ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/3/21
     3 ᠳ᠋ᠤᠭᠠᠷ ᠰᠠᠷ᠎ᠠ ᠶᠢᠨ 2᠎ ᠤᠨ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃      ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠳᠤᠮᠳᠠᠳᠤ ᠤᠯᠤᠰ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠶᠢᠨ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠪᠠᠩᠬᠢ ᠶᠢᠨ ᠳᠡᠳ᠋ ᠳᠠᠷᠤᠭ᠎ᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠬᠤ ᠪᠠᠷ ᠵᠣᠷᠢᠭ ᠰᠢᠭᠤᠳᠴᠠᠶ᠃ ᠭᠠᠷ ᠤᠨ ᠦᠰᠦᠭ ᠵᠢᠷᠤᠬᠤ ᠶᠣᠰᠣᠯᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ ᠬᠠᠶ ᠮᠢᠩ ᠡᠷᠭᠢᠯᠡᠵᠡᠶ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂  ᠶᠤᠤ ᠬᠠᠢ ᠮᠢᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠲᠠᠢ ᠬᠠᠮᠲᠤᠪᠠᠷ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠵᠣᠷᠢᠭ ᠰᠢᠭᠤᠳᠴᠠᠢ᠃      ᠺᠠᠩ ᠬᠠᠶ ᠷᠦᠢ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠬᠢᠭᠡᠳ ᠵᠢᠨᠢᠩ ᠲᠣᠭᠤᠷᠢᠭ ᠤᠨ ᠬᠠᠮᠲᠤᠷᠠᠯᠴᠠᠭ᠎ᠠ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠭᠰᠠᠨ ᠨᠢ᠂ ︽  ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠠᠵᠢᠯ ᠢ ᠳᠥᠯᠭᠢᠨ ᠠᠬᠢᠭᠤᠯᠬᠤ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠤᠯᠤᠰ ᠲᠤ ᠠᠰᠢᠭᠲᠠᠶ ᠠᠷᠠᠳ ᠲᠤ ᠠᠰᠢᠭᠲᠠᠶ ᠶᠡᠭᠡ ᠶᠠᠪᠤᠳᠠᠯ᠂ ᠰᠠᠶᠢᠨ ᠶᠠᠪᠤᠳᠠᠯ ᠮᠥᠨ᠃ ᠲᠤᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠠᠮᠵᠢᠯᠲᠠ ᠲᠠᠢ ᠶᠠᠪᠤᠭᠳᠠᠵᠤ᠂ ᠡᠨᠡ ᠨᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠩᠬᠢ ᠶᠢᠨ ᠤᠯᠠᠭᠠᠨᠴᠠᠬᠠᠷ ᠬᠤᠲᠠ ᠶᠢᠨ ᠬᠤᠪᠢᠶᠠᠷᠢ ᠪᠠᠩᠬᠢ ᠶᠢᠨ ᠬᠠᠮᠲᠤᠷᠠᠯᠴᠠᠭ᠎ᠠ ᠮᠥᠨ ᠴᠢᠨᠠᠷ ᠤᠨ ᠨᠢᠭᠡ ᠠᠯᠬᠤᠮ ᠢ ᠠᠯᠬᠤᠵᠤ᠂ ᠵᠠᠰᠠᠭ ᠪᠠᠩᠬᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠭᠠᠷ ᠬᠤᠯᠪᠣᠨ ᠡᠷᠡᠯᠬᠡᠭᠯᠡᠨ ᠤᠷᠤᠭᠰᠢᠯᠠᠬᠤ ᠰᠢᠨ᠎ᠡ ᠪᠠᠶᠢᠳᠠᠯ ᠢ ᠡᠭᠦᠳᠦᠭᠰᠡᠨ ᠢ ᠬᠠᠷᠠᠭᠤᠯᠵᠤ ᠪᠠᠶᠢᠨ᠎ᠠ᠂ ᠳᠤᠮᠳᠠᠳᠤ ᠤᠯᠤᠰ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠯᠤᠭ᠎ᠠ ᠶᠢᠨ ᠬᠠᠮᠲᠤᠷᠠᠯᠴᠠᠭ᠎ᠠ ᠪᠠᠷ ᠳᠡᠮᠵᠢᠨ ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠰᠢᠨ᠎ᠡ ᠰᠢᠪᠲᠤᠯᠤᠯᠲᠠ ᠲᠠᠢ ᠪᠣᠯᠵᠣ᠂ ᠰᠢᠨ᠎ᠡ ᠳᠡᠭᠲᠡᠷ ᠲᠤ ᠭᠠᠷᠬᠤ ᠶᠢ ᠬᠦᠴᠦᠲᠡᠶ ᠳᠥᠯᠭᠢᠨ ᠠᠬᠢᠭᠤᠯᠬᠤ ᠨᠢ ᠯᠠᠪᠲᠠᠶ ᠶᠤᠮ᠃ ᠳᠠᠷᠠᠭᠠᠴᠢ ᠶᠢᠨ ᠠᠯᠬᠤᠮ ᠤᠨ ᠠᠵᠢᠯ ᠳᠤᠮᠳᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠤᠮᠳᠠᠳᠤ ᠤᠯᠤᠰ ᠤᠨ ᠪᠠᠩᠬᠢ ᠶᠢᠨ ᠵᠢᠨᠢᠩ ᠲᠣᠭᠤᠷᠢᠭ ᠲᠠᠬᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠬᠦ ᠪᠠ ᠪᠠᠲᠤᠯᠠᠵᠤ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠪᠣᠯᠤᠨ ᠳᠤᠮᠳᠠᠳᠤ ᠤᠯᠤᠰ ᠤᠨ ᠪᠠᠩᠬᠢ ᠶᠢᠨ ᠭᠦᠨᠵᠡᠭᠡᠢ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠮᠲᠤᠪᠠᠷ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠮᠥᠩᠭᠦᠨ ᠭᠦᠶᠯᠭᠡᠭᠡᠨ ᠤ ᠬᠦᠷᠢᠶᠡᠨ ᠳᠠᠬᠢ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ︽ᠵᠠᠰᠠᠭ ᠪᠠᠩᠬᠢ ᠬᠤᠯᠪᠣᠭᠠᠯᠠᠬᠤ᠂ ᠬᠠᠷᠢᠯᠴᠠᠨ ᠠᠬᠢᠭᠤᠯᠬᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ᠂ ᠣᠷᠳᠣ ᠬᠤᠭᠤᠴᠠᠭ᠎ᠠ ᠪᠠᠷ ᠬᠠᠮᠲᠤᠷᠠᠯᠴᠠᠬᠤ︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠠᠩ ᠣᠯᠠᠨ ᠬᠦᠷᠢᠶᠡᠨ ᠳᠤ ᠬᠠᠮᠲᠤᠷᠠᠯᠴᠠᠭ᠎ᠠ ᠬᠢᠬᠦ ᠶᠢ ᠬᠠᠶᠢᠨ ᠰᠦᠪᠡᠭᠴᠢᠯᠡᠵᠦ᠂ ᠵᠠᠰᠠᠭ ᠪᠠᠩᠬᠢ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠬᠠᠮᠲᠤ ᠶᠢᠨ ᠬᠠᠷᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃      ᠸᠠᠩ ᠎ ᠲᠤ ᠯᠸᠢ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠥᠷᠥᠯ ᠵᠦᠶᠯ ᠤᠨ ᠬᠠᠮᠲᠤᠷᠠᠯᠴᠠᠭ᠎ᠠ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ ᠢᠯᠡᠷᠡᠯ ᠮᠥᠨ᠂ ᠨᠠᠩ ᠴᠤ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠳᠥᠯᠭᠢᠨ ᠠᠬᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠬᠦ᠂ ᠠᠷᠠᠳ ᠲᠤ ᠠᠰᠢᠭ ᠣᠯᠭᠤᠵᠤ ᠠᠷᠠᠳ ᠲᠤ ᠲᠥᠬᠦᠮ ᠦᠵᠡᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠶ᠃ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠭᠠᠷᠮᠠᠭᠠᠶ ᠪᠦᠲᠦᠭᠡᠯ ᠢ ᠬᠥᠭᠡᠭᠡᠴᠡᠯᠳᠦᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠥᠷᠭᠡᠨ ᠤᠯᠠᠨ ᠠᠷᠠᠳ ᠲᠦᠮᠡᠨ ᠳᠤ ᠠᠰᠢᠭ ᠬᠦᠷᠲᠡᠭᠡᠬᠦ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠥᠮᠴᠢᠯᠡᠯ ᠤᠨ ᠲᠤᠮᠤ ᠪᠠᠩᠬᠢ ᠶᠢᠨ ᠮᠥᠩᠭᠦᠨ ᠭᠦᠢᠯᠭᠡᠭᠡᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠦᠴᠦᠨ ᠴᠢᠳᠠᠯ ᠢᠶᠠᠨ ᠨᠡᠮᠡᠷᠢᠯᠡᠨ᠎ᠡ  ᠭᠡᠵᠡᠢ᠃      ᠲᠣᠭᠤᠷᠢᠭ ᠤᠨ ᠤᠳᠤᠷᠢᠳᠤᠯᠭ᠎ᠠ ᠯᠢᠦ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2