ᠵᠢᠨᠢᠩ ᠲᠣᠭᠤᠷᠢᠭ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/11
700470.jpg
      4 ᠰᠠᠷ᠎ᠠ ᠶᠢᠨ 7᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2021 ᠣᠨ ᠤ ᠠᠵᠢᠯ ᠢ ᠬᠢᠨᠠᠮᠠᠭᠠᠢ ᠳ᠋ᠦᠩᠨᠡᠵᠦ᠂ ᠡᠨᠡ ᠵᠢᠯ ᠤᠨ ᠡᠯ᠎ᠡ ᠬᠦᠷᠢᠶᠡᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠪᠠᠷᠢᠮᠵᠢᠶ᠎ᠠ ᠬᠦᠰᠦᠨᠦᠭᠲᠦ ᠠᠴᠠ ᠰᠢᠨ᠎ᠡ ᠪᠠᠶᠢᠳᠠᠯ ᠢ ᠲᠠᠨᠢᠭᠤᠯᠵᠤ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠪᠠᠶᠢᠳᠠᠯ ᠢ ᠡᠭᠦᠳᠴᠦ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃      ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠲᠤᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠢᠴᠢ  ᠲᠤᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠳᠤᠷᠢᠳᠴᠤ᠂  ᠲᠤᠭᠤᠷᠢᠭ ᠤᠨ ᠰᠢᠭᠦᠬᠦ  ᠬᠤᠷᠢᠶ᠎ᠠ ᠪᠠᠶᠢᠴᠠᠭᠠᠬᠤ  ᠬᠤᠷᠢᠶ᠎ᠠ ᠶᠢᠨ ᠬᠤᠶᠠᠷ ᠳᠠᠷᠤᠭ᠎ᠠ ᠬᠤᠷᠠᠯ ᠳᠤ ᠣᠷᠣᠯᠴᠠᠪᠠ᠃      ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ ᠬᠤᠷᠠᠯ ᠢ ᠡᠷᠭᠢᠯᠡᠪᠡ᠃       ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠪᠦᠬᠦ ᠲᠤᠭᠤᠷᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠪᠠᠶᠢᠭᠤᠯᠤᠯᠲᠠ ᠶᠢᠨ ︽ᠳᠠᠭᠠᠭᠤᠯᠤᠭᠴᠢ︾᠎ ᠶᠢ ᠦᠷᠭᠦᠯᠵᠢᠯᠡᠨ ᠴᠢᠩᠭᠠᠳᠬᠠᠵᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠬᠠᠮᠤᠭ ᠤᠨ ᠬᠦᠴᠦᠷᠬᠡᠭ ᠳᠠᠶᠢᠴᠢᠨ ᠬᠦᠴᠦᠨ ᠢ ᠬᠥᠭᠵᠢᠭᠡᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠵᠤ᠂ ᠺᠠᠳ᠋ᠷ ᠤᠨ ᠡᠩᠨᠡᠭᠡ ᠶᠢ ᠰᠢᠨᠲᠠᠷᠠᠰᠢ ᠦᠭᠡᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ︽ᠳᠠᠭᠤ ᠬᠤᠭᠤᠯᠠᠶ︾᠎ ᠶᠢ ᠰᠠᠶᠢᠲᠤᠷ ᠬᠠᠮᠢᠶᠠᠷᠴᠤ᠂ ᠴᠠᠭ ᠦᠶ᠎ᠡ ᠶᠢᠨ ᠬᠥᠭ ᠠᠶᠠᠰ ᠢ ᠬᠠᠩᠭᠢᠨᠠᠭᠤᠯᠤᠨ ᠬᠠᠮᠤᠭ ᠤᠨ ᠴᠢᠩᠭ᠎ᠠ ᠡᠶᠡᠷᠭᠦ ᠡᠨᠧᠷᠭᠢ ᠶᠢ ᠳᠠᠮᠵᠢᠭᠤᠯᠵᠤ᠂ ᠦᠵᠡᠯ ᠰᠠᠨᠠᠭᠠᠨ ᠤ ᠵᠢᠯᠣᠭᠤᠳᠣᠯᠭ᠎ᠠ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠢᠯᠠᠩᠭᠤᠶ᠎ᠠ ᠨᠠᠮ ᠤᠨ ᠬᠤᠷᠢᠳᠤᠭᠠᠷ ᠶᠡᠭᠡ ᠬᠤᠷᠠᠯ ᠭᠡᠬᠦ ᠡᠨᠡ ᠬᠦ ᠭᠤᠣᠯ ᠰᠢᠵᠢᠮ ᠢ ᠤᠭᠲᠤᠬᠤ᠂ ᠤᠬᠠᠭᠤᠯᠬᠤ᠂  