ᠵᠢᠨᠢᠩ ᠲᠣᠭᠤᠷᠢᠭ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ  ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/23
900470.jpg
        3 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠠᠶᠤᠯ ᠥᠬᠡᠶ ᠦᠶᠯᠡᠳᠪᠦᠷᠢᠯᠡᠯ ᠪᠠ ᠭᠠᠯ ᠤᠨᠲᠠᠷᠠᠭᠠᠬᠤ ᠵᠢᠴᠢ ᠣᠶ ᠰᠢᠭᠤᠶ ᠨᠤᠲᠤᠭ ᠪᠡᠯᠴᠢᠭᠡᠷ ‍ᠤᠨ‌ᠭᠠᠯ  ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠶᠤᠯ ᠥᠬᠡᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃         ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ ᠬᠠᠢ ᠮᠢᠩ ᠬᠤᠷᠠᠯ ᠢ ᠡᠷᠬᠢᠯᠡᠪᠡ᠃         ᠬᠤᠷᠠᠯ ᠠᠴᠠ ᠮᠠᠨ ᠤ  ᠲᠤᠭᠤᠷᠢᠭ ᠤᠨ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠠᠶᠢᠳᠠᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠮᠡᠳᠡᠭᠳᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠶᠯᠡᠰ ᠤᠨ ᠦᠶᠯᠡᠴᠢᠯᠡᠭᠡᠨ ᠤ ᠲᠥᠪ᠂ ᠮᠠ ᠯᠢᠶᠠᠨ ᠴᠢᠦᠶ ᠰᠢᠶᠠᠩ᠂ ᠪᠠᠶ ᠬᠠᠶ ᠽᠢ ᠪᠠᠯᠭᠠᠰᠤᠨ ᠤ ᠭᠤᠤᠯ ᠬᠠᠷᠢᠭᠤᠴᠠᠯᠭᠠᠲᠠᠨ ᠠᠶᠤᠯᠭᠦᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠣᠪᠣᠷ ᠢᠶᠠᠨ ᠢᠯᠡᠳᠬᠡᠬᠦ ᠦᠭᠡ ᠬᠡᠯᠡᠪᠡ᠃        ᠬᠤᠷᠠᠯ ᠠᠴᠠ ᠵᠢᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ᠂ ᠬᠠᠷᠢᠭᠤᠴᠠᠯᠭ᠎ᠠ ᠬᠦᠨᠳᠦ ᠶᠡᠭᠡ ᠶᠤᠮ᠃ ᠣᠶᠢᠷ᠎ᠠ ᠶᠢᠨ ᠬᠤᠭᠤᠴᠠᠭᠠᠨ ᠳᠤ ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠤᠷᠢᠳ ᠬᠤᠵᠢᠳ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠢᠯᠠᠯᠲᠠ ᠶᠢ ᠡᠷᠡᠰ ᠲᠡᠮᠡᠴᠡᠨ ᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠ ᠭᠠᠯ ᠤᠨᠲᠠᠷᠠᠭᠠᠬᠤ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠨᠠᠷᠢᠨ ᠨᠢᠭᠲᠠ ᠳᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠵᠤ ᠪᠠᠶᠢᠬᠤ ᠪᠠ ︽ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠬᠤ︾  ᠵᠣᠷᠢᠭ ᠢ ᠭᠦᠢᠴᠡᠳ ᠢᠯᠡᠷᠡᠭᠦᠯᠵᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠪᠠᠶᠢᠳᠠᠯ ᠢ ᠲᠣᠳᠣᠷᠬᠠᠶ ᠲᠠᠨᠢᠵᠤ᠂ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠠᠶᠤᠯ ᠥᠬᠡᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ ᠠᠯᠳᠠᠰᠢ ᠭᠠᠷᠬᠤ ᠶᠢ ᠡᠷᠡᠰ ᠬᠤᠷᠢᠭᠯᠠᠨ᠂ ᠰᠠᠭᠤᠷᠢ ᠪᠠᠨ ᠲᠠᠰᠤᠷᠠᠯᠲᠠ ᠥᠬᠡᠶ ᠪᠠᠬᠢᠵᠢᠭᠦᠯᠵᠦ᠂ ᠮᠠᠨ ᠤ  ᠲᠤᠭᠤᠷᠢᠭ ᠤᠨ ᠠᠶᠤᠯ ᠥᠬᠡᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃       ᠬᠤᠷᠠᠯ ᠠᠴᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠭ᠎ᠠ  ᠬᠡᠮᠵᠢᠶ᠎ᠡ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠪᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠠᠵᠤ ᠦᠢᠯᠡᠳᠪᠦᠷᠢ ᠠᠷᠠᠯᠵᠢᠶ᠎ᠠ᠂ ᠭᠠᠯ ᠤᠨᠲᠠᠷᠠᠭᠠᠬᠤ᠂ ᠰᠣᠶᠣᠯ ᠵᠤᠭᠠᠴᠠᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ  ᠬᠦᠷᠢᠶ᠎ᠡ ᠎ ᠶᠢ ᠴᠢᠩᠭ᠎ᠠ ᠠᠩᠬᠠᠷᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽ᠥᠴᠦᠬᠡᠨ ᠴᠦ ᠠᠭᠤᠴᠢᠯᠠᠬᠤ ᠦᠭᠡᠢ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠢᠯᠠᠩᠭᠤᠶ᠎ᠠ ᠠᠰᠠᠭᠤᠳᠠᠯ ᠣᠷᠣᠰᠢᠵᠤ ᠪᠠᠶᠢᠭ᠎ᠠ ᠭᠡᠮ ᠰᠣᠭᠤᠭ ᠢ ᠬᠦᠴᠦᠨ ᠦᠭᠡᠢ ᠪᠣᠯᠭᠠᠬᠤ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠡᠭᠦᠰᠬᠡᠯ ᠤᠨ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠠᠯ᠎ᠠ ᠪᠠᠷ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽2022 ᠣᠨ ᠤ ᠤᠯᠠᠭᠠᠨᠴᠠᠪ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠭᠤᠣᠯᠳᠠᠯᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠡᠭᠡᠷ᠎ᠡ ᠶᠢᠨ ᠭᠠᠯ ᠤᠨ ᠠᠶᠤᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠯ ᠤᠨ ᠠᠶᠤᠯ ᠢ ᠰᠢᠶᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠭᠠᠯ ᠰᠡᠷᠭᠡᠶᠢᠯᠡᠬᠦ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠪᠠᠶᠢᠷᠢᠯᠠᠭᠤᠯᠵᠤ᠂ ᠭᠠᠯ ᠤᠨ ᠠᠶᠤᠯ ᠢ ᠤᠨᠲᠠᠷᠠᠭᠠᠬᠤ᠂ ᠭᠠᠯ ᠤᠨ ᠲᠠᠯᠠᠪᠠᠶ ᠶᠢ ᠴᠡᠪᠡᠷᠯᠡᠬᠦ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠥᠭᠡᠳ ᠪᠦᠲᠦᠮᠵᠢᠲᠡᠶ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠨᠠᠷᠢᠯᠢᠭ ᠣᠨᠣᠴᠠᠲᠠᠶ ᠪᠠᠷ ᠤᠷᠢᠳᠴᠢᠯᠠᠨ ᠰᠡᠷᠡᠮᠵᠢᠯᠡᠭᠦᠯᠬᠦ᠂ ᠱᠠᠲᠤ ᠬᠤᠪᠢᠶᠠᠨ ᠳᠠᠭᠠᠬᠤ᠂ ᠠᠶᠤᠯ ᠤᠨ ᠪᠠᠶᠢᠳᠠᠯ ᠢ ᠦᠨᠳᠦᠰᠦᠯᠡᠨ ᠰᠡᠷᠭᠡᠶᠢᠯᠡᠬᠦ᠂ ᠠᠶᠤᠯ ᠤᠨ ᠪᠠᠶᠢᠳᠠᠯ ᠢ ᠦᠨᠳᠦᠰᠦᠯᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠠᠷᠭᠠᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠬᠤᠷᠠᠯ ᠠᠴᠠ  ᠴᠢᠬᠤᠯᠠᠴᠢᠯᠠᠭᠰᠠᠨ ᠨᠢ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠢᠩᠭ᠎ᠠ ᠬᠢᠨᠠᠨ ᠬᠠᠮᠢᠶᠠᠷᠴᠤ᠂ ᠨᠢᠭᠡᠳᠦᠯᠲᠡᠢ ᠵᠢᠯᠣᠭᠤᠳᠬᠤ᠂ ᠰᠠᠯᠠᠭ᠎ᠠ ᠮᠥᠴᠢᠷ ᠬᠠᠮᠵᠢᠯᠴᠠᠬᠤ᠂ ᠲᠦᠷᠭᠡᠨ ᠲᠤᠰᠬᠠᠯ ᠲᠠᠢ᠂ ᠵᠣᠬᠢᠴᠠᠩᠭᠤᠢ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠠᠵᠢᠯᠯᠠᠭᠠᠨ ᠲᠠᠢ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠯᠲᠡ ᠶᠢᠨ ᠭᠠᠯ ᠤᠨᠲᠠᠷᠠᠭᠠᠬᠤ ᠶᠢ ᠬᠢᠨᠠᠨ ᠰᠢᠯᠭᠠᠵᠤ ᠦᠨᠡᠯᠡᠬᠦ ᠰᠢᠰᠲᠧᠮ ᠢ ᠴᠢᠨᠠᠭᠰᠢᠳᠠ ᠲᠡᠭᠦᠯᠳᠡᠷᠵᠢᠭᠦᠯᠵᠦ᠂ ᠬᠢᠨᠠᠨ ᠰᠢᠯᠭᠠᠬᠤ ᠡᠷᠬᠡ ᠶᠢ ᠨᠡᠮᠡᠭᠳᠡᠭᠦᠯᠵᠦ᠂ ᠪᠠᠷᠢᠮᠵᠢᠶ᠎ᠠ ᠶᠢ ᠬᠠᠷᠭᠤᠭᠤᠯᠤᠨ ᠬᠢᠨᠠᠨ ᠰᠢᠯᠭᠠᠬᠤ ᠶᠢ ᠴᠢᠩᠳᠠᠯᠠᠵᠤ᠂ ᠡᠳᠦᠷ ᠲᠤᠳᠤᠮ ᠤᠨ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠵᠤ᠂ ᠠᠶᠤᠯ ᠥᠬᠡᠶ ᠦᠶᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠪᠣᠯᠪᠠᠰᠤᠨ ᠢᠶᠠᠷ ᠳᠠᠬᠢᠯᠭ᠎ᠠ ᠬᠢᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠬᠢᠬᠦ ᠶᠢ ᠢᠳᠡᠪᠬᠢᠲᠡᠶ ᠰᠠᠨᠠᠭᠠᠴᠢᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠭᠠᠯ ᠰᠡᠷᠭᠡᠶᠢᠯᠡᠬᠦ ᠠᠵᠢᠯ ᠤᠨ ᠪᠠᠶᠢᠷᠢᠰᠢᠯ ᠢ ᠦᠨᠡᠨᠬᠦ ᠪᠣᠶ ᠪᠣᠯᠭᠠᠵᠤ᠂ ᠰᠠᠯᠠᠭ᠎ᠠ ᠮᠥᠴᠢᠷ ᠤᠨ ᠬᠦᠴᠦ ᠪᠠᠨ ᠬᠠᠮᠲᠤᠳᠬᠠᠨ ᠪᠣᠳᠠᠲᠠᠶᠢᠵᠢᠭᠤᠯᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠶᠢᠵᠢᠭᠤᠯᠤᠨ ᠬᠡᠷᠡᠭᠵᠢᠭᠦᠯᠵᠦ᠂ ᠤᠬᠠᠭᠤᠯᠭ᠎ᠠ ᠬᠥᠮᠦᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠠᠶᠤᠯ ᠥᠬᠡᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃      ᠲᠣᠭᠤᠷᠢᠭ ᠤᠨ ᠤᠳᠤᠷᠢᠳᠤᠯᠭ᠎ᠠ ᠾᠧ ᠷᠦᠨ ᠭᠧᠨ᠂ ᠸᠠᠩ ᠯᠢ ᠰᠢᠨ᠂ ᠭᠦᠸᠧ ᠬᠤᠩ ᠭᠤᠸᠠᠩ᠂ ᠶᠠᠩ ᠶᠦᠩ᠂ ᠵᠦ ᠶᠠᠨ ᠵᠢᠶᠦ᠋ᠨ᠂ ᠯᠢ ᠯᠢᠨ ᠵᠢᠴᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠲᠣᠭᠤᠷᠢᠭ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃                    ᠵᠢᠷᠤᠭ᠄ ᠭᠦᠸᠧ ᠸᠧᠨ ᠵᠢᠶᠧ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2