ᠵᠢᠨᠢᠩ ᠲᠣᠭᠤᠷᠢᠭ 2022 ᠣᠨ ᠤ ᠤᠯᠤᠰ ᠤᠨ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/14
微信图片_20220414092142.jpg
     4 ᠳ᠋ᠦ᠋ᠭᠡᠷ ᠰᠠᠷ᠎ᠠ ᠶᠢᠨ 13᠎ ᠤ ᠡᠳᠦᠷ᠂ ᠵᠢᠨᠢᠩ ᠲᠣᠭᠤᠷᠢᠭ 2022 ᠣᠨ ᠤ ᠤᠯᠤᠰ ᠤᠨ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ  ᠲᠤᠭᠤᠷᠢᠭ ᠤᠨ ︽4.15 ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠎ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃     ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠠᠩ ᡁᠢ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠬᠦ ᠨᠠᠮ ᠪᠦᠬᠦ ᠨᠡᠶᠢᠭᠡᠮ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠪᠣᠯᠣᠳ ᠴᠠᠭᠠᠨ ᠬᠡᠷᠡᠮ ᠢ ᠪᠠᠬᠢᠵᠢᠭᠦᠯᠬᠦ ᠪᠣᠯ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ  ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠶᠢ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠪᠠᠶᠢᠷᠢᠯᠠᠭᠤᠯᠤᠨ ᠬᠡᠷᠡᠭᠵᠢᠭᠦᠯᠵᠦ᠂ ᠤᠬᠠᠭᠤᠯᠭ᠎ᠠ ᠶᠢᠨ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯ ᠰᠡᠳᠦᠪ ᠨᠢ ᠢᠯᠡ ᠲᠣᠳᠣ᠂ ᠠᠭᠤᠯᠤᠭᠳᠠᠬᠤᠨ ᠨᠢ ᠪᠠᠶᠠᠯᠢᠭ᠂ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠬᠥᠮᠦᠵᠢᠯ ᠤᠨ ᠬᠢᠯᠠᠰ ᠴᠡᠭ ᠢ ᠪᠤᠢ ᠪᠣᠯᠭᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠣᠶᠢᠯᠠᠭᠠᠭᠰᠠᠨ ᠢᠶᠠᠷ᠂ 2022 ᠣᠨ ᠤ 4 ᠰᠠᠷ᠎ᠠ ᠶᠢᠨ 15 ᠎ ᠤ ᠡᠳᠦᠷ ᠪᠣᠯ ᠳᠣᠯᠣᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠃ ᠤᠬᠠᠭᠤᠯᠭ᠎ᠠ ᠶᠢᠨ ᠭᠤᠣᠯ ᠰᠡᠳᠦᠪ ᠨᠢ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠠᠮᠵᠢᠯᠲᠠ ᠶᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠶ᠎ᠠ︾᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠣᠨ ᠱᠠᠭᠠᠷᠳᠠᠯᠭ᠎ᠠ ᠶᠢ ᠦᠨᠳᠦᠰᠦᠯᠡᠨ᠂ ᠵᠢᠨᠢᠩ ᠲᠣᠭᠤᠷᠢᠭ ᠤᠨ ᠬᠢᠨ ᠰᠢᠨᠵᠢᠯᠡᠬᠦ ᠤᠬᠠᠭᠠᠨᠴᠢ ᠠᠮᠢᠳᠤᠯᠢᠭ ᠠᠷᠭ᠎ᠠ ᠬᠡᠯᠪᠡᠷᠢ ᠶᠢ ᠠᠪᠴᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠡᠷᠭᠡᠪᠡᠷ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢᠨ ᠰᠤᠷᠤᠯᠴᠠᠯᠭ᠎ᠠ ᠬᠥᠮᠦᠵᠢᠯ ᠤᠨ ︽ᠳᠤᠯᠤᠭ᠎ᠠ ᠶᠢ ᠠᠬᠢᠭᠤᠯᠬᠤ︾ ᠠᠵᠢᠯᠯᠠᠭ᠎ᠠ ᠲᠠᠢ ᠤᠶᠠᠯᠳᠤᠭᠤᠯᠵᠤ᠂ ᠡᠯᠪᠡᠭ ᠪᠠᠶᠠᠯᠢᠭ᠂ ᠦᠵᠡᠵᠦ ᠰᠣᠨᠢᠷᠬᠠᠬᠤ ᠳᠤᠷᠠᠲᠠᠢ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠪᠴᠤ᠂ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ  ᠬᠡᠷᠡᠭᠲᠡᠢ᠃      ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂  ᠲᠤᠭᠤᠷᠢᠭ ᠤᠨ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                    ᠵᠢᠷᠤᠭ᠄ ᠭᠦᠸᠧ ᠸᠧᠨ ᠵᠢᠶᠧ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2