ᠠᠵᠢᠯᠴᠢᠨ ᠡᠯᠰᠡᠬᠦ ᠰᠦᠯᠵᠢᠶᠡᠨ  ᠤ ᠮᠡᠬᠡᠯᠡᠯ ᠠᠴᠠ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2022/3/29
        ᠴᠠᠭ ᠠᠭᠤᠷ ᠳᠤᠯᠠᠭᠠᠷᠠᠵᠤ᠂ ᠤᠯᠠᠩᠬᠢ ᠪᠠᠷᠢᠯᠭ᠎ᠠ ᠶᠢᠨ ᠠᠵᠢᠯ ᠡᠬᠢᠯᠡᠬᠦ ᠶᠢ ᠳᠠᠭᠠᠯᠳᠤᠨ᠂ ᠡᠯ᠎ᠡ ᠭᠠᠵᠠᠷ ᠎ ᠤᠨ ᠬᠥᠯᠥᠰᠥᠨ ᠠᠵᠢᠯᠴᠢᠳ ᠠᠵᠢᠯ  ᠤᠨ ᠪᠠᠶᠢᠷᠢ ᠲᠠᠭᠠᠨ ᠪᠤᠴᠠᠵᠤ᠂ ᠵᠠᠷᠢᠮ ᠨᠢ ᠪᠠᠰᠠ ᠳᠠᠬᠢᠨ ᠠᠵᠢᠯ ᠡᠷᠢᠵᠦ᠂  ᠰᠢᠨ᠎ᠡ ᠨᠢᠭᠡ ᠵᠢᠯ  ᠤᠨ ᠠᠵᠢᠯ  ᠢᠶᠠᠨ ᠡᠬᠢᠯᠡᠭᠦᠯᠬᠦ ᠪᠤᠯᠤᠯ᠎ᠠ᠃ ᠡᠨᠡ ᠦᠶ᠎ᠡ ᠪᠣᠯ ᠪᠠᠰᠠ ᠴᠦ ᠡᠯ᠎ᠡ ᠵᠦᠢᠯ  ᠤᠨ ᠰᠦᠯᠵᠢᠶᠡᠨ ᠳᠡᠭᠡᠷ᠎ᠡ ᠬᠤᠳᠠᠯ ᠬᠠᠭᠤᠷᠮᠠᠭ᠋ ᠢᠶᠠᠷ ᠠᠵᠢᠯᠴᠢᠨ ᠡᠯᠰᠡᠬᠦ ᠮᠡᠬᠡᠯᠡᠯ ᠣᠯᠠᠨ ᠭᠠᠷᠳᠠᠭ ᠦᠶ᠎ᠡ ᠪᠣᠯᠤᠨ᠎ᠠ᠃ ᠦᠷᠭᠡᠨ ᠤᠯᠠᠨ ᠬᠥᠯᠥᠰᠥᠨ ᠠᠵᠢᠯᠴᠢᠳ ᠰᠤᠨᠤᠷ ᠰᠡᠷᠡᠮᠵᠢ ᠪᠠᠨ ᠳᠡᠭᠡᠭᠰᠢᠯᠡᠬᠦᠯᠵᠦ᠂ ᠦᠨᠡᠨ ᠬᠤᠳᠠᠯ  ᠢ ᠢᠯᠭᠠᠨ ᠳᠠᠨᠢᠵᠦ  ᠬᠢᠴᠢᠶᠡᠬᠦ ᠨᠢ ᠳᠤᠩ ᠴᠢᠬᠤᠯᠠ᠃       ᠰᠦᠯᠵᠢᠶᠡᠨ᠋ ᠤ ᠴᠠᠭ ᠦᠶ᠎ᠡ ᠶᠢᠨ ᠲᠦᠷᠭᠡᠨ ᠬᠦᠭᠵᠢᠯᠳᠡ ᠶᠢ ᠳᠠᠭᠠᠯᠳᠤᠨ᠂ ᠠᠵᠢᠯᠲᠠᠨ ᠡᠯᠰᠡᠬᠦ ᠠᠵᠢᠯ ᠡᠷᠢᠬᠦ ᠰᠦᠯᠵᠢᠶᠡᠨ ᠲᠠᠪᠴᠠᠩ ᠪᠣᠯ ᠠᠵᠢᠯ ᠤᠯᠭᠤᠵᠦ ᠦᠢᠯᠡᠰ ᠪᠤᠰᠬᠠᠬᠤ ᠴᠢᠬᠤᠯᠠ ᠠᠷᠭ᠎ᠠ ᠵᠠᠮ ᠮᠥᠨ᠃ ᠭᠡᠪᠡᠴᠦ ᠵᠠᠷᠢᠮ ᠬᠠᠤᠯᠢ ᠪᠤᠰᠤ ᠡᠲᠡᠭᠡᠳ  ᠵᠠᠪᠰᠢᠶᠠᠨ ᠢ ᠳᠠᠯᠢᠮᠳᠠᠭᠤᠯᠤᠨ᠂ ᠰᠦᠯᠵᠢᠶ᠎ᠡ ᠰᠢᠯᠵᠢᠶ᠎ᠡ ᠪᠠᠷ ᠳᠠᠮᠵᠢᠨ ᠠᠵᠢᠯᠴᠢᠨ ᠡᠯᠰᠡᠬᠦ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠵᠦ᠂ ᠥᠳᠥᠭᠡᠨ ᠲᠠᠲᠠᠵᠤ ᠰᠦᠯᠵᠢᠶᠡᠨ᠋ ᠤ ᠠᠵᠢᠯ ᠬᠠᠪᠰᠤᠷᠭᠠᠬᠤ᠂ ᠰᠦᠢᠳᠭᠡᠯ  ᠲᠤᠰᠢᠶᠠᠵᠤ ᠠᠵᠢᠯ ᠲᠤ ᠣᠷᠣᠬᠤ ᠵᠡᠷᠭᠡ ︽ᠤᠨᠠᠭᠤᠯᠢ︾᠎ ᠳᠤ ᠤᠷᠤᠭᠤᠯᠵᠦ᠂ ᠵᠠᠷᠢᠮ ᠨᠢ  ᠴᠢᠨᠠᠭᠰᠢᠯᠠᠭᠠᠳ ᠪᠡᠶ᠎ᠡ ᠶᠢᠨ ᠡᠷᠬᠡ  ᠴᠢᠯᠦᠭᠡ ᠶᠢ ᠬᠢᠵᠠᠭᠠᠷᠯᠠᠵᠤ᠂ ᠲᠡᠳᠡᠨ᠋ ᠢ ᠠᠯᠪᠠᠲᠠᠨ ᠳᠠᠮᠵᠢᠭᠤᠯᠤᠨ ᠪᠣᠷᠣᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶᠡᠨ᠋ ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ ᠲᠤ ᠣᠷᠣᠯᠴᠠᠭᠤᠯᠵᠤ ᠪᠠᠶᠢᠳᠠᠭ᠃ ᠤᠯᠠᠩᠬᠢ ᠬᠥᠯᠥᠰᠥᠨ ᠠᠵᠢᠯᠴᠢᠨ ᠦᠨᠡᠨᠴᠢ  ᠪᠤᠷᠤᠭᠵᠢᠭᠤᠨ᠂ ᠠᠵᠢᠯ ᠡᠷᠢᠬᠦ ᠲᠤᠯᠭᠠᠮ  ᠰᠡᠳᠬᠢᠯᠭᠡ ᠎ ᠲᠠᠢ ᠪᠤᠯᠬᠤᠷ ᠡᠨᠡ ᠨᠢ ᠨᠡᠩ ᠠᠮᠠᠷᠬᠠᠨ ᠠᠰᠢᠬᠯᠠᠬᠳᠠᠳᠠᠭ᠃        ᠣᠯᠠᠨ᠋ ᠢᠶᠠᠷ ᠵᠶ᠋ᠠᠨ‌ᠠᠵᠢᠯ  ᠡᠷᠢᠬᠦ ᠲᠡᠭᠡᠨ ᠵᠠᠪᠠᠯ ᠬᠠᠮᠢᠶᠠᠷᠤᠯᠳᠠ ᠨᠢ ᠵᠢᠷᠤᠮᠵᠢᠭᠤᠨ᠂ ᠨᠡᠷ᠎ᠡ  ᠬᠦᠨᠳᠦ ᠨᠢ ᠨᠡᠯᠢᠶᠡᠳ ᠰᠠᠶᠢᠨ ᠠᠵᠢᠯᠴᠢᠨ ᠡᠯᠰᠡᠬᠦ  ᠳᠠᠪᠴᠠᠩ ᠰᠣᠩᠭᠤᠬᠤ ᠴᠢᠬᠤᠯᠠᠳᠠᠢ᠃ ᠥᠨᠳᠥᠷ ᠴᠠᠯᠢᠩ ᠳᠤ ᠬᠠᠭᠤᠷᠳᠠᠬᠳᠠᠵᠤ᠂ ︽ᠤᠨᠠᠭᠤᠯᠢ︾  ᠮᠡᠬᠡᠨ ᠲᠤ ᠤᠷᠤᠬᠤ ᠠᠴᠠ ᠪᠤᠯᠭᠤᠮᠵᠢᠯᠠᠵᠦ᠂ ᠨᠠᠩ  ᠢᠯᠠᠩᠭᠤᠶ᠎ᠠ ᠡᠯ᠎ᠡ ᠵᠦᠶᠯ ᠎ ᠤᠨ ᠰᠦᠶᠳᠭᠡᠯ  ᠲᠤᠰᠢᠶᠠᠬᠤ  ᠬᠡᠯᠪᠡᠷᠢ ᠪᠠᠷ ᠮᠡᠬᠡᠯᠡᠬᠦ ᠠᠴᠠ ᠤᠨᠴᠠᠭᠠᠶᠢᠯᠠᠨ ᠬᠢᠴᠢᠶᠡᠬᠦ ᠴᠢᠬᠤᠯᠠᠳᠠᠢ᠃        ᠰᠦᠯᠵᠢᠶ᠎ᠡ ᠪᠠᠷ ᠠᠵᠢᠯᠲᠠᠨ ᠡᠯᠰᠡᠬᠦ ᠮᠡᠬᠡᠯᠡᠯ  ᠤᠨ ᠠᠷᠭ᠎ᠠ ᠪᠠᠰᠢᠷ ᠨᠢ ᠲᠥᠬᠦᠮ᠂ ᠥᠪᠡᠷ  ᠤᠨ ᠥᠷᠲᠡᠭ ᠨᠢ ᠳᠤᠤᠷ᠎ᠠ᠂ ᠴᠣᠬᠢᠯᠲᠠ  ᠦᠭᠬᠦ ᠲᠤ ᠨᠡᠯᠢᠶᠡᠳ ᠬᠦᠴᠢᠷᠲᠡᠶ ᠪᠠᠶᠢᠳᠠᠭ᠃ ᠵᠠᠷᠢᠮ ᠮᠡᠬᠡᠯᠡᠯ ᠨᠢ ᠵᠦᠪᠬᠡᠨ ᠬᠤᠶᠠᠷ ᠬᠡᠮᠵᠢᠯᠳᠤ ᠺᠤᠳ᠋  ᠢ ᠰᠢᠷᠪᠢᠬᠦ᠂ ᠡᠰᠡᠭᠦᠯ᠎ᠡ ᠠᠰᠠᠭᠤᠯᠳᠠ ᠶᠢ ᠬᠠᠷᠢᠭᠤᠯᠬᠤ ᠳᠠᠷᠤᠪᠴᠢ ᠶᠢ ᠳᠤᠪᠴᠢᠳᠠᠬᠰᠠᠭᠠᠷ ᠯᠡ ᠰᠦᠢᠳᠭᠡᠯ ᠬᠤᠷᠢᠶᠠᠬᠤ ᠠᠵᠢᠯᠯᠠᠭᠠᠨ᠋ ᠲᠤ ᠠᠯᠪᠠᠳᠠᠯᠭ᠎ᠠ ᠪᠠᠷ ᠤᠷᠤᠯᠴᠠᠭᠤᠯᠬᠤ ᠪᠤᠶᠦ ᠰᠢᠭᠤᠳ ᠵᠤᠭᠤᠰ ᠮᠦᠩᠬᠦ ᠪᠠᠨ ᠠᠯᠳᠠᠬᠤ ᠪᠤᠯᠤᠮᠵᠢ ᠲᠠᠢ ᠪᠠᠶᠢᠳᠠᠭ᠃ ᠠᠯᠪᠠᠨ  ᠲᠠᠯ᠎ᠠ ᠠᠴᠠ ᠠᠵᠢᠯᠴᠢᠨ ᠡᠯᠰᠡᠬᠦ ᠰᠦᠯᠵᠢᠶᠡᠨ  