ᠵᠢᠨᠢᠩ ᠲᠣᠭᠤᠷᠢᠭ ᠤᠨ ᠬᠢᠨ 2021 ᠣᠨ ᠤ ︽ᠠᠷᠪᠠᠨ ᠰᠤᠳᠤᠨ ᠵᠠᠭᠤᠨ ᠰᠢᠯᠢᠳᠡᠭ︾᠎ ᠤᠨ ᠱᠠᠩᠨᠠᠯ ᠣᠯᠭᠤᠬᠤ ᠶᠣᠰᠣᠯᠠᠯ ᠶᠠᠪᠤᠭᠤᠯᠤᠭᠰᠠᠨ ᠳᠤ ᠬᠦᠨᠳᠦᠳᠬᠡᠯ ᠳᠡᠪᠰᠢᠭᠦᠯᠵᠦ ᠮᠠᠭᠲᠠᠨ ᠰᠠᠶᠢᠰᠢᠶᠠᠵᠠᠢ
ᠨᠡᠶᠢᠲᠡᠯᠡᠭᠰᠡᠨ ᠴᠠᠭ᠄
2022/3/21
      ᠦᠯᠢᠭᠡᠷ ᠳᠠᠭᠤᠷᠢᠶᠠᠯ ᠳᠤ ᠬᠦᠨᠳᠦᠳᠬᠡᠯ ᠳᠡᠪᠰᠢᠭᠦᠯᠵᠦ᠂ ᠪᠣᠯᠪᠠᠰᠤᠨ ᠢ ᠮᠠᠭᠲᠠᠨ ᠰᠠᠶᠢᠰᠢᠶᠠᠨ᠎ᠠ᠃ 1  ᠳ᠋ᠦ᠋ᠭᠡᠷ ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠠᠴᠠ ᠭᠤᠤᠯᠯᠠᠨ ᠡᠷᠭᠢᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂  ᠲᠤᠭᠤᠷᠢᠢᠭ ᠤᠨ ᠣᠶᠤᠨ ᠤ ᠪᠣᠯᠪᠠᠰᠤᠨ ᠤ ᠠᠯᠪᠠᠨ ᠬᠡᠷ ᠠᠴᠠ ᠳᠠᠭᠠᠭᠠᠨ ᠡᠷᠭᠢᠯᠡᠭᠰᠡᠨ ᠵᠢᠨᠢᠩ ᠲᠣᠭᠤᠷᠢᠭ ᠤᠨ 2021 ᠣᠨ ᠤ ︽ᠠᠷᠪᠠᠨ ᠰᠤᠳᠤᠨ ᠵᠠᠭᠤᠨ ᠰᠢᠯᠢᠳᠡᠭ︾᠎ ᠤᠨ ᠱᠠᠩᠨᠠᠯ ᠣᠯᠭᠤᠬᠤ ᠶᠣᠰᠣᠯᠠᠯ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠲᠤ ᠶᠠᠪᠤᠭᠳᠠᠪᠠ᠂ ᠡᠨᠡ ᠨᠢ ᠲᠡᠷᠢᠭᠦᠨ ᠤ ᠬᠢ ᠶᠢ ᠤᠯᠠᠮ ᠨᠢᠭᠡ ᠠᠯᠬᠤᠮ ᠬᠥᠬᠢᠭᠦᠯᠦᠨ ᠰᠠᠶᠢᠰᠢᠶᠠᠵᠤ᠂ ᠲᠥᠪ ᠰᠤᠷᠲᠠᠯ ᠢ ᠪᠠᠳᠠᠷᠠᠭᠤᠯᠤᠨ᠂ ᠨᠡᠶᠢᠭᠡᠮ ᠳᠠᠶᠠᠭᠠᠷ ᠲᠤ ︽ᠰᠤᠷᠤᠯᠴᠠᠬᠤ ᠥᠯᠢᠭᠡᠷ ᠳᠠᠭᠤᠷᠢᠶᠠᠯ᠂ ᠲᠡᠷᠢᠭᠦᠨ ᠤ ᠬᠢ ᠲᠠᠢ ᠶᠣᠰᠣᠷᠬᠠᠭ ᠬᠠᠨᠳᠤᠵᠤ᠂ ᠰᠠᠶᠢᠨ ᠬᠥᠮᠦᠨ ᠪᠣᠯᠬᠤ ᠪᠠᠷ ᠴᠢᠷᠮᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠶᠤᠮ᠃       ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠢ᠊ ·ᠳᠠᠯᠠᠨᠲᠠᠢ ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᠯᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠡᠷᠭᠡ ᠲᠣᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠱᠠᠩᠨᠠᠯ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃       ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ ᠪᠠᠶᠠᠷ ᠤᠨ ᠦᠭᠡ ᠳᠡᠭᠡᠨ᠂ ᠲᠤᠰ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠨᠢ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠯᠪᠠᠰᠤᠨ ᠤ ᠬᠦᠴᠦᠨ ᠢ ᠨᠢᠭᠲᠠᠷᠠᠭᠤᠯᠤᠭᠰᠠᠨ ᠱᠠᠩᠨᠠᠯ ᠣᠯᠭᠤᠬᠤ ᠶᠣᠰᠣᠯᠠᠯ ᠪᠣᠯᠬᠤ ᠪᠠᠷ ᠪᠠᠷᠠᠬᠤ ᠦᠭᠡᠢ ᠪᠠᠰᠠ ᠵᠢᠨᠢᠩ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠲᠦᠭᠡᠯ ᠤᠨ ᠦᠪᠡᠳᠡᠭᠰᠢ ᠶᠡᠭᠡ ᠰᠢᠯᠭᠠᠨ ᠪᠠᠶᠢᠴᠠᠭᠠᠯᠲᠠ ᠪᠣᠯᠤᠨ᠎ᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠠ ᠰᠢᠯᠢᠳᠡᠭ ᠬᠤᠪᠢ ᠬᠥᠮᠦᠨ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠵᠢᠱᠢᠶᠡᠴᠢ ᠪᠠᠷ ᠦᠢᠯᠡᠳᠦᠯᠭᠡᠵᠢᠭᠦᠯᠵᠦ᠂ ᠬᠥᠮᠦᠨ ᠤ ᠶᠢᠷᠲᠢᠨᠴᠦ ᠶᠢᠨ ᠶᠡᠭᠡ ᠬᠠᠶᠢᠷ᠎ᠠ ᠶᠢ ᠦᠷᠭᠦᠯᠵᠢᠯᠡᠨ ᠪᠢᠴᠢᠭᠯᠡᠵᠦ᠂ ᠨᠡᠶᠢᠭᠡᠮ ᠤᠨ ᠲᠥᠪ ᠰᠤᠷᠲᠠᠯ ᠢ ᠭᠦᠢᠴᠡᠳ ᠢᠯᠡᠷᠡᠭᠦᠯᠵᠦ᠂ ᠪᠣᠯᠪᠠᠰᠤᠨ ᠬᠡᠪ ᠰᠤᠷᠲᠠᠯ ᠢ ᠤᠯᠠᠮᠵᠢᠯᠠᠨ ᠳᠡᠯᠭᠡᠷᠡᠭᠦᠯᠬᠦ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠡᠷᠢᠭᠦᠨ ᠤ ᠬᠢ ᠶᠢ ᠡᠷᠬᠢᠮᠯᠡᠵᠦ᠂ ᠲᠡᠷᠢᠭᠦᠨ ᠤ ᠬᠢ ᠠᠴᠠ ᠰᠤᠷᠤᠯᠴᠠᠬᠤ ᠶᠢ ᠬᠦᠰᠡᠵᠦ ᠪᠠᠶᠢᠨ᠎ᠠ᠂ ᠠᠵᠢᠯ ᠤᠨ ᠳᠤᠮᠳᠠ ᠪᠠᠨ ᠨᠡᠶᠢᠲᠡᠯᠢᠭ ᠵᠢᠱᠢᠶ᠎ᠡ ᠶᠢ ᠢᠯᠡᠷᠡᠭᠦᠯᠦᠨ᠂ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠳᠠᠭᠠᠨ ᠴᠢᠳᠠᠮᠠᠭᠠᠶ ᠪᠠᠶᠢᠵᠤ᠂ ᠡᠮᠦᠨ᠎ᠡ ᠹᠷᠣᠨᠲ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠳᠡᠷᠭᠡᠳᠡᠬᠢ ᠨᠢᠳᠤᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠰᠤᠷᠴᠤ ᠡᠵᠡᠮᠰᠢᠬᠦ ︽ᠡᠭᠡᠯ ᠠᠷᠠᠳ ᠤᠨ ᠪᠠᠭᠠᠲᠤᠷ︾᠎ ᠲᠤ ᠠᠩᠬᠠᠷᠤᠯ ᠢᠶᠠᠨ ᠲᠥᠪᠯᠡᠷᠡᠭᠦᠯᠵᠦ᠂ ᠡᠭᠡᠯ ᠵᠢᠷ ᠤᠨ ᠬᠥᠮᠦᠰ ᠤᠨ ᠪᠡᠶ᠎ᠡ ᠳᠡᠭᠡᠷᠡᠬᠢ ᠡᠷᠬᠢᠮ ᠳᠡᠭᠡᠳᠦ ᠵᠣᠷᠢᠭ ᠰᠠᠨᠠᠭ᠎ᠠ ᠶᠢ ᠢᠯᠡᠷᠡᠭᠦᠯᠵᠦ᠂ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠤᠯᠠᠨ ᠢ ᠬᠦᠳᠦᠯᠦᠨ ᠳᠠᠭᠠᠭᠤᠯᠵᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ ᠠᠵᠢᠯ ᠠᠴᠠ ᠪᠠᠨ ᠡᠬᠢᠯᠡᠨ ᠬᠢᠵᠦ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠠᠭ᠎ᠠ ᠶᠠᠪᠤᠳᠠᠯ ᠢ ᠬᠤᠷᠠᠮᠳᠤᠭᠤᠯᠵᠤ᠂ ᠶᠡᠭᠡ ᠮᠣᠷᠠᠯ ᠢ ᠨᠢᠭᠲᠠᠷᠠᠭᠤᠯᠵᠤ᠂ ︽ᠪᠢ ᠬᠥᠮᠦᠨ ᠪᠦᠬᠦᠨ ᠤ ᠲᠥᠯᠥᠭᠡ᠂ ᠬᠥᠮᠦᠨ ᠪᠦᠬᠦᠨ ᠮᠢᠨᠦ ᠲᠥᠯᠥᠭᠡ︾ ᠭᠡᠬᠦ ᠪᠣᠯᠪᠠᠰᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃       ᠱᠠᠩᠨᠠᠯ ᠣᠯᠭᠤᠬᠤ ᠶᠣᠰᠣᠯᠠᠯ ᠳᠡᠭᠡᠷ᠎ᠡ᠂ ᠳᠠᠭᠤᠤ ᠪᠠᠷ ᠵᠣᠷᠢᠭ ᠰᠠᠨᠠᠭ᠎ᠠ ᠪᠠᠨ ᠢᠯᠡᠳᠬᠡᠨ᠂ ᠦᠭᠡ ᠶᠠᠷᠢᠶ᠎ᠠ ᠪᠠᠷ ᠰᠡᠳᠬᠢᠯ ᠤᠨ ᠦᠭᠡ ᠪᠠᠨ ᠢᠯᠡᠳᠬᠡᠵᠦ᠂ ᠪᠥᠵᠢᠭ ᠢᠶᠠᠷ ᠰᠡᠳᠬᠢᠯᠭᠡ ᠪᠠᠨ ᠤᠶᠠᠩᠭᠠᠯᠠᠵᠤ᠂ ᠸᠢᠳᠢᠣ᠋ ᠣᠬᠤᠷ ᠹᠢᠯᠢᠮ᠂ ᠡᠭᠦᠯᠡᠨ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠪᠣᠯᠪᠠᠰᠤᠨ ᠢ ᠴᠥᠬᠦᠷᠡᠯ ᠦᠬᠡᠢ ᠬᠥᠭᠡᠭᠡᠴᠡᠯᠳᠦᠵᠦ᠂ ᠪᠣᠯᠪᠠᠰᠤᠨ ᠪᠣᠯᠪᠠᠰᠤᠨ ᠭᠡᠷ ᠪᠦᠯᠢ᠂ ᠪᠣᠯᠪᠠᠰᠤᠨ ᠬᠤᠳᠠ ᠶᠢᠨ ᠠᠷᠠᠳ ᠪᠣᠯᠤᠨ ᠪᠣᠯᠪᠠᠰᠤᠨ ᠲᠣᠭᠤᠷᠢᠭ ᠢ ᠰᠢᠨᠲᠠᠷᠠᠰᠢ ᠦᠬᠡᠢ ᠡᠭᠦᠳᠦᠨ ᠪᠠᠶᠢᠭᠤᠯᠬᠤ ᠶᠢ ᠳᠠᠬᠢᠨᠲᠠ ᠢᠯᠡᠷᠡᠭᠦᠯᠪᠡ᠃ ᠦᠭᠡ ᠳᠠᠭᠤᠨ ᠦᠭᠡᠶ ᠪᠠᠷ ᠬᠤᠪᠢ ᠨᠡᠮᠡᠷᠢ ᠦᠵᠡᠭᠦᠯᠵᠦ᠂ ᠪᠣᠯᠪᠠᠰᠤᠨ ᠵᠢᠨᠢᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ᠂ ᠰᠠᠶᠢᠨ ᠳᠤᠷ᠎ᠠ ᠶᠢᠨ ᠦᠢᠯᠡᠴᠢᠯᠡᠭᠴᠢᠳ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠡᠷᠬᠢᠮ ᠰᠤᠷᠲᠠᠯ ᠢ ᠦᠢᠯᠡᠳᠦᠯᠭᠡᠵᠢᠭᠦᠯᠦᠭᠰᠡᠨ ᠳᠡᠷᠭᠡᠳᠡᠬᠢ ᠰᠠᠶᠢᠨ ᠬᠥᠮᠦᠨ ᠪᠣᠯᠤᠨ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ᠂ ᠨᠠᠮ ᠰᠠᠨᠠᠭ᠎ᠠ ᠠᠮᠤᠷ ᠪᠠᠶᠢᠭᠠᠷᠠᠢ︾ ᠭᠡᠬᠦ ᠬᠠᠮᠤᠭ ᠤᠨ ᠬᠦᠴᠦᠷᠬᠡᠭ ᠳᠠᠭᠤᠨ ᠢ ᠴᠤᠤᠷᠢᠶᠠᠲᠤᠭᠤᠯᠤᠭᠰᠠᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠁ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠤᠳ ᠤᠳ ᠲᠤ᠂ ᠡᠨᠡ ᠨᠢ ᠵᠢᠨᠢᠩ ᠤᠨ ᠬᠥᠪᠡᠭᠦᠳ ᠥᠬᠢᠳ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠠᠮ ᠳᠡᠭᠡᠷ᠎ᠡ ᠰᠤᠯᠠᠷᠠᠭᠤᠯᠤᠯ ᠦᠭᠡᠶ᠂ ᠵᠣᠭᠰᠣᠯ ᠦᠭᠡᠶ ᠪᠠᠷ ᠳᠠᠬᠢᠨ ᠮᠣᠷᠳᠠᠵᠤ᠂ ᠨᠡᠩ ᠴᠤ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠡᠩ ᠭᠡᠷᠡᠯ ᠰᠠᠴᠤᠷᠠᠩᠭᠤᠶ ᠢᠷᠡᠭᠡᠳᠦᠶ ᠵᠦᠭ ᠲᠣᠮᠣ ᠠᠯᠬᠤᠮ ᠢᠶᠠᠷ ᠤᠷᠤᠭᠰᠢᠯᠠᠬᠤ ᠢᠲᠡᠭᠡᠯ ᠵᠣᠷᠢᠭ ᠢ ᠭᠦᠢᠴᠡᠳ ᠬᠠᠷᠠᠭᠤᠯᠤᠭᠰᠠᠨ ᠪᠠᠶᠢᠨ᠎ᠠ᠃ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠲᠡᠯ᠎ᠡ ᠨᠢᠵᠢᠭᠢᠨᠡᠵᠦ᠂ ᠤᠯᠠᠨ ᠢᠶᠠᠷ ᠢᠶᠠᠨ ᠬᠠᠯᠠᠭᠤᠨ ᠨᠢᠯᠪᠤᠰᠤ ᠠᠰᠬᠠᠷᠠᠭᠤᠯᠵᠤ᠂ ᠦᠵᠡᠭᠴᠢᠳ ᠤᠨ ᠦᠯᠢᠭᠡᠷ ᠳᠠᠭᠤᠷᠢᠶᠠᠯ ᠵᠢᠱᠢᠶᠡᠴᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠶᠢ ᠭᠦᠢᠴᠡᠳ ᠢᠯᠡᠳᠬᠡᠵᠡᠢ᠃             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2