ᠵᠢᠨᠢᠩ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠬᠤᠷᠢᠳᠤᠭᠠᠷ ᠶᠡᠭᠡ ᠬᠤᠷᠠᠯ ᠤᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡ ᠶᠢ ᠰᠢᠯᠢᠳᠡᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢ ᠤᠭᠲᠤᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠤᠶᠠᠳᠤᠭᠠᠷ ᠤᠳᠠᠭ᠎ᠠ ᠶᠢᠨ ᠠᠵᠤ ᠠᠬᠤᠶᠢᠯᠠᠯ ᠤᠨ ᠰᠠᠨᠠᠯ ᠢ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/21
     3 ᠰᠠᠷ᠎ᠠ ᠶᠢᠨ 11᠎ ᠤ ᠡᠳᠦᠷ᠂ ᠵᠢᠨᠢᠩ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲᠧᠮ ᠤᠨ ︽ᠬᠤᠷᠢᠳᠤᠭᠠᠷ ᠶᠡᠭᠡ ᠬᠤᠷᠠᠯ ᠤᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡ ᠶᠢ ᠰᠢᠯᠢᠳᠡᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢ ᠤᠭᠲᠤᠶ᠎ᠠ︾ ᠭᠡᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠤᠶᠠᠳᠤᠭᠠᠷ ᠤᠳᠠᠭ᠎ᠠ ᠶᠢᠨ ᠠᠵᠤ ᠠᠬᠤᠶᠢᠯᠠᠯ ᠤᠨ ᠰᠠᠨᠠᠯ ᠢ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠤᠭᠤᠷᠢᠭ ᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠬᠢᠵᠠᠭᠠᠷᠯᠠᠬᠤ ᠪᠠ ᠨᠥᠯᠥᠭᠡᠯᠡᠵᠦ ᠪᠠᠶᠢᠭ᠎ᠠ ᠪᠣᠭᠤᠮᠢ ᠶᠢᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠨᠡᠨᠬᠦ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃        ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠧᠦ ᠲᠤᠤ ᠷᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃           ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠲᠠᠯ᠎ᠠ ᠨᠤᠲᠤᠭ ᠤᠨ ᠮᠢᠬᠠᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠢᠨᠢᠩ ᠤᠨ ᠬᠤᠯᠪᠣᠭᠠᠯᠠᠨ ᠡᠵᠡᠩᠨᠡᠬᠦ ᠬᠤᠳᠠᠯᠳᠤᠭᠠᠨ ᠤ ᠲᠠᠯᠠᠪᠤᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠹᠧᠩ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠦᠶᠯᠡᠴᠢᠯᠡᠬᠦ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃      ᠳ᠋ᠧᠦ ᠲᠤᠤ ᠷᠠᠨ  ᠵᠢᠭᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠢᠨ ᠠᠵᠤ ᠠᠬᠤᠶᠢᠯᠠᠯᠲᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠠᠰᠠᠭᠤᠳᠠᠯ ᠤᠨ ᠨᠠᠷᠢᠨ ᠳᠠᠩᠰᠠ ᠶᠢᠨ ᠡᠬᠡ ᠳᠠᠩᠰᠠ ᠶᠢ ᠪᠦᠷᠢᠯᠳᠦᠭᠦᠯᠵᠦ᠂ ᠴᠠᠭ ᠲᠤᠬᠠᠢ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠲᠤᠰᠬᠠᠬᠤ ᠬᠡᠷᠡᠭᠲᠡᠢ᠃ ᠡᠭᠦᠨ ᠤ ᠬᠠᠮᠲᠤ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠬᠠᠯᠠᠮᠵᠢᠯᠠᠨ ᠠᠩᠬᠠᠷᠴᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠷᠭ᠎ᠠ ᠤᠬᠠᠭᠠᠨ ᠭᠠᠷᠭᠠᠵᠤ᠂ ᠰᠠᠨᠠᠯ ᠳᠤᠷᠠᠳᠴᠤ᠂ ᠠᠷᠭ᠎ᠠ ᠰᠦᠪᠡᠭᠴᠢᠯᠡᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢ ᠬᠠᠮᠲᠤᠪᠠᠷ ᠠᠬᠢᠭᠤᠯᠵᠤ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠵᠦ ᠪᠠᠲᠤᠯᠠᠬᠤ ᠶᠢ ᠬᠦᠰᠡᠵᠦ ᠪᠠᠶᠢᠨ᠎ᠠ᠃     ᠳ᠋ᠧᠦ ᠲᠤᠤ ᠷᠠᠨ ᠴᠢᠬᠤᠯᠠᠴᠢᠯᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠰᠢᠰᠲᠧᠮ ᠤᠨ ᠤᠯᠤᠰ ᠲᠦᠷᠦ ᠬᠤᠳᠠᠯᠳᠤᠭᠠᠴᠢᠨ ᠤ ᠬᠠᠷᠢᠯᠴᠠᠭ᠎ᠠ ᠶᠢ ᠪᠠᠶᠢᠭᠤᠯᠬᠤ ᠳᠤᠮᠳᠠᠬᠢ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠬᠦ ᠤᠬᠠᠮᠰᠠᠷ ᠪᠣᠯᠤᠨ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠬᠠᠪᠰᠤᠷᠴᠤ ᠬᠤᠳᠠᠯᠳᠤᠭᠠᠴᠢᠨ ᠢ ᠬᠠᠮᠠᠭᠠᠯᠠᠬᠤ ᠤᠶᠢᠯᠠᠭᠠᠭᠳᠠᠬᠤᠨ ᠢ ᠴᠢᠨᠠᠭᠰᠢᠳᠠ ᠴᠢᠩᠭᠠᠳᠬᠠᠵᠤ᠂ ᠴᠢᠩ ᠤᠯᠤᠰ ᠢ ᠳᠣᠲᠣᠨᠣᠴᠢᠯᠠᠬᠤ ᠤᠯᠤᠰ ᠲᠦᠷᠦ ᠬᠤᠳᠠᠯᠳᠤᠭᠠᠴᠢᠨ ᠤ ᠬᠠᠷᠢᠯᠴᠠᠭ᠎ᠠ ᠶᠢ ᠪᠠᠶᠢᠭᠤᠯᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠤᠯᠤᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠤᠯᠴᠠᠬᠤ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯᠲᠠᠨ ᠤ ᠪᠤᠳᠤᠵᠦ ᠪᠤᠳᠤᠵᠦ ᠪᠠᠶᠢᠭ᠎ᠠ ᠵᠦᠢᠯ ᠢ ᠴᠠᠭ ᠲᠤᠬᠠᠢ ᠳᠤᠨᠢ ᠣᠶᠢᠯᠠᠭᠠᠵᠤ᠂ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠤᠴᠢᠷ ᠶᠠᠪᠤᠳᠠᠯ ᠪᠠᠶᠢᠪᠠᠯ ᠪᠦᠬᠦ ᠬᠦᠴᠦᠨ ᠢᠶᠠᠷ ᠢᠶᠠᠨ ᠬᠠᠪᠰᠤᠷᠬᠤ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠷᠠᠳ ᠤᠨ ᠰᠠᠨᠠᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠬᠢᠨ ᠠᠴᠠ ᠳᠠᠭᠤᠰᠲᠠᠯ᠎ᠠ  ᠲᠤᠭᠤᠰᠢᠯᠠᠭᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠪᠣᠳᠠᠲᠠᠢ ᠬᠡᠷᠡᠭᠴᠡᠭᠡ ᠠᠴᠠ ᠡᠭᠦᠰᠴᠦ᠂ ᠦᠢᠯᠡᠴᠢᠯᠡᠭᠡ ᠶᠢ ᠦᠨᠡᠨ ᠪᠣᠳᠠᠲᠠᠢ ᠰᠠᠶᠢᠲᠤᠷ ᠬᠢᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠪᠣᠳᠠᠲᠠᠢ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ  ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2