᠢᠶᠠᠯᠠᠩ ᠤᠨ ᠪᠠᠩᠬᠢ ᠵᠡᠷᠭᠡ ᠪᠠᠩᠬᠢ ᠶᠢᠨ  ᠰᠢᠰᠲ᠋ᠧᠮ ᠤᠨ ᠲᠥᠯᠥᠭᠡᠯᠡᠭᠴᠢ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠬᠡᠷᠬᠢᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ ᠃  ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ  ᠲᠤᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ ᠣᠪᠣᠷ ᠢᠶᠠᠨ ᠢᠯᠡᠳᠬᠡᠬᠦ ᠦᠭᠡ ᠬᠡᠯᠡᠪᠡ᠃      ᠴᠢ᠊ ·ᠳᠠᠯᠠᠨᠲᠠᠢ ᠥᠩᠭᠡᠷᠡᠭᠰᠡᠨ ᠨᠢᠭᠡ ᠵᠢᠯ ᠤᠨ ᠵᠢᠨᠢᠩ ᠲᠣᠭᠤᠷᠢᠭ ᠤᠨ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠣᠯᠤᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ  ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠬᠤᠷᠠᠯ ᠳᠤ ᠣᠷᠣᠯᠴᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠪᠠᠩᠬᠢ ᠶᠢᠨ ᠰᠢᠰᠲ᠋ᠧᠮ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠲᠡᠷᠡ ᠬᠡᠯᠡᠬᠦ ᠳᠡᠭᠡᠨ᠂ ᠵᠢᠯ ᠤᠨ ᠡᠴᠦᠰ ᠵᠢᠯ ᠤᠨ ᠡᠬᠢᠨ ᠳᠤ ᠡᠯ᠎ᠡ ᠵᠦᠢᠯ ᠤᠨ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠭ᠎ᠠ ᠪᠣᠯᠪᠠᠴᠤ ᠥᠨᠥᠳᠦᠷ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠨᠢ ᠮᠠᠰᠢ ᠴᠢᠬᠤᠯᠠ ᠪᠥᠭᠡᠳ ᠶᠠᠭ ᠴᠠᠭ ᠲᠠᠭᠠᠨ ᠳᠣᠭᠢᠷᠬᠠᠰᠠᠨ ᠶᠤᠮ ᠭᠡᠵᠡᠶ᠃ ᠶᠠᠷᠢᠯᠴᠠᠬᠤ ᠬᠤᠷᠠᠯ ᠤᠨ ᠰᠣᠯᠢᠯᠴᠠᠭ᠎ᠠ ᠪᠠᠷ ᠳᠠᠮᠵᠢᠨ ᠮᠠᠨ ᠤ ᠲᠤᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ᠂ ᠪᠠᠩᠬᠢ ᠶᠢᠨ ᠬᠢᠨ ᠤ ᠬᠠᠷᠠᠭᠠᠰᠤ ᠪᠠᠶᠢᠳᠠᠯ᠂ ᠦᠢᠯᠡᠰ ᠪᠤᠰᠬᠠᠬᠤ ᠵᠣᠷᠢᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠮᠡᠳᠡᠷᠡᠵᠦ ᠪᠣᠯᠬᠤ ᠪᠥᠭᠡᠳ  ᠲᠤᠭᠤᠷᠢᠭ ᠤᠨ ᠨᠠᠮ ᠤᠨ ᠬᠤᠷᠢᠶ᠎ᠠ ᠂  ᠲᠤᠭᠤᠷᠢᠭ ᠤᠨ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠬᠥᠭᠵᠢᠯᠲᠡ ᠂ ᠠᠵᠤ ᠠᠬᠤᠢ ᠶᠢᠨ ᠨᠡᠮᠡᠭᠳᠡᠯ ᠤᠨ ᠲᠤᠬᠠᠢ ᠢᠲᠡᠭᠡᠯ ᠵᠣᠷᠢᠭ ᠢ ᠤᠯᠠᠮ ᠴᠢᠨᠠᠭᠰᠢᠳᠠ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠢ ᠵᠦᠶᠯ ᠳᠠᠷᠠᠭᠠᠯᠠᠨ ᠡᠮᠬᠢᠯᠡᠵᠦ᠂ ᠠᠰᠠᠭᠤᠳᠠᠯ ᠤᠨ ᠨᠠᠷᠢᠨ ᠲᠠᠩᠰᠠ ᠵᠢᠭᠰᠠᠭᠠᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠴᠠᠭ ᠲᠤᠬᠠᠶ ᠳᠤᠨᠢ ᠬᠤᠷᠢᠶᠠᠩᠭᠤᠶᠢᠯᠠᠨ ᠳ᠋ᠦᠩᠨᠡᠵᠦ᠂ ᠡᠯ᠎ᠡ ᠲᠥᠷᠥᠯ ᠤᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠤᠯᠠᠮ ᠨᠢᠭᠡ ᠠᠯᠬᠤᠮ ᠪᠠᠶᠢᠭᠤᠯᠵᠤ᠂ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠤᠨ᠂ ︽ᠨᠢᠭᠡ ᠡᠳᠦᠷ ᠲᠤ ᠨᠢᠭᠡ ᠤᠳᠠᠭ᠎ᠠ ᠳᠣᠭᠢᠷᠠᠭᠤᠯᠵᠤ᠂ ᠨᠢᠭᠡ ᠡᠳᠦᠷ ᠬᠦᠯᠢᠶᠡᠵᠦ ᠳᠡᠶᠢᠯᠬᠦ ᠥᠬᠡᠶ︾ ᠠᠵᠢᠯ ᠤᠨ ᠲᠣᠭᠲᠠᠴᠠ ᠪᠠ ᠣᠪᠣᠷ ᠢᠶᠠᠷ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠶᠯ ᠢ ᠡᠷᠲᠡᠬᠡᠨ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠴᠢ᠊ ·ᠳᠠᠯᠠᠨᠲᠠᠢ  ᠴᠢᠬᠤᠯᠠᠴᠢᠯᠠᠭᠰᠠᠨ ᠨᠢ᠄ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠳᠠᠯ ᠢ ᠲᠣᠳᠣᠷᠬᠠᠶ ᠲᠠᠨᠢᠵᠤ᠂ ᠠᠵᠠ ᠲᠣᠬᠢᠶᠠᠯ ᠢ ᠡᠵᠡᠮᠳᠡᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠲᠠᠢ ᠪᠠᠷ ᠤᠷᠤᠬᠰᠢ ᠪᠠᠨ ᠬᠠᠷᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠢᠴᠡᠳ ᠵᠠᠳᠠᠯᠬᠤ ᠪᠠ ᠰᠤᠳᠤᠯᠤᠨ ᠮᠠᠭᠠᠳᠯᠠᠵᠤ᠂ ᠳᠡᠭᠡᠳᠦ ᠱᠠᠲᠤᠨ ᠤ ᠨᠠᠮ ᠤᠨ  ᠬᠤᠷᠢᠶ᠎ᠠ ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ  ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠴᠢᠩᠭ᠎ᠠ ᠠᠳᠬᠤᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ  ᠭᠡᠵᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠳ ᠰᠢᠨ᠎ᠡ ᠶᠢ ᠡᠭᠦᠳᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾᠎ ᠢ ᠰᠠᠶᠢᠲᠤᠷ ᠬᠢᠵᠦ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠣᠷᠣᠨ ᠪᠦᠰᠡ ᠶᠢᠨ ᠲᠡᠷᠢᠭᠦᠨ ᠤ ᠲᠤᠮᠤ ᠠᠵᠤ ᠠᠬᠤᠶᠢᠯᠠᠯ ᠢ ᠴᠢᠷᠮᠠᠶᠢᠨ ᠪᠠᠶᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠭ ᠣᠷᠣᠨ ᠳᠠᠭᠠᠨ ᠪᠤᠴᠠᠵᠤ᠂ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠎ ᠳᠤ ᠬᠦᠴᠦᠯᠡᠨ ᠦᠢᠯᠡᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢᠨ ᠠᠬᠢᠭᠤᠯᠤᠭᠴᠢ ᠪᠣᠯᠬᠤ ᠬᠡᠷᠡᠭᠲᠡᠢ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠰᠡᠳᠬᠢᠯᠭᠡ ᠪᠠᠷ ᠢᠶᠠᠨ ᠦᠢᠯᠡᠴᠢᠯᠡᠵᠦ᠂ ᠬᠦᠴᠦᠨ ᠢᠶᠠᠨ ᠲᠥᠪᠯᠡᠷᠡᠭᠦᠯᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠢ ᠴᠡᠭᠴᠡᠯᠡᠨ ᠵᠠᠰᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠦᠨᠡᠨᠴᠢ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ︽ᠵᠢᠷᠭᠤᠭᠠᠨ ᠶᠡᠭᠡ ᠢᠨᠵᠧᠨᠧᠷᠢᠩ︾᠎ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠳᠡᠭᠡᠳᠦ᠂ ᠲᠦᠷᠭᠡᠨ ᠂ ᠲᠥᠬᠦᠮ᠂ ᠲᠥᠪ᠂ ᠳᠣᠤᠷ᠎ᠠ᠂ ᠴᠡᠪᠡᠷ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠂ ᠲᠤᠬᠠᠶᠢᠯᠠᠪᠠᠯ᠄ ᠠᠵᠤ ᠠᠬᠤᠶᠢᠯᠠᠯᠲᠠᠨ ᠢ ᠳᠡᠭᠡᠭᠦᠷ ᠬᠠᠷᠠᠵᠤ᠂ ᠭᠤᠷᠪᠠᠨ ᠬᠤᠪᠢ ᠢᠯᠡᠭᠦᠤ ᠬᠠᠶᠢᠷᠠᠯᠠᠵᠤ᠂ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠠᠵᠢᠯ ᠲᠦᠷᠭᠡᠨ ᠪᠥᠭᠡᠳ ᠥᠨᠳᠥᠷ ᠪᠦᠲᠦᠮᠵᠢᠲᠡᠶ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠳᠥᠭᠦᠮ ᠳᠥᠲᠡ ᠪᠥᠭᠡᠳ ᠡᠮᠬᠢ ᠵᠢᠷᠤᠮ ᠲᠠᠢ᠂ ᠬᠠᠤᠯᠢ ᠬᠡᠷᠡᠭᠵᠢᠭᠦᠯᠬᠦ ᠪᠠ ᠬᠠᠤᠯᠢ ᠪᠠᠷᠢᠬᠤ ᠳᠤ ᠡᠷᠬᠡ ᠲᠡᠭᠰᠢ ᠲᠥᠪ ᠭᠤᠤᠯᠴᠢ ᠪᠠᠶᠢᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠲᠥᠯᠥᠭᠡ ᠠᠵᠢᠯ ᠶᠠᠪᠤᠳᠠᠯ ᠭᠦᠶᠴᠡᠳᠬᠡᠬᠦ ᠳᠡᠭᠡᠨ ᠳᠠᠷᠤᠭᠠᠰᠤ ᠶᠢ ᠬᠥᠩᠭᠡᠯᠡᠨ᠂ ᠥᠪᠡᠷ ᠤᠨ ᠥᠷᠲᠡᠭ ᠢ ᠪᠠᠭᠤᠷᠠᠭᠤᠯᠵᠤ᠂ ᠲᠥᠷᠥ ᠶᠢᠨ ᠶᠠᠪᠤᠳᠠᠯ ᠤᠨ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢ ᠦᠨᠡᠨ ᠰᠡᠳᠬᠢᠯ ᠠᠴᠠ ᠪᠠᠨ ᠪᠠᠲᠤᠯᠠᠬᠤ ᠬᠡᠷᠡᠭᠲᠡᠶ᠃       ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠺᠠᠩ ᠬᠠᠢ ᠷᠦ᠋ᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠩᠬᠢ ᠠᠵᠤ ᠠᠬᠤᠶᠢᠯᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠯ ᠪᠣᠯᠤᠨ ᠠᠰᠠᠭᠤᠳᠠᠯ ᠳᠤ ᠴᠢᠭᠯᠡᠭᠦᠯᠵᠦ᠂ ᠲᠤᠰ ᠰᠠᠯᠠᠭ᠎ᠠ ᠮᠥᠴᠢᠷ ᠲᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠵᠠᠳᠠᠯᠬᠤ ᠶᠢᠨ ᠬᠠᠮᠲᠤ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠢ ᠠᠵᠢᠯ ᠤᠨ ᠠᠷᠭ᠎ᠠ  ᠬᠡᠮᠵᠢᠶ᠎ᠡ ᠶᠢ ᠦᠳᠲᠡᠷ ᠲᠦᠷᠭᠡᠨ ᠳᠤᠷᠠᠳᠴᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠤᠭᠤᠳ ᠮᠠᠨ ᠤ  ᠲᠤᠭᠤᠷᠢᠭ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠠᠷᠢᠯᠴᠠᠨ ᠢᠲᠡᠭᠡᠯᠴᠡᠭᠰᠡᠨ᠂ ᠬᠠᠷᠢᠯᠴᠠᠨ ᠠᠰᠢᠭᠲᠠᠶ᠂ ᠬᠠᠷᠢᠯᠴᠠᠨ ᠬᠠᠪᠰᠤᠷᠤᠯᠴᠠᠭᠰᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠶᠢ ᠬᠠᠮᠲᠤᠪᠠᠷ ᠪᠠᠶᠢᠭᠤᠯᠬᠤ ᠬᠡᠷᠡᠭᠲᠡᠶ᠃ ᠡᠯ᠎ᠡ ᠠᠵᠤ ᠠᠬᠤᠶᠢᠯᠠᠯ ᠨᠢ ᠲᠣᠰ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠪᠠ ᠠᠵᠤ ᠠᠬᠤᠶᠢᠯᠠᠯ ᠤᠨ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡ ᠪᠦᠯᠦᠭ ᠵᠠᠬ᠎ᠠ ᠳᠡᠯᠭᠡᠭᠦᠷ ᠲᠠᠢ᠂ ᠢᠷᠡᠭᠡᠳᠦᠶ ᠶᠢᠨ ᠲᠥᠯᠥᠪ ᠢᠶᠠᠷ ᠰᠠᠶᠢᠨ᠂ ᠳᠠᠯᠳᠠ ᠬᠦᠴᠦᠨ ᠢᠶᠠᠷ ᠶᠡᠭᠡ ᠲᠥᠷᠥᠯ ᠵᠦᠶᠯ ᠢ ᠰᠢᠯᠢᠨ ᠰᠣᠩᠭᠤᠵᠤ᠂ ᠰᠠᠶᠢᠨ ᠰᠠᠶᠢᠬᠠᠨ ᠢᠲᠡᠭᠡᠯ ᠬᠦᠨᠳᠦ ᠪᠠᠷ ᠢᠶᠠᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠶᠢ ᠣᠯᠵᠤ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃     
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2