ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠰᠤᠭᠠᠢ ︱ ᠮᠠ ᠯᠢᠶᠠᠨ ᠴᠢᠦᠢ ᠰᠢᠶᠠᠩ ᠬᠡᠷᠬᠢᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠲᠤᠬᠠᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/4/14
jnqzfw_2022412152841.jpg
ᠰᠤᠷᠪᠤᠯᠵᠢᠯᠠᠭᠰᠠᠨ ᠴᠠᠭ᠄ 2022-04-12 15: 44ᠰᠤᠷᠪᠤᠯᠵᠢᠯᠠᠭᠰᠠᠨ ᠵᠣᠴᠢᠨ᠄ ᠮᠠ ᠯᠢᠶᠠᠨ ᠴᠢᠦᠢ ᠰᠢᠶᠠᠩ ᠤᠨ ᠨᠠᠮ ᠤᠨ ᠬᠤᠷᠢᠶᠠᠨ ᠤ ᠱᠦᠵᠢ  ᠭᠦᠸᠧ ᠬᠦᠢ       ᠮᠠ ᠯᠢᠶᠠᠨ ᠴᠢᠦᠢ ᠰᠢᠶᠠᠩ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠠᠪᠤᠴᠠ ᠳᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠵᠢᠯᠤᠭᠤᠳᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠤᠯᠤᠰ ᠲᠦᠷᠦ ᠶᠢᠨ ᠳᠠᠪᠠᠭᠤᠯᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠳᠠᠪᠠᠭᠤᠯᠢᠭ ᠪᠣᠯᠭᠠᠨ ᠬᠤᠪᠢᠷᠠᠭᠤᠯᠵᠤ᠂ ᠭᠤᠣᠯᠳᠠᠭᠤ ᠰᠢᠯᠵᠢᠯᠲᠡ ᠶᠢᠨ ᠬᠤᠭᠤᠴᠠᠭᠠᠨ ᠳᠠᠬᠢ ᠭᠤᠣᠯ ᠪᠣᠯᠬᠤ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠠᠬᠢᠨ‌‍ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠩᠭᠠᠳᠬᠠᠨ ᠲᠡᠭᠦᠯᠳᠡᠷᠵᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃       ᠮᠠ ᠯᠢᠶᠠᠨ ᠴᠢᠦᠢ ᠰᠢᠶᠠᠩ ᠤᠨ ᠨᠠᠮ ᠤᠨ ᠬᠤᠷᠢᠶᠠᠨ ᠤ ᠱᠦᠵᠢ ᠭᠦᠸᠧ  ᠬᠦᠢ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠄ ᠪᠢᠳᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠨ ᠶᠡᠬᠡᠪᠡᠷ ᠴᠢᠩᠭᠠᠳᠬᠠᠵᠤ᠂ ᠳᠠᠶᠢᠴᠢᠨ ᠪᠠᠬᠢᠯᠡᠯᠲᠡ ᠶᠢ ᠴᠣᠭᠴᠠᠯᠠᠨ᠎ᠠ ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠭᠠᠵᠠᠷ ᠲᠤ ᠲᠦᠰᠢᠭᠯᠡᠨ᠂ ᠵᠠᠰᠠᠯᠲᠠ ᠶᠢᠨ ᠴᠢᠳᠠᠪᠤᠷᠢ᠂ ᠵᠠᠰᠠᠯᠲᠠ ᠶᠢᠨ ᠬᠢᠷᠢ ᠲᠦᠪᠰᠢᠨ᠂ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠣᠲᠣ ᠦᠶ᠎ᠡ ᠶᠢᠨ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠯᠢ ᠴᠠᠩ ᠴᠢᠩ᠂  ᠨᠠᠷᠠᠰᠤᠨ ᠢᠳᠡᠰᠢᠨ ᠨᠣᠭᠤᠭ᠎ᠠ᠂ ᠰᠠᠨ ᠴᠧᠩ  ᠵᠢᠦᠢ ᠢᠳᠡᠰᠢᠨ ᠲᠣᠰᠣ᠂ ᠶᠡᠭᠡ ᠠᠷᠪᠠᠳᠤᠭᠠᠷ ᠨᠣᠮᠧᠷᠲᠤ ᠰᠠᠢ ᠨᠦᠸᠧ ᠬᠤᠨᠢ ᠵᠡᠷᠭᠡ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠦᠷᠭᠦᠯᠵᠢᠯᠡᠨ ᠪᠣᠶᠢᠵᠢᠭᠤᠯᠤᠨ᠎ᠠ᠃ ᠬᠤᠲᠠ ᠶᠢᠨ ᠣᠶᠢᠷ᠎ᠠ ᠲᠡᠭᠦᠷᠭᠡ ᠶᠢᠨ ᠯᠢ ᠴᠠᠩ ᠴᠢᠩ᠂ ᠪᠠ ᠸᠠᠩ ᠾᠧ᠂ ᠵᠠᠢ ᠵᠢᠶᠠ ᠭᠧᠦ ᠵᠢᠴᠢ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤᠴᠠᠲᠤ ᠵᠠᠰᠠᠮᠠᠯ ᠵᠠᠮ ᠳᠠᠭᠠᠤ ᠣᠲᠣ ᠦᠶ᠎ᠡ ᠶᠢᠨ ᠣᠨᠴᠠᠯᠢᠭᠲᠤ ᠲᠠᠷᠢᠶᠠᠯᠠᠩ ᠤᠨ ᠲᠥᠷᠥᠯ ᠵᠦᠢᠯ ᠢ ᠶᠡᠬᠡᠪᠡᠷ ᠬᠥᠭᠵᠢᠭᠦᠯᠦᠨ᠎ᠡ ᠃ ᠳ᠋ᠠ ᠾᠧ ᠸᠠᠨ  ᠴᠠᠰᠤᠨ ᠳᠤ ᠭᠤᠯᠭᠤᠬᠤ ᠲᠠᠯᠠᠪᠠᠶ ᠳᠤ ᠲᠦᠰᠢᠭᠯᠡᠨ ᠮᠠ ᠯᠢᠶᠠᠨ ᠴᠢᠦᠢ ᠰᠢᠶᠠᠩ ᠤᠨ ᠳᠥᠷᠪᠡᠨ ᠤᠯᠠᠷᠢᠯ ᠤᠨ ᠵᠢᠭᠤᠯᠴᠢᠯᠠᠯ ᠤᠨ ᠲᠥᠷᠥᠯ ᠵᠦᠢᠯ ᠢ ᠤᠯᠠᠮ ᠨᠢᠭᠡ ᠠᠯᠬᠤᠮ ᠳᠠᠶᠢᠴᠢᠯᠠᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ ᠃ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠤᠬᠠᠭᠤᠯᠵᠤ᠂ ᠲᠣᠰᠬᠤᠨ ᠤ ᠠᠷᠠᠳ ᠤᠨ ᠠᠮᠢ ᠠᠬᠤᠢ ᠶᠢᠨ ᠤᠬᠠᠮᠰᠠᠷ ᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠬᠢᠨᠠᠨ ᠬᠡᠮᠵᠢᠭᠳᠡᠬᠦ ᠡᠲᠡᠭᠡᠳ ᠢ ᠤᠨᠢᠨ ᠳᠡᠭᠡᠷ᠎ᠡ ᠨᠢ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠤᠪᠢ ᠬᠥᠮᠥᠨ ᠤ ᠬᠦᠰᠡᠯ ᠰᠠᠨᠠᠭ᠎ᠠ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠷᠢᠯᠴᠠᠬᠤ ᠪᠠᠷ ᠳᠡᠮᠵᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯ ᠣᠯᠬᠤ ᠶᠢ ᠲᠠᠰᠤᠷᠠᠯᠲᠠ ᠦᠭᠡᠢ ᠠᠬᠢᠭᠤᠯᠵᠤ᠂ ᠠᠵᠢᠯ ᠬᠥᠳᠡᠯᠮᠦᠷᠢ ᠬᠢᠵᠦ ᠠᠵᠢᠯ ᠣᠯᠬᠤ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠤ ᠲᠤᠭ᠎ᠠ ᠶᠢᠨ ᠶᠡᠷᠦᠩᠬᠡᠢ ᠳ᠋ᠡᠭᠡᠨ‌‍ᠲ᠋ᠣᠰᠬᠤᠨ ᠤ ᠬᠤᠶᠠᠷ ᠵᠥᠪᠯᠡᠯ ᠵᠢᠴᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠬᠢᠷᠢ ᠲᠦᠪᠰᠢᠨ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠣᠭᠲᠠᠭᠠᠵᠤ᠂ ᠬᠥᠳᠡᠭᠡ ᠲᠣᠰᠬᠤᠨ ᠤ ᠰᠠᠶᠢᠨ ᠰᠠᠶᠢᠬᠠᠨ ᠵᠠᠩ ᠳᠠᠳᠬᠠᠯ ᠢ ᠤᠯᠠᠮᠵᠢᠯᠠᠨ ᠵᠠᠯᠭᠠᠮᠵᠢᠯᠠᠵᠤ᠂ ᠲᠣᠰᠬᠤᠨ ᠤ ᠵᠠᠩ ᠰᠤᠷᠲᠠᠯ ᠎ ᠢ ᠪᠣᠯᠪᠠᠰᠤᠨ‌‍ᠴᠠᠭ ᠦᠶ᠎ᠡ ᠲᠠᠢ ᠤᠷᠤᠭᠰᠢᠯᠠᠭᠤᠯᠤᠨ᠎ᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2