ᠤ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠦ᠂  ᠵᠦᠪᠰᠢᠶᠡᠷᠡᠨ‌ᠣᠷᠣᠭᠤᠯᠬᠤ ᠪᠠᠷᠢᠮᠵᠢᠶ᠎ᠠ ᠶᠢ  ᠳᠡᠭᠡᠭᠰᠢᠯᠡᠭᠦᠯᠦᠨ᠂ ᠮᠡᠳᠡᠭᠡ ᠵᠠᠩᠭᠢ ᠨᠡᠶᠢᠲᠡᠯᠡᠬᠦ ᠠᠭᠤᠯᠭ᠎ᠠ ᠬᠡᠯᠪᠡᠷᠢ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠴᠢᠬᠤᠯᠠᠳᠠᠢ ᠃ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠤᠨ ᠬᠢᠨ ᠰᠢᠨ᠎ᠡ ᠴᠠᠭ ᠦᠶ᠎ᠡ ᠶᠢᠨ ᠰᠢᠨ᠎ᠡ ᠪᠠᠶᠢᠳᠠᠯ ᠲᠤ ᠵᠤᠬᠢᠴᠠᠭᠤᠯᠤᠨ᠂ ᠠᠵᠢᠯ  ᠤᠨ ᠠᠷᠭ᠎ᠠ ᠪᠠᠷᠢᠯ  ᠤᠨ ᠰᠢᠨ᠎ᠡ ᠶᠢ ᠡᠭᠦᠳᠴᠦ᠂ ᠮᠡᠳᠡᠭᠡ ᠵᠠᠩᠭᠢ ᠨᠡᠶᠢᠲᠡᠯᠡᠬᠦ ᠬᠠᠤᠯᠢ ᠲᠣᠭ᠍ᠲᠠᠭᠠᠯ ᠠᠴᠠ ᠵᠥᠷᠢᠴᠡᠭ᠌ᠰᠡᠨ ᠠᠵᠢᠯᠯᠠᠭ᠎ᠠ ᠲᠤ ᠴᠢᠩᠭ᠎ᠠ ᠴᠣᠬᠢᠯᠲᠠ  ᠦᠭᠴᠦ᠂ ᠬᠠᠤᠯᠢ ᠶᠣᠰᠣᠨ᠋ ᠤ ᠡᠷᠬᠡ  ᠠᠰᠢᠭ ᠎ ᠢ ᠦᠨᠡᠨ ᠬᠦ ᠪᠠᠳᠤᠯᠠᠨ ᠬᠠᠮᠠᠭᠠᠯᠠᠪᠠᠯ ᠦᠷᠭᠡᠨ ᠤᠯᠠᠨ ᠬᠦᠯᠦᠰᠦᠨ  ᠠᠵᠢᠯᠲᠠᠳ ᠠᠵᠢᠯ ᠤᠯᠵᠦ ᠦᠢᠯᠡᠰ  ᠪᠤᠰᠬᠠᠬᠤ ᠳᠤ ᠰᠠᠶᠢᠨ ᠰᠠᠶᠢᠬᠠᠨ ᠤᠷᠴᠢᠨ ᠨᠦᠭᠦᠴᠡᠯ  ᠢ ᠪᠦᠷᠢᠯᠳᠦᠭᠦᠯᠵᠦ ᠦᠭᠬᠦ ᠨᠢ ᠳᠠᠮᠵᠢᠭ ᠦᠭᠡᠢ᠃  
 
ᠢᠷᠡᠯᠲᠡ᠄ ᠲᠤᠮᠳᠠᠳᠤ ᠤᠯᠤᠰ  ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2