ᠵᠢᠨᠢᠩ ᠲᠣᠭᠤᠷᠢᠭ ᠤᠨ ᠰᠤᠷᠭᠠᠭᠤᠯᠢ ᠡᠬᠢᠯᠡᠬᠦ ᠤᠯᠠᠷᠢᠯ ᠢ ᠬᠠᠮᠠᠭᠠᠯᠠᠵᠤ ᠰᠤᠷᠭᠠᠭᠤᠯᠢ ᠶᠢᠨ ᠬᠦᠷᠢᠶᠡᠨ ‍ᠤ‌ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠪᠠ
ᠨᠡᠶᠢᠲᠡᠯᠡᠭᠰᠡᠨ ᠴᠠᠭ᠄
2022/3/29
      ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠢ ᠳᠠᠭᠠᠯᠳᠤᠨ᠂ 3 ᠰᠠᠷ᠎ᠠ ᠶᠢᠨ 4᠎ ᠤ ᠡᠳᠦᠷ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠪᠥᠬᠦ ᠲᠣᠭᠤᠷᠢᠭ ᠤᠨ ᠰᠤᠷᠭᠠᠭᠤᠯᠢ ᠶᠢᠨ ᠬᠤᠭᠤᠯᠠᠨ ᠬᠡᠷ ᠲᠤ ᠢᠳᠡᠭᠡᠨ ᠤ ᠠᠮᠤᠷ ᠲᠦᠪᠰᠢᠨ ᠤ ᠲᠠᠰᠢᠷᠠᠮ ᠢᠶᠠᠷ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠡ᠃ ᠪᠠᠶᠢᠴᠠᠭᠠᠬᠤ ᠠᠵᠢᠯᠲᠠᠳ ᠤᠷᠢᠳ ᠬᠤᠵᠢᠳ ᠰᠢᠶᠧ ᠴᠧᠨ ᠪᠠᠭ᠎ᠠ ᠰᠤᠷᠭᠠᠭᠤᠯᠢ ᠪᠣᠯᠤᠨ ᠪᠡᠭᠡᠵᠢᠩ ᠤᠨ ᠺᠠᠢ ᠳ᠋ᠢ ᠬᠡᠦᠬᠡᠳ ᠤᠨ ᠴᠡᠴᠡᠷᠯᠢᠭ ᠤᠨ ᠵᠢᠨᠢᠩ ᠰᠤᠷᠭᠠᠭᠤᠯᠢ ᠶᠢᠨ ᠲᠣᠭᠤᠷᠢᠭ ᠲᠤ ᠬᠦᠷᠴᠦ᠂ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠪᠣᠯᠤᠨ ᠡᠬᠡ ᠳᠠᠩᠰᠠ ᠶᠢᠨ ᠲᠡᠮᠳᠡᠭᠯᠡᠯ ᠢ ᠪᠠᠶᠢᠴᠠᠭᠠᠨ ᠦᠵᠡᠬᠦ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠢᠳᠡᠬᠦ ᠣᠷᠴᠢᠨ ᠲᠣᠭᠤᠷᠢᠨ᠂ ᠲᠦᠭᠦᠬᠡᠶ ᠮᠠᠲ᠋ᠧᠷᠢᠶᠠᠯ ᠤᠨ ᠬᠠᠳᠠᠭᠠᠯᠠᠯᠲᠠ᠂ ᠢᠳᠡᠭᠡᠨ ᠢ ᠪᠣᠯᠪᠠᠰᠤᠷᠠᠭᠤᠯᠤᠨ ᠦᠢᠯᠡᠳᠬᠦ ᠶᠠᠪᠤᠴᠠ᠂ ᠬᠤᠭᠤᠯᠠ ᠪᠡᠯᠡᠳᠬᠡᠬᠦ ᠲᠠᠰᠤᠯᠭ᠎ᠠ ᠶᠢᠨ ᠠᠷᠢᠭᠤᠨ ᠴᠡᠪᠡᠷ ᠤᠨ ᠬᠠᠮᠢᠶᠠᠷᠤᠯᠲᠠ ᠵᠢᠴᠢ ᠬᠤᠭᠤᠯᠠᠨ ᠭᠡᠷ ᠤᠨ ᠠᠵᠢᠯᠲᠠᠳ ᠤᠨ ᠡᠷᠡᠭᠦᠯ ᠮᠡᠨᠳᠦ ᠶᠢᠨ ᠦᠨᠡᠮᠯᠡᠯ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠵᠡᠷᠭᠡ ᠡᠬᠡ ᠳᠠᠩᠰᠠ ᠶᠢᠨ ᠮᠠᠲ᠋ᠧᠷᠢᠶᠠᠯ ᠳᠤ ᠪᠠᠶᠢᠴᠠᠭᠠᠯᠲᠠ ᠬᠢᠵᠡᠶ᠃         ᠪᠠᠶᠢᠴᠠᠭᠠᠭᠰᠠᠨ ᠢᠶᠠᠷ᠂ ᠰᠢᠶᠧ ᠴᠧᠨ ᠪᠠᠭ᠎ᠠ ᠰᠤᠷᠭᠠᠭᠤᠯᠢ ᠪᠣᠯᠤᠨ ᠪᠡᠭᠡᠵᠢᠩ ᠤᠨ ᠺᠠᠢ ᠳ᠋ᠢ ᠬᠡᠦᠬᠡᠳ ᠤᠨ ᠴᠡᠴᠡᠷᠯᠢᠭ ᠤᠨ ᠵᠢᠨᠢᠩ ᠰᠤᠷᠭᠠᠭᠤᠯᠢ ᠶᠢᠨ ᠲᠣᠭᠤᠷᠢᠭ ᠴᠥᠮ ᠢᠳᠡᠭᠡᠨ ᠤ ᠠᠮᠤᠷ ᠲᠦᠪᠰᠢᠨ ᠤ ᠲᠤᠬᠠᠢ ᠢᠯᠡ ᠨᠡᠶᠢᠲᠡᠯᠡᠭᠰᠡᠨ ᠬᠤᠯᠪᠣᠭᠳᠠᠯ ᠪᠦᠬᠦᠢ ᠳᠦᠷᠢᠮ ᠪᠣᠯᠤᠨ ᠬᠤᠯᠪᠣᠭᠳᠠᠯ ᠪᠦᠬᠦᠢ ᠠᠵᠢᠯᠯᠠᠭᠠᠨ ᠤ ᠵᠢᠷᠤᠮᠵᠢᠯ ᠤᠨ ᠱᠠᠭᠠᠷᠳᠠᠯᠭ᠎ᠠ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ ᠴᠢᠳᠠᠵᠦ ᠪᠠᠶᠢᠬᠤ ᠪᠣᠯᠪᠠᠴᠤ ᠪᠠᠰᠠ ᠬᠡᠰᠡᠭ ᠠᠰᠠᠭᠤᠳᠠᠯ ᠣᠷᠣᠰᠢᠵᠤ ᠪᠠᠶᠢᠨ᠎ᠠ᠃ ᠰᠢᠶᠧ ᠴᠧᠨ ᠪᠠᠭ᠎ᠠ ᠰᠤᠷᠭᠠᠭᠤᠯᠢ ᠶᠢᠨ ᠢᠳᠡᠭᠡᠨ ᠤ ᠨᠡᠮᠡᠯᠲᠡ ᠡᠳ᠋ ᠤᠨ ᠲᠤᠰᠬᠠᠶ ᠬᠤᠷᠭᠤ ᠶᠢ ᠣᠨᠢᠰᠤᠯᠠᠭᠰᠠᠨ ᠥᠬᠡᠶ᠂ ︽4D︾ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠤᠭᠰᠠᠨ ᠢᠶᠠᠷ ᠪᠠᠷᠤᠭᠲᠠᠢ︔ ᠪᠡᠭᠡᠵᠢᠩ ᠤᠨ ᠺᠠᠢ ᠳ᠋ᠢ ᠬᠡᠦᠬᠡᠳ ᠤᠨ ᠴᠡᠴᠡᠷᠯᠢᠭ ᠤᠨ ᠵᠢᠨᠢᠩ ᠰᠤᠷᠭᠠᠭᠤᠯᠢ ᠶᠢᠨ ᠲᠣᠭᠤᠷᠢᠭ ᠤᠨ ᠴᠡᠴᠡᠷᠯᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠰᠢᠰᠲ᠋ᠧᠮ ᠢ ᠪᠠᠰᠠ ᠲᠡᠭᠦᠯᠳᠡᠷᠵᠢᠭᠦᠯᠬᠦ ᠴᠢᠬᠤᠯᠠᠲᠠᠶ᠂ ᠬᠠᠮᠲᠤ ᠬᠤᠭᠤᠯᠠᠯᠠᠭᠰᠠᠨ ᠰᠠᠨᠠᠯ ᠨᠢ ᠪᠣᠳᠠᠲᠠᠶ ᠪᠢᠰᠢ ᠵᠡᠷᠭᠡ ᠠᠰᠠᠭᠤᠳᠠᠯ ᠲᠠᠢ᠃ ᠲᠣᠰ ᠤᠳᠠᠭᠠᠨ ᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠠᠴᠠ ᠬᠤᠭᠤᠯᠠᠨ ᠬᠡᠷ ᠤᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠳᠠᠭᠠᠭᠠᠯᠭᠠᠪᠠ᠃         ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠨ ᠪᠠᠰᠠ ᠰᠤᠷᠭᠠᠭᠤᠯᠢ ᠶᠢ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ ᠵᠢᠷᠤᠮᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ︽ᠳᠥᠷᠪᠡᠨ ᠶᠡᠭᠡ ᠪᠣᠭᠤᠮᠲᠠ︾᠂ ᠲᠤᠬᠠᠶᠢᠯᠠᠪᠠᠯ ᠪᠠᠷᠠᠭ᠎ᠠ ᠣᠷᠣᠭᠤᠯᠬᠤ ᠪᠣᠭᠤᠮᠲᠠ᠂ ᠰᠢᠯᠭᠠᠨ ᠠᠪᠬᠤ ᠪᠣᠭᠤᠮᠲᠠ᠂ ᠬᠠᠳᠠᠭᠠᠯᠠᠵᠤ ᠡᠳ᠋ᠰᠢᠭᠦᠯᠬᠦ ᠪᠣᠭᠤᠮᠲᠠ᠂ ᠠᠷᠢᠭᠤᠳᠬᠠᠬᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠢᠳᠡᠭᠡᠨ ᠤᠮᠳᠠᠭᠠᠨ ᠤ ᠰᠢᠮ᠎ᠡ ᠲᠡᠵᠢᠭᠡᠯ ᠤᠨ ᠳᠤᠬᠢᠷᠠᠭᠤᠯᠤᠯᠳᠠ ᠶᠢᠨ ᠬᠠᠷᠢᠴᠠᠯ ᠢ ᠴᠢᠬᠤᠯᠠᠴᠢᠯᠠᠵᠤ᠂ ᠬᠡᠦᠬᠡᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2