ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  2022 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/7
800470.jpg
       3 ᠰᠠᠷ᠎ᠠ ᠶᠢᠨ 3᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2022 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ  ᠬᠤᠷᠠᠯ ᠬᠤᠷᠠᠯᠳᠤᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠲᠣᠭᠤᠷᠢᠭ ᠤᠨ ᠤᠳᠤᠷᠢᠳᠤᠯᠭ᠎ᠠ ᠶᠤᠤ ᠬᠠᠢ ᠮᠢᠩ᠂ ᠡᡁᠧ ᠷᠦᠨ ᠭᠧᠨ᠂ ᠸᠠᠩ ᠯᠢ ᠰᠢᠨ᠂ ᠭᠦᠸᠧ ᠬᠤᠩ ᠭᠤᠸᠠᠩ᠂ ᠶᠠᠩ ᠶᠦᠩ᠂ ᠯᠢ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ᠂ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ  ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠳᠤᠷᠠᠳᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃        ᠬᠤᠷᠠᠯ ᠠᠴᠠ ᠵᠢᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠤᠨ ᠬᠢᠨ ᠠᠮᠤ ᠪᠤᠳᠠᠭᠠᠨ ᠤ ᠠᠵᠢᠯ ᠢ ᠰᠠᠯᠠᠭ᠎ᠠ ᠮᠥᠴᠢᠷ ᠤᠨ ᠠᠵᠢᠯ ᠲᠠᠢ ᠵᠡᠷᠭᠡᠪᠡᠷ ᠰᠤᠳᠤᠯᠵᠤ᠂ ᠵᠡᠷᠭᠡᠪᠡᠷ ᠪᠠᠶᠢᠷᠢᠯᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠠᠮᠤ ᠪᠤᠳᠠᠭᠠᠨ ᠤ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠥᠨᠳᠥᠷ ᠳᠠᠷᠤᠯᠲᠠᠲᠤ ᠴᠡᠭᠴᠡᠯᠡᠨ ᠵᠠᠰᠠᠬᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠣᠨᠴᠠᠭᠠᠶᠢᠯᠠᠨ ᠨᠢᠭᠡ ᠰᠢᠶᠠᠩ ᠨᠢᠭᠡ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠤᠨ ᠬᠢᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠤᠳᠤᠷᠢᠳᠤᠮᠵᠢ᠂ ᠥᠭᠡᠷᠡᠴᠢᠯᠡᠯᠲᠡ ᠶᠢᠨ ᠴᠢᠭᠯᠡᠯ᠂ ᠠᠵᠢᠯ ᠤᠨ ᠬᠠᠨᠳᠤᠰᠢ ᠶᠢ ᠭᠦᠨᠵᠡᠭᠡᠢ ᠣᠶᠢᠯᠠᠭᠠᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠮᠠᠨ ᠤ ᠣᠷᠣᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠦᠴᠦᠯᠡᠬᠦ ᠴᠡᠭ ᠪᠣᠯᠭᠠᠵᠤ᠂ ᠤᠤᠯ ᠤᠨ ᠪᠠᠶᠢᠭᠰᠠᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠬᠤᠳᠠ ᠶᠢᠨ ᠲᠡᠭᠦᠷᠭᠡ ᠶᠢᠨ ᠬᠡᠯᠪᠡᠷᠢ ᠶᠢᠨ ᠬᠥᠳᠡᠭᠡ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠡᠨᠡ ᠵᠢᠯ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠨᠠᠷᠢᠨ ᠬᠢᠨᠠᠮᠠᠭᠠᠢ ᠰᠦᠪᠡᠭᠴᠢᠯᠡᠬᠦ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠬᠤᠭ ᠨᠣᠪᠰᠢ ᠪᠣᠬᠢᠷ ᠤᠰᠤ ᠶᠢ ᠵᠠᠰᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠬᠥᠳᠡᠭᠡ ᠲᠣᠰᠬᠤᠨ ᠤ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠬᠤ ᠬᠡᠷᠡᠭᠲᠡᠢ᠃        ᠬᠤᠷᠠᠯ ᠠᠴᠠ ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠴᠡᠭᠴᠡᠯᠡᠨ ᠵᠠᠰᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ︵ᠬᠢᠨᠠᠭᠤᠯᠬᠤ ᠨᠤᠤᠷᠠᠭ︶︾᠎ ᠢ ᠰᠤᠳᠤᠯᠤᠨ ᠬᠢᠨᠠᠨ ᠵᠥᠪᠯᠡᠵᠦ᠂ ᠬᠤᠶᠠᠳᠤᠭᠠᠷ ᠪᠦᠯᠦᠭ ᠤᠨ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠵᠦᠢᠯᠡᠰ᠂ ᠯᠣᠣ ᠬᠤ᠋ ᠱᠠᠨ ᠬᠦᠷᠬᠢᠷ᠎ᠡ ᠶᠢᠨ ᠠᠭᠤᠳᠠᠮ ᠲᠠᠯᠠᠪᠠᠢ ᠶᠢ ᠥᠭᠡᠷᠡᠴᠢᠯᠡᠬᠦ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠭᠦᠢᠴᠡᠳ ᠰᠤᠳᠤᠯᠤᠨ ᠮᠠᠭᠠᠳᠯᠠᠬᠤ ᠪᠠ ᠤᠯᠠᠨ ᠲᠠᠯ᠎ᠠ ᠪᠠᠷ ᠰᠤᠳᠤᠯᠤᠭᠰᠠᠨ ᠪᠠᠶᠢᠳᠠᠯ ᠳᠣᠣᠷ᠎ᠠ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠨᠠᠷᠢᠨ ᠬᠠᠭᠤᠳᠠᠰᠤ ᠪᠣᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠴᠢᠨᠠᠭᠰᠢᠳᠠ ᠵᠢᠭᠰᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠡᠭᠦᠷᠭᠡ ᠶᠢᠨ ᠪᠢᠴᠢᠭ ᠪᠣᠯᠤᠨ ᠴᠠᠭ ᠤᠨ ᠬᠦᠰᠦᠨᠦᠭᠲᠦ ᠶᠢ ᠲᠣᠳᠣᠷᠬᠠᠶᠢᠯᠠᠵᠤ᠂ ᠦᠨᠡᠨᠬᠦ ᠥᠭᠡᠷᠡᠴᠢᠯᠡᠨ ᠪᠣᠳᠠᠲᠠᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠬᠠᠮᠤᠭ ᠤᠨ ᠥᠨᠳᠥᠷ ᠪᠠᠷᠢᠮᠵᠢᠶ᠎ᠠ ᠪᠣᠯᠭᠠᠵᠤ᠂ ᠬᠡᠷᠡᠭ ᠢᠶᠠᠷ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠷᠬᠡ ᠶᠢ ᠳᠣᠷᠣᠭᠰᠢ ᠪᠠᠭᠤᠯᠭᠠᠬᠤ ᠠᠵᠢᠯ ᠢ ᠦᠨᠡᠨᠬᠦ ᠰᠠᠶᠢᠲᠤᠷ ᠬᠢᠵᠦ᠂ ︽ᠪᠠᠭᠤᠯᠭᠠᠬᠤ︾᠂ ︽ᠵᠣᠯᠭᠠᠭᠤᠯᠬᠤ︾᠂ ︽ᠠᠭᠤᠰᠤᠯᠴᠠᠭᠤᠯᠬᠤ︾᠎ ᠶᠢ ᠰᠠᠶᠢᠲᠤᠷ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠡᠭᠦᠷᠭᠡ ᠲᠤᠰᠢᠶᠠᠯ ᠢᠶᠠᠨ ᠭᠦᠶᠴᠡᠳᠬᠡᠬᠦ ᠳᠤ  ᠪᠠᠲᠤᠯᠠᠭ᠎ᠠ ᠶᠢ ᠬᠠᠩᠭᠠᠬᠤ ᠬᠡᠷᠡᠭᠲᠡᠶ᠃ ᠡᠷᠬᠡ ᠶᠢ ᠳᠣᠷᠣᠭᠰᠢ ᠪᠠᠭᠤᠯᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠪᠠᠷ ᠡᠭᠦᠷᠭᠡ ᠲᠤᠰᠢᠶᠠᠯ ᠢᠶᠠᠨ ᠭᠦᠶᠴᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠶᠢ ᠬᠠᠩᠭᠠᠬᠤ ᠬᠡᠷᠡᠭᠲᠡᠶ ᠃ ᠪᠣᠯᠪᠠᠰᠤᠷᠠᠭᠤᠯᠤᠯ ᠬᠢᠭᠡᠳ ᠦᠷᠭᠦᠯᠵᠢᠯᠡᠨ ᠵᠢᠯᠣᠭᠤᠳᠬᠤ ᠶᠢ ᠬᠠᠷᠢᠯᠴᠠᠨ ᠤᠶᠠᠯᠳᠤᠭᠤᠯᠵᠤ᠂ ᠰᠢᠯᠵᠢᠯᠲᠡ ᠶᠢᠨ ᠬᠤᠭᠤᠴᠠᠭᠠᠨ ᠤ ᠠᠵᠢᠯ ᠢ ᠰᠠᠶᠢᠲᠤᠷ ᠬᠢᠬᠦ ᠶᠢᠨ ᠬᠠᠮᠲᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠨᠢᠭᠡ ᠳᠤ ᠨᠢᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠪᠠ ᠠᠵᠢᠯ ᠤᠨ ᠡᠭᠦᠷᠭᠡ ᠶᠢ ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃        ᠬᠤᠷᠠᠯ ᠠᠴᠠ ᠴᠢᠬᠤᠯᠠᠴᠢᠯᠠᠭᠰᠠᠨ ᠨᠢ᠂ ᠯᠣᠣ ᠬᠤ᠋ ᠱᠠᠨ ᠬᠦᠷᠬᠢᠷ᠎ᠡ ᠶᠢᠨ ᠠᠭᠤᠳᠠᠮ ᠲᠠᠯᠠᠪᠠᠢ ᠶᠢ ᠥᠭᠡᠷᠡᠴᠢᠯᠡᠬᠦ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ ᠪᠠᠰᠠ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠡᠮᠬᠢᠯᠡᠵᠦ᠂ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠲᠥᠯᠥᠪᠵᠢᠭᠦᠯᠭᠡ ᠶᠢ ᠲᠡᠭᠦᠯᠳᠡᠷᠵᠢᠭᠦᠯᠬᠦ᠂ ᠵᠢᠷᠤᠭ ᠲᠥᠯᠥᠪᠯᠡᠭᠡ ᠶᠢ ᠨᠠᠷᠢᠯᠢᠬᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠤᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠵᠢᠨᠢᠩ ᠤᠨ ᠰᠣᠶᠣᠯ ᠤᠨ ᠣᠨᠴᠠᠯᠢᠭ ᠢ ᠳᠤᠪᠤᠶᠢᠯᠭᠠᠨ ᠰᠠᠶᠢᠲᠤᠷ ᠢᠯᠡᠷᠡᠭᠦᠯᠵᠦ᠂ ᠬᠤᠳᠠ ᠶᠢᠨ ᠰᠣᠶᠣᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠤᠳᠠ ᠶᠢᠨ ᠤᠢ ᠰᠠᠨᠠᠮᠵᠢ ᠶᠢ ᠨᠡᠩ ᠰᠠᠶᠢᠲᠤᠷ ᠬᠠᠳᠠᠭᠠᠯᠠᠬᠤ ᠬᠡᠷᠡᠭᠲᠡᠢ᠃        ᠬᠤᠷᠠᠯ ᠳᠡᠭᠡᠷ᠎ᠡ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ 2022 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠡᠢ᠃                       ᠵᠢᠷᠤᠭ᠄ ᠴᠢᠶᠤᠤ ᠮᠢᠨ                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2