ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ  ᠬᠤᠷᠢᠶ᠎ᠠ ᠶᠢᠨ 2022 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 4 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 1 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/11
800470.jpg
       4 ᠰᠠᠷ᠎ᠠ ᠶᠢᠨ 7᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ  ᠬᠤᠷᠢᠶ᠎ᠠ ᠶᠢᠨ 2022 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 4 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 1 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ 3 ᠳ᠋ᠤᠭᠠᠷ ᠰᠠᠷ᠎ᠠ ᠶᠢᠨ 17᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠨᠠᠶᠢᠳᠠᠪᠤᠷᠢᠵᠢᠭᠤᠯᠬᠤ ᠰᠠᠨᠠᠯ ᠢ ᠳᠤᠷᠠᠳᠤᠨ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠵᠤ᠂ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠬᠤ ᠲᠤᠬᠠᠶ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨᠬᠦ  ᠤᠯᠠᠨ᠂  ᠬᠡᠪᠴᠢᠶ᠎ᠡ ᠥᠷᠭᠡᠨ᠂ ᠣᠯᠠᠨᠲᠠ ᠡᠭᠦᠰᠬᠦ ᠣᠨᠴᠠᠯᠢᠭ ᠲᠠᠢ ᠪᠠᠶᠢᠨ᠎ᠠ᠂ ᠣᠨᠴᠠᠭᠠᠶᠢᠯᠠᠨ ᠱᠠᠩᠬᠠᠢ᠂ ᠴᠠᠩᠴᠦ᠋ᠨ᠂ ᠬᠢᠷᠢᠨ ᠵᠡᠷᠭᠡ ᠭᠠᠵᠠᠷ ᠲᠤ ᠡᠳᠦᠷ ᠪᠦᠷᠢ ᠣᠨᠣᠰᠢᠯᠠᠯᠲᠠ ᠶᠢᠨ ᠡᠪᠡᠳᠴᠢᠨ ᠤ ᠵᠢᠱᠢᠶ᠎ᠡ ᠶᠢ ᠶᠡᠬᠡᠪᠡᠷ ᠨᠡᠮᠡᠭᠳᠡᠭᠦᠯᠵᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠰᠡᠷᠭᠡᠶᠢᠯᠡᠨ ᠡᠵᠡᠮᠳᠡᠬᠦ ᠬᠦᠴᠢᠷᠳᠡᠯ ᠦᠷᠭᠦᠯᠵᠢᠯᠡᠨ ᠨᠡᠮᠡᠭᠳᠡᠵᠦ᠂ ᠮᠠᠨ ᠤ ᠲᠤᠭᠤᠷᠢᠭ ᠤᠨ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ︾ ᠠᠵᠢᠯ ᠳᠤ ᠰᠡᠷᠡᠮᠵᠢ ᠶᠢᠨ ᠲᠤᠬᠢᠶ᠎ᠠ ᠶᠢ ᠳᠤᠤᠭᠠᠷᠭᠠᠵᠤ᠂ ᠰᠢᠯᠭᠠᠯᠲᠠ ᠶᠢ ᠠᠪᠴᠢᠷᠠᠭᠰᠠᠨ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠥᠴᠦᠬᠡᠨ ᠴᠦ ᠠᠯᠳᠠᠰᠢ ᠥᠬᠡᠶ ︾ ᠪᠠᠶᠢᠬᠤ ᠪᠠ ︽ᠥᠴᠦᠬᠡᠨ ᠴᠦ ᠬᠢᠵᠢᠭ ᠤᠨ ᠪᠠᠶᠢᠳᠠᠯ ᠥᠬᠡᠶ︾ ᠪᠠᠶᠢᠬᠤ ᠨᠢ ︽ᠥᠴᠦᠬᠡᠨ ᠴᠦ ᠠᠶᠤᠯ ᠲᠦᠭᠰᠢᠭᠦᠷᠢ ᠥᠬᠡᠶ︾᠎ ᠶᠢ ᠲᠥᠯᠥᠭᠡᠯᠡᠬᠦ ᠥᠬᠡᠶ ᠂ ᠦᠵᠡᠯ ᠤᠬᠠᠮᠰᠠᠷ ᠎ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ᠂ ᠲᠡᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠪᠠ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠴᠢᠩᠭ᠎ᠠ ᠪᠥᠭᠡᠳ ᠨᠠᠷᠢᠨ᠂  ᠪᠣᠳᠠᠲᠠᠶ ᠰᠠᠶᠢᠲᠤᠷ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠥᠰᠦᠯ ᠪᠣᠯᠤᠨ ᠪᠡᠯᠡᠳᠬᠡᠯ ᠲᠥᠰᠦᠯ ᠢ ᠤᠯᠠᠮ ᠴᠢᠨᠠᠭᠰᠢᠳᠠ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠬᠦᠴᠦᠨ ᠢᠶᠠᠨ ᠴᠢᠩᠭᠠᠳᠬᠠᠵᠤ᠂ ᠶᠠᠪᠤᠴᠠ ᠶᠢ ᠰᠢᠯᠢᠳᠡᠭᠵᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠬᠦᠴᠦᠲᠡᠢ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂  ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠠᠮᠠᠪᠴᠢ ᠵᠡᠭᠦᠬᠦ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ ᠂ ︽ᠥᠪᠡᠷ ᠤᠨ ᠡᠭᠦᠳᠡ ᠪᠠᠨ ᠰᠠᠶᠢᠲᠤᠷ ᠬᠠᠮᠢᠶᠠᠷᠴᠤ᠂ ᠥᠪᠡᠷ ᠤᠨ ᠬᠥᠮᠦᠨ ᠢᠶᠠᠨ ᠰᠠᠶᠢᠲᠤᠷ ᠬᠠᠷᠠᠭᠠᠯᠵᠠᠵᠤ᠂ ᠥᠪᠡᠷ ᠤᠨ ᠬᠠᠷᠢᠭᠤᠴᠠᠯᠭ᠎ᠠ ᠪᠠᠨ ᠰᠠᠶᠢᠲᠤᠷ ᠰᠠᠬᠢᠬᠤ︾᠎ ᠶᠢ ᠦᠨᠡᠨᠬᠦ ᠪᠡᠶᠡᠯᠡᠭᠦᠯᠵᠦ᠂ ᠳᠠᠯᠳᠠ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠮᠢᠶ᠎ᠠ ᠪᠥᠬᠦᠶ ᠨᠢᠭᠡᠴᠡ ᠶᠢ ᠳᠠᠭᠠᠭᠤᠯᠤᠨ ᠬᠠᠯᠠᠭᠤᠷᠠᠯ ᠤᠨ ᠡᠭᠦᠳᠡᠨ ᠡᠮᠨᠡᠯᠭᠡ᠂ ᠬᠠᠯᠠᠭᠤᠷᠠᠯ ᠤᠨ ᠡᠮ ᠵᠢᠴᠢ ᠡᠮ ᠤᠨ ᠳᠡᠯᠭᠡᠭᠦᠷ ᠤᠨ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠷ ᠰᠠᠶᠢᠲᠤᠷ ᠠᠳᠬᠤᠵᠤ᠂ ᠬᠠᠯᠠᠭᠤᠷᠠᠭᠰᠠᠨ ᠡᠪᠡᠳᠴᠢᠲᠡᠨ ᠢ ᠠᠩᠬ᠎ᠠ ᠣᠨᠣᠰᠢᠯᠠᠬᠤ ᠶᠢ ᠬᠠᠷᠢᠭᠤᠴᠠᠬᠤ ᠲᠦᠷᠢᠮ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠲᠦᠷᠢᠮ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠲᠦᠷᠢᠮ ᠂ ᠡᠮᠨᠡᠯᠭᠡ ᠶᠢᠨ ᠬᠤᠷᠢᠶ᠎ᠠ ᠶᠢᠨ ᠰᠡᠷᠡᠯ ᠢ ᠰᠡᠷᠭᠡᠶᠢᠯᠡᠨ ᠡᠵᠡᠮᠳᠡᠬᠦ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠬᠠᠷᠠᠭᠤᠯ ᠤᠨ ᠭᠠᠵᠠᠷ︾᠎ ᠤᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠦᠶᠯᠡᠳᠦᠯ ᠢ ᠦᠨᠡᠨᠬᠦ ᠪᠠᠳᠠᠷᠠᠭᠤᠯᠵᠤ ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠬᠡᠷᠡᠭᠲᠡᠶ᠃     ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠰᠠᠶᠢᠳ ᠯᠢ ᠺᠧ ᠴᠢᠶᠠᠩ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ᠂ ᠣᠳᠣᠬᠠᠨ ᠳᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠮᠥᠨᠴᠦ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠤᠷᠬᠢᠯ ᠤᠨ ᠬᠤᠭᠤᠴᠠᠭ᠎ᠠ ᠪᠣᠯᠤᠨ᠎ᠠ᠂ ᠮᠠᠨ ᠤ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠨᠡᠩ ᠬᠦᠨᠳᠦ᠂ ᠡᠭᠦᠷᠭᠡ ᠨᠡᠩ ᠬᠠᠲᠠᠭᠤ ᠪᠡᠷᠬᠡ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠲᠠᠰᠤᠷᠠᠯᠳᠡ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠡᠩ ᠤᠨ ᠴᠠᠭ ᠲᠠᠭᠠᠨ ᠭᠤᠣᠯᠳᠠᠭᠤᠯᠵᠤ᠂ ᠡᠳᠦᠷ ᠲᠤᠳᠤᠮ ᠤᠨ ᠠᠵᠢᠯ ᠳᠠᠭᠠᠨ ᠠᠳᠬᠤᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ᠃ ᠳᠡᠭᠡᠳᠦ ᠱᠠᠲᠤᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠳᠠᠷᠤᠢ ᠲᠦᠷᠭᠡᠨ ᠪᠦᠬᠦ  ᠲᠤᠭᠤᠷᠢᠭ ᠤᠨ ᠠᠰᠠᠭᠤᠳᠠᠯ ᠤᠨ ᠬᠡᠮ ᠰᠣᠭᠤᠭ ᠢ ᠶᠡᠬᠡᠪᠡᠷ ᠪᠠᠶᠢᠴᠠᠭᠠᠬᠤ᠂ ᠶᠡᠬᠡᠪᠡᠷ ᠡᠬᠢᠯᠡᠬᠦ᠂ ᠶᠡᠬᠡᠪᠡᠷ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠦᠨᠵᠡᠭᠡᠢ ᠪᠠᠶᠢᠴᠠᠭᠠᠵᠤ ᠨᠠᠷᠢᠨ ᠪᠠᠶᠢᠴᠠᠭᠠᠬᠤ᠂ ᠡᠷᠲᠡ ᠵᠠᠰᠠᠵᠤ ᠲᠦᠷᠭᠡᠨ ᠵᠠᠰᠠᠬᠤ ᠶᠢ ᠥᠷᠨᠢᠭᠦᠯᠵᠦ᠂ ᠴᠢᠬᠤᠯᠠ ᠶᠡᠭᠡ ᠠᠰᠠᠭᠤᠳᠠᠯ ᠤᠨ ᠬᠡᠮ ᠰᠣᠭᠤᠭ ᠢ ᠪᠦᠬᠦ ᠬᠦᠴᠦᠨ ᠢᠶᠠᠷ ᠢᠶᠠᠨ ᠦᠨᠳᠦᠰᠦᠨ ᠠᠴᠠ ᠨᠢ ᠵᠠᠰᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠡᠬᠢ ᠡᠭᠦᠰᠦᠯ ᠤᠨ ᠪᠣᠭᠤᠮᠲᠠ᠂ ᠬᠢᠨᠠᠨ ᠬᠡᠮᠵᠢᠬᠦ ᠪᠣᠭᠤᠮᠲᠠ᠂ ᠬᠠᠮᠢᠶᠠᠷᠤᠨ ᠡᠵᠡᠮᠳᠡᠬᠦ ᠪᠣᠭᠤᠮᠲᠠ ᠶᠢ ᠴᠢᠩᠭ᠎ᠠ ᠴᠢᠩᠭ᠎ᠠ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃     ᠬᠤᠷᠠᠯ ᠠᠴᠠ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠥᠷᠨᠢᠭᠦᠯᠦᠭᠰᠡᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠤ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠤᠯᠠᠭᠠᠨᠴᠠᠪ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ 2021 ᠣᠨ ᠤ ᠬᠢᠷᠢ ᠪᠦᠲᠦᠮᠵᠢ ᠶᠢ ᠰᠢᠯᠭᠠᠨ ᠦᠨᠡᠯᠡᠭᠰᠡᠨ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ  ᠵᠢᠭᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠨᠢᠭᠡᠨ ᠤᠷᠲᠤ ᠬᠤᠭᠤᠴᠠᠭᠠᠨ ᠤ ᠤᠯᠤᠰ ᠲᠥᠷᠥ ᠶᠢᠨ ᠡᠭᠦᠷᠭᠡ ᠮᠥᠨ᠂ ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠪᠠᠶᠢᠬᠤ ᠦᠭᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠳ᠋ᠦᠩᠨᠡᠯᠲᠡ ᠶᠢᠨ ᠮᠡᠳᠡᠭᠦᠯᠦᠯᠲᠡ︾᠎ ᠶᠢᠨ ᠭᠤᠣᠯ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠢᠯᠡᠳᠬᠡᠯ︾᠎ ᠢ ᠴᠠᠭ ᠲᠤᠬᠠᠢ ᠳᠤᠨᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ᠂ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠤᠨ ᠰᠤᠷᠤᠯᠴᠠᠬᠤ ᠰᠡᠳᠦᠪ ᠪᠣᠯᠭᠠᠨ ᠤᠯᠠᠮᠵᠢᠯᠠᠵᠤ᠂ ᠮᠠᠨ ᠤ  ᠲᠤᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠲᠤᠪᠤᠶᠢᠯᠭᠠᠵᠦ᠂ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠴᠢᠬᠤᠯᠠᠴᠢᠯᠠᠵᠤ ᠂ ᠦᠢᠯᠡᠳᠦᠯᠭᠡ ᠶᠢ ᠨᠡᠩ ᠪᠦᠲᠦᠮᠵᠢᠲᠡᠢ ᠪᠠᠷ ᠵᠢᠯᠣᠭᠤᠳᠴᠤ᠂ ᠠᠵᠢᠯ ᠢᠶᠠᠨ ᠠᠬᠢᠭᠤᠯᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠦᠷᠭᠦᠯᠵᠢᠯᠡᠨ ᠰᠡᠳᠬᠢᠯ ᠲᠠᠯᠪᠢᠵᠤ ᠬᠦᠴᠦ ᠣᠷᠣᠭᠤᠯᠤᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ ᠵᠢᠨᠢᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠬᠤᠷᠠᠯ ᠠᠴᠠ ᠵᠢᠭᠠᠭᠰᠠᠨ ᠨᠢ᠂ ᠵᠢᠨᠢᠩ ᠲᠣᠭᠤᠷᠢᠭ ᠨᠢ ᠤᠯᠠᠭᠠᠨᠴᠠᠪ ᠬᠤᠲᠠ ᠶᠢᠨ ᠭᠤᠤᠯ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠨᠡᠷ᠎ᠡ ᠨᠢᠳᠡᠷ ᠲᠡᠭᠡᠨ ᠨᠡᠶᠢᠴᠡᠭᠰᠡᠨ ᠭᠤᠤᠯ ᠵᠢᠭᠰᠠᠭᠠᠯ ᠤᠨ ᠭᠠᠵᠠᠷ᠂ ᠭᠤᠤᠯ ᠲᠡᠶᠢᠨ ᠤ ᠲᠠᠯᠠᠪᠤᠷ ᠪᠣᠯᠤᠨ᠎ᠠ᠂ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠮᠥᠨ ᠬᠦ ᠳᠤᠲᠠᠭᠤᠳᠠᠯ ᠪᠠᠭᠤᠷᠠᠶ ᠲᠠᠯ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ︽  ᠲᠤᠤᠷᠵᠢᠭᠤᠯᠤᠭᠰᠠᠨ ᠮᠠᠶ᠋ᠢᠭ︾᠎ ᠢᠶᠠᠷ ᠵᠢᠭᠰᠠᠭᠠᠨ ᠪᠠᠶᠢᠴᠠᠭᠠᠬᠤ ᠶᠢ ᠳᠠᠬᠢᠨᠲᠠ ᠥᠷᠨᠢᠭᠦᠯᠵᠦ᠂ ᠨᠢᠭᠡ ᠨᠢᠭᠡ ᠪᠠᠷ ︽ᠰᠠᠶᠢᠵᠠᠳᠠᠵᠤ︾᠂ ︽ᠭᠤᠭᠤᠵᠢᠭᠳᠠᠭᠰᠠᠨ ᠵᠦᠶᠯ ᠢ ᠪᠠᠶᠢᠴᠠᠭᠠᠵᠤ︾᠂ ︽ᠳᠤᠲᠠᠭᠤᠳᠠᠯ ᠢ ᠨᠥᠬᠦᠪᠥᠷᠢᠯᠡᠵᠦ︾᠂ ᠨᠠᠷᠢᠨ ᠵᠦᠶᠯᠡᠰ ᠢ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠵᠦᠶᠯ ᠤᠨ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃  ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠨᠢ ᠡᠯ᠎ᠡ ᠨᠢᠭᠡᠴᠡ ᠰᠠᠯᠠᠭ᠎ᠠ ᠮᠥᠴᠢᠷ ᠢ ᠳᠠᠭᠠᠭᠤᠯᠤᠨ ᠵᠦᠶᠯ ᠵᠤᠷᠪᠤᠰ ᠳᠠᠷᠠᠭᠠᠯᠠᠨ ᠬᠠᠷᠢᠴᠠᠭᠤᠯᠤᠨ ᠡᠮᠬᠢᠯᠡᠵᠦ᠂ ᠰᠢᠨ᠎ᠡ ᠪᠠᠷ ᠨᠡᠮᠡᠭᠰᠡᠨ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠮᠠᠨ ᠤ ᠲᠤᠭᠤᠷᠢᠭ ᠤᠨ ᠬᠤᠲᠠ ᠪᠠᠶᠢᠭᠤᠯᠬᠤ ᠲᠥᠰᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠵᠢᠯ ᠤᠨ ᠡᠭᠦᠷᠭᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ ᠪᠠᠭ᠎ᠠ ᠪᠠᠭ᠎ᠠ ᠪᠠᠷ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠬᠡᠷᠡᠭᠲᠡᠶ ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠤᠨ ᠪᠠᠶᠢᠩᠭᠤᠵᠢᠯᠲᠠ ᠶᠢ ᠪᠠᠬᠢᠵᠢᠭᠦᠯᠵᠦ᠂ ᠰᠢᠯᠭᠠᠨ ᠦᠨᠡᠯᠡᠬᠦ ᠪᠠᠷ ᠬᠠᠷᠠᠯᠲᠠ ᠪᠣᠯᠭᠠᠬᠤ ᠦᠭᠡᠢ᠂ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠂ ᠴᠥᠬᠦᠷᠡᠰᠢ ᠦᠭᠡᠢ ᠪᠠᠶᠢᠩᠭᠤ ᠠᠳᠬᠤᠬᠤ᠂ ᠤᠷᠳᠤ ᠬᠤᠭᠤᠴᠠᠭ᠎ᠠ ᠪᠠᠷ ᠴᠢᠷᠮᠠᠶᠢᠬᠤ ᠶᠢ ᠪᠠᠷᠢᠮᠲᠠᠯᠠᠵᠤ᠂ ᠣᠯᠤᠭᠰᠠᠨ ᠠᠮᠵᠢᠯᠲᠠ ᠪᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ ᠨᠠᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠡᠮᠦᠨ᠎ᠡ ᠹᠷᠣᠨᠲ ᠲᠤ ᠵᠢᠯᠤᠭᠤᠳᠤᠯᠭ᠎ᠠ ᠬᠢᠵᠦ᠂ ᠪᠠᠶᠢᠩᠭᠤᠵᠢᠭᠤᠯᠤᠯᠲᠠ ᠶᠢ ᠪᠠᠲᠤᠯᠠᠵᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠥᠪᠯᠡᠷᠡᠯ ᠤᠨ ᠴᠡᠭ᠂ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠳᠠ ᠪᠠᠶᠢᠭᠤᠯᠬᠤ ᠠᠵᠢᠯ ᠢ  ᠱᠠᠯᠠᠪᠳᠠᠭᠤᠯᠤᠨ ᠪᠠᠶᠢᠴᠠᠭᠠᠵᠤ᠂ ᠪᠦᠬᠦ  ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠢ  ᠵᠢᠱᠢᠶ᠎ᠡ ᠦᠵᠡᠭᠦᠯᠦᠨ ᠲᠠᠶᠢᠴᠢᠯᠠᠵᠤ ᠪᠠᠶᠢᠭᠠᠳ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠭᠡᠵᠦ  ᠵᠢᠭᠠᠪᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠪᠦᠭᠦᠳᠡᠭᠡᠷ ᠬᠥᠳᠡᠯᠦᠯᠴᠡᠵᠦ᠂ ᠠᠵᠢᠯ ᠨᠢᠭᠡᠪᠦᠷᠢ ᠶᠢ ᠪᠣᠳᠠᠲᠠᠶ ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠤᠨ᠂ ᠶᠠᠪᠤᠳᠠᠯ ᠪᠣᠯᠭᠠᠨ ᠢ ᠬᠠᠮᠢᠶᠠᠷᠬᠤ ᠬᠥᠮᠦᠨ ᠲᠠᠢ᠂ ᠶᠠᠪᠤᠳᠠᠯ ᠪᠣᠯᠭᠠᠨ ᠢ ᠠᠳᠬᠤᠬᠤ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃            ᠬᠤᠷᠠᠯ ᠠᠴᠠ ᠪᠠᠰᠠ ᠲᠥᠪ  ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠵᠢᠨᠢᠩ ᠲᠣᠭᠤᠷᠢᠭ ᠤᠨ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠬᠤ︾ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠢ ᠬᠠᠮᠢᠶ᠎ᠠ ᠪᠦᠬᠦᠢ ᠲᠥᠰᠦᠯ ᠢ ᠰᠤᠳᠤᠯᠤᠨ ᠬᠢᠨᠠᠨ ᠵᠥᠪᠯᠡᠪᠡ ᠃ ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠠᠮᠢᠶ᠎ᠠ ᠪᠦᠬᠦᠢ ᠲᠥᠰᠦᠯ ᠢ ᠰᠤᠳᠤᠯᠤᠨ ᠬᠢᠨᠠᠨ ᠵᠥᠪᠯᠡᠪᠡ ᠃ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ 2022 ᠣᠨ ᠤ ᠠᠵᠢᠯ ᠤᠨ ᠭᠤᠣᠯᠳᠠᠯᠭ᠎ᠠ ᠶᠢᠨ ᠬᠠᠮᠢᠶ᠎ᠠ ᠪᠦᠬᠦᠢ ᠲᠥᠰᠦᠯ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃                         ᠵᠢᠷᠤᠭ᠄ ᠴᠢᠶᠤᠤ  ᠮᠢᠨ                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2