ᠲᠤᠭᠤᠰᠢᠯᠠᠭᠤᠯᠬᠤ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠠᠷᠪᠠᠨ ᠵᠢᠯ ᠤᠨ ᠲᠤᠷᠰᠢ ᠡᠭᠦᠳᠦᠭᠰᠡᠨ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠭᠦᠨᠵᠡᠭᠡᠶ ᠤᠬᠠᠭᠤᠯᠤᠨ ᠲᠠᠶᠢᠯᠪᠤᠷᠢᠯᠠᠵᠤ᠂ ᠪᠦᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠦᠨᠡᠨᠬᠦ ᠪᠠᠲᠤᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠪᠣᠯᠪᠠᠰᠤᠨ ᠰᠢᠨ᠎ᠡ ᠰᠤᠷᠲᠠᠯ ᠢ ᠪᠤᠶᠢᠵᠢᠭᠤᠯᠬᠤ ᠲᠠᠯ᠎ᠠ ᠪᠠᠷ ᠰᠢᠨ᠎ᠡ ᠠᠷᠭ᠎ᠠ ᠤᠬᠠᠭᠠᠨ ᠭᠠᠷᠭᠠᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡᠳᠦᠮᠡᠯ ᠹᠷᠣᠨᠲ ᠤᠨ ︽ᠡᠷᠳᠡᠨᠢ︾᠎ ᠶᠢ ᠰᠠᠶᠢᠲᠤᠷ ᠬᠡᠷᠡᠭᠯᠡᠵᠦ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠠᠮᠤᠭ ᠤᠨ ᠲᠣᠮᠣ ᠢᠵᠢᠯᠢ ᠲᠥᠪᠲᠦ ᠲᠣᠭᠤᠷᠢᠭ ᠢ ᠵᠢᠷᠤᠭᠰᠠᠨ ᠤᠯᠤᠰ ᠲᠥᠷᠥ ᠶᠢᠨ ᠨᠢᠭᠡᠳᠦᠮᠡᠯ ᠹᠷᠣᠨᠲ ᠢ ᠦᠷᠭᠦᠯᠵᠢᠯᠡᠨ ᠰᠠᠶᠢᠲᠤᠷ ᠠᠳᠬᠤᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠶ ᠪᠣᠯᠭᠠᠵᠤ᠂ ᠢᠮᠠᠭᠲᠠ ᠭᠤᠣᠯᠳᠠᠯᠭ᠎ᠠ᠂ ᠶᠡᠭᠡ ᠲᠠᠯ᠎ᠠ ᠶᠢᠨ ᠬᠡᠷᠡᠭᠴᠡᠭᠡ ᠶᠢ ᠨᠢᠭᠡᠳᠦᠮᠡᠯ ᠹᠷᠣᠨᠲ ᠤᠨ ᠳᠠᠷᠤᠭ᠎ᠠ ᠲᠠᠢ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠵᠢᠨᠢᠩ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠣᠷᠣᠯᠴᠠᠬᠤ ᠶᠢᠨ ᠬᠠᠮᠲᠤ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾᠎ ᠢ ᠡᠭᠦᠳᠦᠨ ᠪᠠᠶᠢᠭᠤᠯᠬᠤ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠨᠢᠭᠡᠳᠦᠮᠡᠯ ᠹᠷᠣᠨᠲ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ᠂ ᠨᠠᠮ ᠵᠠᠰᠠᠭ ᠂ ᠤᠯᠠᠨ ᠲᠦᠮᠡᠨ ᠤ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠦᠨᠡᠨ ᠬᠦ ᠭᠦᠢᠴᠡᠳ ᠳᠠᠶᠢᠴᠢᠯᠠᠪᠠ᠃ ᠤᠯᠤᠰ ᠲᠥᠷᠥ ᠬᠠᠤᠯᠢ ᠴᠠᠭᠠᠵᠠ ᠶᠢᠨ ︽ᠬᠤᠷᠴᠠ ᠰᠡᠯᠡᠮ᠎ᠡ︾᠎ ᠶᠢ ᠳᠠᠪᠲᠠᠨ ᠪᠣᠯᠪᠠᠰᠤᠷᠠᠭᠤᠯᠵᠤ᠂ ᠬᠠᠤᠯᠢᠵᠢᠯ ᠤᠨ ᠰᠠᠭᠤᠷᠢ ᠶᠢ ᠪᠠᠬᠢᠵᠢᠭᠦᠯᠵᠦ᠂ ᠬᠠᠮᠤᠭ ᠤᠨ ᠶᠡᠭᠡ ᠨᠢᠭᠲᠠᠷᠠᠭᠤᠯᠬᠤ ᠬᠦᠴᠦᠨ ᠢ ᠢᠯᠡᠷᠡᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠳᠤ ᠠᠩᠬᠠᠷᠤᠯ ᠲᠥᠪᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠦᠨᠡᠨᠬᠦ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠵᠤ᠂ ᠠᠮᠤᠷ ᠠᠮᠤᠭᠤᠯᠠᠩ  ᠵᠢᠨᠢᠩ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢᠵᠢᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠡᠷᠡᠭ ᠰᠢᠢᠳᠪᠦᠷᠢᠯᠡᠬᠦ ᠡᠷᠬᠡ ᠶᠢᠨ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠥᠨᠳᠥᠷ ᠪᠦᠲᠦᠮᠵᠢᠲᠡᠢ ᠠᠵᠢᠯᠯᠠᠭᠠᠨ ᠢ ᠲᠠᠰᠤᠷᠠᠯᠲᠠ ᠦᠭᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ ᠭᠡᠵᠡᠢ ᠃        ᠬᠤᠷᠠᠯ ᠠᠴᠠ᠂ ᠰᠢᠨ᠎ᠡ ᠪᠠᠶᠢᠳᠠᠯ ᠳᠣᠣᠷᠠᠬᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠨᠢ  ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠪᠦᠷᠢᠯᠳᠦᠬᠦᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠱᠢᠶᠡᠴᠢ ᠳᠠᠭᠤᠷᠢᠶᠠᠯ ᠪᠤᠯᠵᠤ᠂ ᠴᠠᠭᠠᠷᠠᠭᠰᠠᠨ ᠴᠢᠳᠠᠪᠤᠷᠢ ᠪᠠᠷ ᠢᠶᠠᠨ ᠬᠦᠨᠳᠦ ᠡᠭᠦᠷᠭᠡ ᠶᠢ ᠡᠭᠦᠷᠭᠡᠯᠡᠵᠦ᠂ ᠬᠠᠷᠢᠭᠤᠴᠠᠯᠭᠠᠲᠤ ᠣᠪᠣᠷ ᠢᠶᠠᠷ ᠠᠵᠢᠯ ᠢᠶᠠᠨ ᠰᠠᠶᠢᠲᠤᠷ ᠠᠳᠬᠤᠵᠤ᠂ ᠵᠢᠨᠢᠩ ᠤᠨ ᠪᠦᠳᠦᠭᠡᠨ ᠪᠠᠶᠢᠭᠤᠯᠤᠯᠲᠠ ᠳᠤ ᠬᠠᠮᠲᠤᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ  ᠵᠢᠭᠠᠪᠠ᠃      ᠬᠤᠷᠠᠯ ᠳᠡᠭᠡᠷ᠎ᠡ᠂  ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠱᠦᠨ  ᠯᠢ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ ᠹᠸᠡᠭ ᠲᠣᠰ ᠲᠣᠰ 2021 ᠣᠨ ᠤ ᠤᠯᠤᠰ ᠲᠥᠷᠥ ᠬᠠᠤᠯᠢ ᠴᠠᠭᠠᠵᠠ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠳ᠋ᠦᠩᠨᠡᠵᠦ᠂ 2022 ᠣᠨ ᠤ ᠡᠯ᠎ᠡ ᠬᠦᠷᠢᠶᠡᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃      ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠭ ᠤᠨ ᠪᠦᠷᠢᠯᠳᠦᠬᠦᠨ ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠰᠢᠶᠠᠩ ᠪᠠᠯᠭᠠᠰᠤ  ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠨᠠᠮ ︵ᠠᠵᠢᠯᠴᠢᠨ︶᠎ ᠤᠨ  ᠬᠤᠷᠢᠶ᠎ᠠ  ᠶᠢᠨ ᠳᠡᠳ᠋ ᠱᠦᠵᠢ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠪᠠ᠃                            ᠵᠢᠷᠤᠭ᠄ ᠭᠦᠸᠧ ᠸᠧᠨ ᠵᠢᠶᠧ                            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2