ᠵᠢᠨᠢᠩ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ  ᠳᠠᠬᠢᠨ ᠬᠤᠷᠠᠯᠳᠤᠪᠠ
ᠨᠡᠶᠢᠲᠡᠯᠡᠭᠰᠡᠨ ᠴᠠᠭ᠄
2022/3/24
900470.jpg
       3 ᠰᠠᠷ᠎ᠠ ᠶᠢᠨ 22᠎ ᠤᠨ ᠦᠳᠡ ᠶᠢᠨ ᠬᠤᠶᠢᠨ᠎ᠠ ᠂ ᠵᠢᠨᠢᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠭᠦᠨ ᠤ ᠬᠠᠮᠲᠤ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ  ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠵᠤ᠂ ᠪᠥᠬᠦ  ᠲᠤᠭᠤᠷᠢᠭ ᠤᠨ ᠳᠡᠭᠡᠳᠦ ᠳᠣᠤᠷᠠᠳᠤ ᠱᠠᠲᠤ ᠶᠢ ᠤᠯᠠᠮ ᠨᠢᠭᠡ ᠠᠯᠬᠤᠮ ᠳᠠᠶᠢᠴᠢᠯᠠᠨ ᠮᠢᠨᠴᠦᠭᠦᠷᠡᠬᠦ ᠦᠵᠡᠯ ᠰᠠᠨᠠᠭ᠎ᠠ᠂ ᠲᠡᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢ ᠬᠦᠰᠡᠬᠦ ᠰᠡᠳᠬᠢᠯᠭᠡ᠂ ᠰᠤᠯᠠᠷᠠᠬᠤ ᠰᠡᠳᠬᠢᠯᠭᠡ ᠶᠢ ᠲᠡᠪᠴᠢᠵᠦ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ  ᠬᠠᠢ ᠮᠢᠩ ᠬᠤᠷᠠᠯ ᠢ ᠡᠷᠬᠢᠯᠡᠪᠡ᠃ ᠬᠤᠷᠠᠯ ᠳᠡᠭᠡᠷ᠎ᠡ᠂ ᠺᠠᠩ ᠬᠠᠶ ᠷᠦᠢ 3 ᠰᠠᠷ᠎ᠠ ᠶᠢᠨ 20᠎ ᠤ ᠡᠳᠦᠷ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠪᠠᠶᠢᠴᠠᠭᠠᠨ ᠰᠤᠳᠤᠯᠤᠭᠰᠠᠨ ᠵᠢᠴᠢ ᠳᠣᠭᠢᠷᠠᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ ᠃  ᠲᠤᠭᠤᠷᠢᠭ ᠤᠨ ᠤᠳᠤᠷᠢᠳᠤᠯᠭ᠎ᠠ ᠯᠢ ᡁᠢ ᠭᠠᠩ᠂  ᠶᠤᠤ ᠬᠠᠶ ᠮᠢᠩ᠂ ᠯᠢ ᠵᠢᠩ᠂ ᠸᠠᠩ ᠯᠢ ᠰᠢᠨ᠂  ᠵᠤ᠋ ᠶᠠᠨ ᠵᠢᠶᠦ᠋ᠨ᠂ ᠯᠢ ᠯᠢᠨ ᠲᠣᠰ ᠲᠣᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠵᠢᠴᠢ ᠠᠵᠢᠯᠲᠠᠨ ᠢ ᠪᠠᠶᠢᠴᠠᠭᠠᠨ ᠵᠢᠭᠰᠠᠭᠠᠬᠤ᠂ ᠤᠬᠠᠭᠤᠯᠭ᠎ᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠡᠳ᠋ ᠪᠣᠳᠠᠰ ᠤᠨ ᠪᠠᠲᠤᠯᠠᠭ᠎ᠠ ᠵᠢᠴᠢ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠨᠠᠷᠢᠨ ᠨᠢᠭᠲᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠺᠠᠩ ᠬᠠᠶ ᠷᠦᠢ ᠵᠢᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠲᠣᠰ ᠭᠠᠵᠠᠷ ᠣᠷᠣᠨ ᠳᠤ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠳᠤ ᠴᠡᠭ ᠣᠯᠠᠨ᠂ ᠬᠡᠪᠴᠢᠶ᠎ᠡ ᠥᠷᠭᠡᠨ᠂ ᠪᠠᠶᠢᠨ ᠳᠠᠬᠢᠨ ᠡᠭᠦᠰᠬᠦ ᠣᠨᠴᠠᠯᠢᠭ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠵᠤ᠂ ᠰᠡᠷᠭᠡᠶᠢᠯᠡᠨ ᠡᠵᠡᠮᠳᠡᠬᠦ ᠬᠦᠴᠢᠷᠳᠡᠯ ᠦᠷᠭᠦᠯᠵᠢᠯᠡᠨ ᠶᠡᠬᠡᠰᠴᠦ᠂ ᠵᠢᠨᠢᠩ ᠲᠣᠭᠤᠷᠢᠭ ᠤᠨ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠪᠦᠬᠦ  ᠲᠤᠭᠤᠷᠢᠭ ᠤᠨ  ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠥᠴᠦᠬᠡᠨ ᠴᠦ ᠠᠯᠳᠠᠰᠢ ᠦᠭᠡᠶ᠂ ᠥᠴᠦᠬᠡᠨ ᠴᠦ  ᠤᠰᠤᠯ ᠦᠭᠡᠶ︾ ᠪᠠᠶᠢᠬᠤ ᠪᠠ ︽ᠥᠴᠦᠬᠡᠨ ᠴᠦ ᠬᠢᠵᠢᠭ ᠤᠨ ᠪᠠᠶᠢᠳᠠᠯ ᠦᠭᠡᠶ︾ ᠪᠠᠶᠢᠬᠤ ᠨᠢ ︽ᠥᠴᠦᠬᠡᠨ ᠴᠦ ᠠᠶᠤᠯ ᠲᠦᠭᠰᠢᠭᠦᠷᠢ ᠦᠭᠡᠶ︾ ᠪᠠᠶᠢᠬᠤ ᠤᠬᠠᠮᠰᠠᠷ ᠢ ᠲᠥᠯᠥᠭᠡᠯᠡᠬᠦ ᠦᠭᠡᠶ ᠪᠠᠶᠢᠬᠤ ᠬᠡᠷᠡᠭᠲᠡᠶ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠪᠠᠶᠢᠩᠭᠤ ᠶᠢᠨ ᠠᠵᠢᠯ ᠢ ᠦᠨᠡᠨᠬᠦ‍ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ᠂ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠲᠡᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠪᠠ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠴᠢᠩᠭ᠎ᠠ ᠪᠥᠭᠡᠳ ᠴᠢᠩᠭ᠎ᠠ᠂ ᠨᠠᠷᠢᠨ ᠪᠥᠭᠡᠳ ᠪᠣᠳᠠᠲᠠᠶ ᠭᠠᠵᠠᠷ ᠲᠤᠨᠢ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠬᠡᠷᠡᠭᠲᠡᠶ᠃       ᠺᠠᠩ ᠬᠠᠶ ᠷᠦᠢ  ᠴᠢᠬᠤᠯᠠᠴᠢᠯᠠᠭᠰᠠᠨ ᠨᠢ᠂ ︽ᠬᠤᠶᠠᠷ ᠥᠷᠲᠡᠭᠡ ᠨᠢᠭᠡ ᠲᠠᠯᠠᠪᠤᠷ︾᠂ ᠤᠯᠤᠰ ᠤᠨ ᠪᠠ ᠮᠤᠵᠢ ᠶᠢᠨ ᠵᠠᠮ ᠵᠡᠷᠭᠡ ᠵᠠᠮ ᠬᠠᠷᠢᠯᠴᠠᠭᠠᠨ ᠤ ᠪᠣᠭᠤᠮᠲᠠ ᠶᠢ ᠴᠢᠩᠭ᠎ᠠ ᠠᠵᠢᠭᠯᠠᠵᠤ᠂ ︽ᠭᠤᠷᠪᠠᠨ ᠺᠣᠳ᠋ ᠨᠢᠭᠡ ᠭᠡᠷᠡᠴᠢᠯᠡᠯ︾᠎ ᠢ ᠴᠢᠩᠭ᠎ᠠ ᠪᠠᠶᠢᠴᠠᠭᠠᠨ ᠰᠢᠯᠭᠠᠵᠤ᠂ ᠠᠶᠤᠯ ᠲᠦᠭᠰᠢᠭᠦᠷᠢ ᠲᠠᠢ ᠤᠷᠤᠨ ᠠᠴᠠ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠵᠦ᠂ ᠴᠤᠭᠯᠠᠭᠠᠨ ᠳᠤ ᠣᠷᠣᠬᠤ ︽ᠨᠢᠭᠡᠳᠦᠭᠡᠷ ᠪᠣᠭᠤᠮᠲᠠ︾᠎ ᠶᠢ ᠡᠷᠡᠰ ᠪᠠᠲᠤ ᠰᠠᠬᠢᠬᠤ ᠬᠡᠷᠡᠭᠲᠡᠶ ᠭᠡᠵᠡᠶ᠃ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ᠂ ᠭᠤᠤᠯᠳᠠᠯᠭ᠎ᠠ ᠲᠠᠢ ᠠᠵᠤ ᠠᠬᠤᠶᠢᠯᠠᠯ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ᠂  ᠪᠠᠶᠢᠭᠤᠯᠭ᠎ᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠥᠷᠨᠢᠭᠦᠯᠵᠦ᠂ ᠬᠥᠮᠦᠨ ᠤ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ ᠬᠠᠯᠠᠭᠤᠷᠠᠯ ᠤᠨ ᠡᠭᠦᠳᠡᠨ ᠡᠮᠨᠡᠯᠭᠡ᠂ ᠬᠠᠯᠠᠭᠤᠷᠠᠯ ᠤᠨ ᠡᠮ ᠵᠢᠴᠢ ᠡᠮ ᠤᠨ ᠳᠡᠯᠭᠡᠭᠦᠷ ᠤᠨ ᠬᠠᠮᠢᠶᠠᠷᠤᠯᠲᠠ ᠶᠢ ᠨᠠᠷᠢᠯᠢᠭ ᠣᠨᠣᠪᠴᠢᠲᠠᠢ ᠰᠠᠶᠢᠲᠤᠷ ᠠᠳᠬᠤᠵᠤ᠂ ᠬᠠᠯᠠᠭᠤᠷᠠᠯ ᠤᠨ ᠡᠪᠡᠳᠴᠢᠲᠡᠨ ᠢ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠳᠦᠷᠢᠮ᠂ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠳᠦᠷᠢᠮ᠂ ᠡᠮᠨᠡᠯᠭᠡ ᠶᠢᠨ ᠬᠤᠷᠢᠶᠠᠨ ᠤ ᠰᠡᠷᠡᠯ ᠢ ᠰᠡᠷᠭᠡᠶᠢᠯᠡᠨ ᠡᠵᠡᠮᠳᠡᠬᠦ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠬᠠᠷᠠᠭᠤᠯ ᠤᠨ ᠴᠡᠭ︾᠎ ᠤᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠣᠷᠣᠬᠤ ᠡᠭᠦᠳᠡ᠂ ᠬᠠᠷᠢᠶ᠎ᠠ ᠣᠷᠣᠨ ᠤ ᠪᠣᠭᠤᠮᠲᠠ ᠪᠣᠯᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠣᠭᠤᠮᠲᠠ ᠶᠢ ᠦᠨᠡᠨᠬᠦ ᠰᠠᠶᠢᠲᠤᠷ ᠡᠵᠡᠮᠳᠡᠬᠦ ᠬᠡᠷᠡᠭᠲᠡᠢ᠃ ᠰᠦᠯᠵᠢᠶᠡᠨ ᠤ ᠲᠠᠰᠤᠯᠪᠤᠷᠢ ᠪᠠᠷ ᠨᠢᠭᠡᠴᠢ ᠪᠣᠯᠭᠠᠵᠤ᠂ ᠢᠷᠡᠬᠦ ︵ᠪᠤᠴᠠᠬᠤ︶ ᠬᠥᠮᠦᠰ ᠢ ᠳᠠᠬᠢᠨ ᠤᠶᠢᠯᠠᠭᠠᠨ ᠵᠢᠭᠰᠠᠭᠠᠵᠤ᠂ ᠳᠠᠬᠢᠨ ᠡᠮᠬᠢᠯᠡᠨ ᠳᠢᠭᠯᠡᠵᠦ᠂ ᠬᠥᠮᠦᠰ ᠤᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠴᠠᠭ ᠲᠤᠬᠠᠶ ᠳᠤᠨᠢ ᠵᠠᠳᠠᠯᠤᠨ ᠰᠤᠳᠤᠯᠵᠤ ᠮᠠᠭᠠᠳᠯᠠᠨ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ  ᠪᠡᠶᠡᠯᠡᠭᠦᠯᠬᠦ ᠬᠡᠷᠡᠭᠲᠡᠶ᠃ ᠴᠢᠬᠤᠯᠠ ᠡᠮᠴᠢᠯᠡᠭᠡᠨ ᠤ ᠡᠳ᠋ ᠪᠠᠷᠠᠭ᠎ᠠ ᠪᠠ ᠠᠮᠢᠳᠤᠷᠠᠯ ᠤᠨ ᠡᠳ᠋ ᠪᠠᠷᠠᠭ᠎ᠠ ᠶᠢᠨ ᠨᠥᠭᠡᠴᠡᠯᠡᠯᠲᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠡᠭᠦᠰᠪᠡᠯ᠂ ᠪᠥᠬᠦ  ᠲᠤᠭᠤᠷᠢᠭ ᠤᠨ ᠠᠷᠠᠳ ᠣᠯᠠᠨ ᠤ ᠬᠡᠪ ᠤᠨ ᠦᠶᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ ᠃ ᠺᠠᠩ ᠬᠠᠶ ᠷᠦᠢ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠭᠡᠨ ᠬᠠᠮᠵᠢᠯᠴᠠᠬᠤ᠂ ᠥᠨᠳᠥᠷ ᠪᠦᠲᠦᠮᠵᠢᠲᠡᠶ ᠡᠮᠬᠢ ᠵᠢᠷᠤᠮ ᠲᠠᠢ᠂ ᠬᠦᠴᠦᠲᠡᠶ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠵᠢᠯᠲᠠᠨ ᠪᠠ ᠪᠥᠬᠦ ᠴᠠᠷᠠᠭᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ᠂ ᠤᠷᠤᠰᠬᠠᠯ ᠢ ᠵᠣᠬᠢᠴᠠᠭᠤᠯᠤᠨ ᠬᠠᠮᠵᠢᠨ ᠪᠠᠶᠢᠴᠠᠭᠠᠬᠤ ᠴᠢᠳᠠᠪᠤᠷᠢ᠂ ᠲᠤᠰᠠᠭᠠᠷᠯᠠᠨ ᠠᠪᠤᠷᠠᠨ ᠵᠠᠰᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠪᠢᠲᠡᠭᠦᠮᠵᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠨ ᠰᠢᠶᠳᠪᠦᠷᠢᠯᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠣᠶᠤᠨᠯᠢᠭ ᠭᠠᠷ ᠤᠲᠠᠰᠤ ᠥᠬᠡᠶ ᠨᠠᠰᠤᠲᠠᠨ ᠪᠠ ᠬᠡᠤᠬᠡᠳ ᠲᠤ ᠴᠢᠭᠯᠡᠭᠦᠯᠦᠨ ︽ᠺᠣᠳ᠋ ᠰᠢᠷᠪᠢᠭᠳᠡᠬᠦ︾ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠵᠤ᠂ ᠲᠡᠳᠡᠨ ᠤ ᠠᠵᠢᠯᠲᠠᠨ ᠢ ᠲᠦᠷᠭᠡᠨ ᠳᠠᠩᠰᠠᠯᠠᠬᠤ᠂ ᠬᠡᠪ ᠤᠨ ᠪᠤᠰᠤ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠵᠡᠷᠭᠡ ᠴᠢᠳᠠᠮᠵᠢ ᠶᠢ ᠭᠦᠶᠴᠡᠳ ᠪᠠᠳᠠᠷᠠᠭᠤᠯᠤᠨ᠂ ︽ᠠᠵᠢᠯᠲᠠᠨ︾ ︽ᠴᠠᠭ︾ ︽ᠣᠷᠣᠨ ᠵᠠᠶ︾ ᠵᠡᠷᠭᠡ ᠭᠤᠷᠪᠠᠨ ᠶᠡᠭᠡ ᠵᠠᠩᠭᠢᠯᠠᠭ᠎ᠠ ᠶᠢᠨ ᠬᠦᠴᠦᠨ ᠵᠦᠶᠯ ᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠵᠢᠴᠢ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ︽ᠴᠢᠬᠤᠯᠠ ᠥᠬᠡᠶ ᠪᠣᠯ ᠡᠷᠭᠢᠯᠡᠬᠦ ᠥᠬᠡᠶ᠂ ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠡᠯ᠎ᠡ ᠲᠥᠷᠥᠯ ᠤᠨ ᠴᠤᠭᠯᠠᠷᠠᠯ ᠤᠨ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ︽ᠪᠠᠶᠠᠷ ᠬᠤᠷᠢᠮ ᠨᠠᠶᠢᠷ ᠢ ᠬᠤᠶᠢᠰᠢᠯᠠᠭᠤᠯᠬᠤ᠂ ᠴᠠᠭᠠᠨ ᠬᠡᠷᠡᠭ ᠢ ᠳᠥᠭᠦᠮᠴᠢᠯᠡᠬᠦ᠂ ᠳᠠᠶᠢᠯᠠᠯᠭ᠎ᠠ ᠶᠢ ᠥᠯᠥ ᠭᠦᠶᠴᠡᠳᠬᠡᠬᠦ︾᠎ ᠶᠢ ᠢᠳᠡᠪᠬᠢᠲᠡᠶ ᠰᠠᠨᠠᠭᠠᠴᠢᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ ᠃ ᠲᠣᠭᠤᠷᠢᠭ ᠤᠨ ᠤᠳᠤᠷᠢᠳᠤᠯᠭ᠎ᠠ ᠯᠢᠦ ᡁᠢ ᠷᠦᠩ ᠵᠢᠴᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                    ᠵᠢᠷᠤᠭ᠄ ᠭᠦᠸᠧ ᠸᠧᠨ ᠵᠢᠶᠧ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2