ᠢᠦᠢ ᠬᠠᠢ ᠢᠦᠢ ᠵᠢᠨᠢᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/14
800470.jpg
       4 ᠰᠠᠷ᠎ᠠ ᠶᠢᠨ 13 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠢᠦᠢ ᠬᠠᠢ ᠢᠦᠢ ᠵᠢᠨᠢᠩ ᠲᠣᠭᠤᠷᠢᠭ ᠲᠤ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠤᠷᠭᠠᠭᠤᠯᠢ ᠶᠢᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃       ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠧᠦ ᠲᠤᠸ ᠷᠠᠨ ᠵᠢᠴᠢ ᠬᠤᠲᠠ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃        ᠵᠢᠨᠢᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ᠂ ᠢᠦᠢ ᠬᠠᠢ ᠢᠦᠢ ᠨᠠᠷ ᠬᠠᠤᠯᠢᠴᠢ ᠶᠢᠨ ᠡᠶᠡᠳᠡᠭᠦᠯᠬᠦ ᠲᠥᠪ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠥᠪ ᠪᠣᠯᠣᠨ ᠬᠡᠷᠡᠭ ᠪᠣᠯᠭᠠᠨ ᠳᠠᠩᠰᠠᠯᠠᠬᠤ ᠲᠢᠩᠬᠢᠮ ᠵᠡᠷᠭᠡ ᠲᠠᠯᠠᠪᠤᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠷᠭᠤ ᠶᠢᠨ ᠦᠢᠯᠡᠴᠢᠯᠡᠭᠡ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠭᠰᠡᠨ ᠪᠠ ᠠᠷᠠᠳ ᠤᠨ ᠡᠶᠡᠳᠡᠭᠦᠯᠦᠭᠴᠢ ᠶᠢᠨ ᠡᠳᠦᠷ ᠳᠤᠳᠤᠮ ᠤᠨ ᠠᠵᠢᠯ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠡᠭᠦᠨ ᠤ ᠬᠠᠮᠲᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤ ᠠᠰᠠᠭᠤᠯᠲᠠ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠶᠡᠭᠡ ᠪᠠᠷ ᠶᠠᠷᠢᠯᠴᠠᠬᠤ︾ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃        ᠢᠦᠢ ᠬᠠᠢ ᠢᠦᠢ  ᠵᠢᠭᠠᠭᠰᠠᠨ ᠨᠢ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ  ᠨᠦᠭᠦᠴᠡᠯ ᠪᠣᠯ ᠬᠤᠳᠠᠯᠳᠤᠭ᠎ᠠ  ᠡᠷᠬᠢᠯᠡᠬᠦ ᠣᠷᠴᠢᠨ  ᠨᠦᠭᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ ᠬᠦᠴᠦᠲᠡᠢ ᠪᠠᠲᠤᠯᠠᠭ᠎ᠠ ᠮᠥᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠨᠦᠭᠦᠴᠡᠯ ᠢ ᠪᠤᠢ ᠪᠣᠯᠭᠠᠬᠤ ᠪᠠᠷ ᠲᠤᠰᠤᠯᠲᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡ ᠠᠵᠤ ᠠᠬᠤᠶᠢᠯᠠᠯ ᠳᠤ ᠦᠢᠯᠡᠴᠢᠯᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠰᠡᠳᠬᠢᠴᠡ ᠪᠠᠨ ᠥᠷᠭᠡᠳᠬᠡᠵᠦ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠪᠣᠭᠤᠮᠲᠠ ᠶᠢ ᠴᠢᠩᠭ᠎ᠠ ᠰᠠᠬᠢᠵᠤ᠂ ᠰᠢᠢᠳᠪᠦᠷᠢᠯᠡᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠷᠬᠡ ᠲᠡᠭᠰᠢ ᠲᠥᠪ ᠭᠤᠣᠯᠴᠢ ᠢᠯᠡ ᠲᠣᠳᠣ ᠬᠠᠤᠯᠢᠵᠢᠯ ᠤᠨ ᠣᠷᠴᠢᠨ  ᠨᠦᠭᠦᠴᠡᠯ ᠢᠶᠠᠷ ᠡᠵᠡᠩᠨᠡᠯᠲᠡ ᠶᠢᠨ ᠣᠷᠴᠢᠨ  ᠨᠦᠭᠦᠴᠡᠯ ᠢ ᠳᠠᠰᠤᠷᠠᠯᠳᠠ ᠦᠭᠡᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃        ᠢᠦᠢ ᠬᠠᠢ ᠢᠦᠢ  ᠴᠢᠬᠤᠯᠠᠴᠢᠯᠠᠭᠰᠠᠨ ᠨᠢ᠂ ︽ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠢᠯᠡᠴᠢᠯᠡᠭᠡᠨ ᠤ ᠪᠠᠷᠢᠮᠵᠢᠶ᠎ᠠ ᠪᠣᠯᠭᠠᠵᠤ᠂ ᠬᠡᠨ ᠳᠤ ᠬᠠᠤᠯᠢ ᠬᠡᠷᠡᠭᠵᠢᠭᠦᠯᠵᠦ ᠬᠡᠨ ᠳᠤ ᠦᠢᠯᠡᠴᠢᠯᠡᠬᠦ ᠶᠢᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠡᠢ᠃ ᠰᠢᠭᠦᠬᠦ ᠬᠤᠷᠢᠶ᠎ᠠ ᠰᠢᠭᠦᠨ ᠲᠠᠰᠤᠯᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠭᠦᠢᠴᠡᠳᠬᠡᠬᠦ ᠳᠤ ᠪᠡᠷᠬᠡᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠢᠳᠡᠪᠬᠢᠲᠡᠢ ᠪᠠᠷ ᠪᠤᠢ ᠪᠣᠯᠭᠠᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ  ᠭᠤᠣᠯᠴᠢ ᠰᠢᠳᠤᠷᠭᠤ ᠶᠣᠰᠣ ᠶᠢ ᠮᠡᠳᠡᠷᠡᠬᠦ ᠪᠣᠯᠭᠠᠬᠤ ᠬᠡᠷᠡᠭᠲᠡᠢ᠃ ᠬᠡᠷᠡᠭ ᠰᠢᠢᠳᠪᠦᠷᠢᠯᠡᠬᠦ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠬᠡᠷᠡᠭ ᠤᠨ ᠶᠠᠷᠰᠢᠭ ᠲᠦᠪᠡᠭᠲᠡᠢ ᠪᠠ ᠳᠥᠭᠦᠮ ᠪᠦᠳᠦᠭᠦᠯᠢᠭ ᠢ ᠰᠠᠯᠭᠠᠬᠤ ᠶᠢ ᠪᠡᠶᠡᠯᠡᠭᠦᠯᠵᠦ᠂ ᠭᠦᠢᠴᠡᠳᠭᠡᠯᠲᠡ ᠶᠢᠨ ᠪᠣᠳᠠᠲᠤ ᠴᠣᠭᠴᠠ ᠶᠢᠨ ᠠᠵᠢᠯᠯᠠᠭᠠᠨ ᠢ ᠲᠦᠯᠬᠢᠨ ᠠᠬᠢᠭᠤᠯᠬᠤ ᠬᠡᠷᠡᠭᠲᠡᠢ᠃ ᠰᠢᠭᠦᠨ ᠲᠠᠰᠤᠯᠬᠤ ᠭᠤᠭᠴᠤᠭ᠎ᠠ ᠶᠢ ᠰᠠᠶᠢᠲᠤᠷ ᠠᠳᠬᠤᠵᠤ᠂ ᠬᠠᠤᠯᠢ ᠶᠢᠨ ᠲᠤᠰᠢᠶᠠᠯᠲᠠᠨ ᠤ ᠰᠢᠭᠦᠨ ᠲᠠᠰᠤᠯᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠭᠦᠢᠴᠡᠳᠬᠡᠬᠦ ᠭᠤᠭᠴᠤᠭ᠎ᠠ ᠶᠢ ᠰᠠᠶᠢᠲᠤᠷ ᠠᠳᠬᠤᠵᠤ᠂ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ᠂ ᠰᠢᠭᠦᠬᠦ ᠬᠤᠷᠢᠶ᠎ᠠ ᠲᠢᠩᠬᠢᠮ ᠤᠨ ᠳᠠᠷᠤᠭ᠎ᠠ ᠶᠢᠨ ᠰᠢᠭᠦᠨ ᠲᠠᠰᠤᠯᠤᠯᠲᠠ ᠶᠢ ᠬᠢᠨᠠᠵᠤ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠭᠦᠬᠦ ᠺᠣᠮᠢᠰ ᠤᠨ ᠳᠦᠷᠢᠮ ᠲᠠᠢ ᠪᠦᠲᠦᠮᠵᠢᠲᠡᠢ ᠵᠣᠯᠭᠠᠭᠤᠯᠵᠤ᠂ ᠬᠡᠷᠡᠭ ᠪᠣᠯᠭᠠᠨ ᠢ ᠴᠥᠮ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠵᠤ᠂ ᠠᠷᠠᠳ ᠤᠯᠠᠨ ᠪᠠ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃     ᠢᠦᠢ ᠬᠠᠢ ᠢᠦᠢ  ᠵᠢᠨᠢᠩ ᠲᠣᠭᠤᠷᠢᠭ ᠤᠨ ᠶᠦᠩ ᠠᠨ ᠵᠠᠮ ᠤᠨ ᠪᠠᠭ᠎ᠠ ᠰᠤᠷᠭᠠᠭᠤᠯᠢ᠂ ᠤᠯᠠᠭᠠᠨᠴᠠᠪ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ᠂  ᠺᠣᠳ᠋ ᠰᠢᠷᠪᠢᠵᠦ ᠳᠤᠯᠠᠭᠠᠨ ᠤ ᠬᠡᠮᠵᠢᠯᠲᠡ ᠪᠠᠷ ᠳᠠᠮᠵᠢᠨ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠶᠠᠪᠤᠴᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ᠂ ᠬᠢᠴᠢᠶᠡᠯ ᠤᠨ ᠪᠠᠶᠢᠷᠢᠯᠠᠭᠤᠯᠤᠯᠲᠠ᠂ ᠠᠮᠤᠷ ᠲᠦᠪᠰᠢᠨ ᠤ ᠬᠥᠮᠦᠵᠢᠯ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠤᠨ ᠤᠷᠳᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ︽ᠬᠤᠶᠠᠷ ᠢ ᠪᠠᠭᠠᠰᠬᠠᠬᠤ︾ ᠠᠵᠢᠯ ᠤᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠪᠠᠭᠠᠰᠬᠠᠬᠤ︾ ᠠᠵᠢᠯ ᠤᠨ ᠡᠭᠦᠷᠭᠡ ᠬᠠᠷᠠᠯᠲᠠ ᠶᠢᠨ ᠲᠣᠭᠤᠷᠢᠨ ᠳᠤ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ︽ᠬᠤᠶᠠᠷ ᠢ ᠪᠠᠭᠠᠰᠬᠠᠬᠤ︾ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨᠬᠦ ᠴᠢᠬᠤᠯᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠤᠨ ᠬᠥᠮᠦᠵᠢᠯ ᠢ ᠴᠢᠩᠭᠠᠳᠬᠠᠵᠤ ᠂ ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠨᠢᠭᠲᠠ ᠠᠩᠬᠠᠷᠴᠤ᠂ ᠰᠤᠷᠤᠭᠴᠢᠳ ᠤᠨ ᠰᠡᠳᠬᠢᠴᠡ ᠶᠢᠨ ᠬᠠᠪᠰᠤᠷᠤᠨ ᠵᠢᠯᠣᠭᠤᠳᠤᠯᠭ᠎ᠠ ᠶᠢ ᠴᠢᠩᠭᠠᠳᠬᠠᠵᠤ᠂ ᠰᠤᠷᠤᠭᠴᠢᠳ ᠤᠨ ᠭᠡᠷ ᠤᠨ ᠠᠬᠠᠮᠠᠳ ᠯᠤᠭ᠎ᠠ ᠶᠢᠨ ᠤᠶᠢᠯᠠᠭᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠦᠬᠦ ᠲᠠᠯ᠎ᠠ ᠪᠠᠷ ᠬᠠᠮᠠᠭᠠᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠰᠤᠷᠤᠭᠴᠢᠳ ᠤᠨ ᠰᠤᠷᠤᠯᠴᠠᠵᠤ ᠦᠰᠦᠨ ᠪᠣᠶᠢᠵᠢᠬᠤ ᠳᠤ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃        ᠢᠦᠢ ᠬᠠᠢ ᠢᠦᠢ ᠴᠢᠤᠸᠠᠨ ᠱᠠᠨ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠲᠤ ᠂  ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠲᠤᠬᠠᠢ ᠶᠢᠨ ᠭᠠᠵᠠᠷ  ᠲᠤᠨᠢ ᠰᠠᠨᠠᠯ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠨᠠᠷᠢᠨ ᠣᠶᠢᠯᠠᠭᠠᠪᠠ᠃ ᠢᠦᠢ ᠬᠠᠢ ᠢᠦᠢ᠂ ᠨᠡᠶᠢᠭᠡᠮ ᠲᠣᠭᠤᠷᠢᠭ ᠪᠣᠯ ᠨᠡᠶᠢᠭᠡᠮ ᠤᠨ ᠵᠠᠰᠠᠯᠲᠠ ᠶᠢᠨ ᠦᠨᠳᠦᠰᠦᠨ ᠨᠢᠭᠡᠴᠡ ᠪᠣᠯᠣᠨ᠎ᠠ᠂ ᠮᠥᠨᠴᠦ ᠨᠠᠮ ᠪᠣᠯᠣᠨ ᠵᠠᠰᠠᠭ ᠤᠨ ᠣᠷᠳᠣᠨ ᠤ ᠰᠠᠭᠤᠭᠠᠯᠢ ᠠᠷᠠᠳ ᠤᠯᠠᠨ ᠲᠠᠢ ᠬᠠᠷᠢᠯᠴᠠᠬᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ᠪᠣᠯᠣᠨ᠎ᠠ᠃ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂  ᠲᠤᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠣᠣᠷᠵᠢᠭᠤᠯᠤᠭᠴᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠰᠠᠭᠤᠷᠢ ᠦᠢᠯᠡᠳᠦᠯ ᠢ ᠪᠠᠳᠠᠷᠠᠭᠤᠯᠵᠤ᠂ ︽ᠵᠢᠵᠢᠭ ᠲᠣᠣᠷᠵᠢᠭᠤᠯᠤᠯ︾  ᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ︽ᠶᠡᠭᠡ ᠦᠢᠯᠡᠳᠦᠯ︾  ᠢ ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠳᠠᠯ ᠢ ᠪᠦᠬᠦᠨ ᠢ ᠡᠵᠡᠮᠰᠢᠬᠦ᠂ ᠮᠡᠳᠡᠭᠡ ᠵᠠᠩᠭᠢ ᠶᠢ ᠪᠦᠬᠦᠨ ᠢ ᠴᠤᠭᠯᠠᠭᠤᠯᠬᠤ ᠂ ᠵᠥᠷᠢᠴᠡᠯ ᠢ ᠪᠦᠬᠦᠨ ᠢ ᠠᠷᠢᠯᠭᠠᠬᠤ᠂ ᠦᠢᠯᠡᠴᠢᠯᠡᠭᠡ ᠶᠢ ᠪᠦᠬᠦᠨ ᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃                      ᠵᠢᠷᠤᠭ᠄ ᠸᠠᠩ ᠳ᠋ᠠ ᠸᠧᠢ                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2