ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2022 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2022/4/18
800470.jpg
       4 ᠰᠠᠷ᠎ᠠ ᠶᠢᠨ 15 ᠎ ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠬᠤᠷᠢᠶ᠎ᠠ ᠶᠢᠨ 2022 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠵᠥᠪᠯᠡᠯ ᠤᠨ 1 ᠳ᠋ᠦ᠋ᠭᠡᠷ ᠤᠳᠠᠭ᠎ᠠ ᠶᠢᠨ ᠬᠤᠷᠠᠯ᠂  ᠲᠤᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠥᠪᠯᠡᠯ ᠤᠨ 1  ᠳ᠋ᠦ᠋ᠭᠡᠷ ᠤᠳᠠᠭ᠎ᠠ ᠶᠢᠨ ᠬᠤᠷᠠᠯ᠂  ᠲᠤᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠠᠷᠭᠠᠴᠠᠬᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠠᠢ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠬᠤᠷᠠᠯ ᠠᠴᠠ 4 ᠰᠠᠷ᠎ᠠ ᠶᠢᠨ 8 ᠎ ᠤ ᠡᠳᠦᠷ ᠰᠢ ᠶᠢᠨ ᠫᠢᠩ ᠶᠡᠷᠦᠩᠬᠡᠢ ᠱᠦᠵᠢ ᠶᠢᠨ ᠪᠡᠭᠡᠵᠢᠩ ᠤᠨ ᠡᠪᠦᠯ ᠎ ᠶᠢᠨ ᠤᠯᠠᠷᠢᠯ ᠤᠨ ᠣᠯᠧᠮᠫᠢᠺ  ᠤᠨ ᠴᠤᠭᠯᠠᠭᠠᠨ᠂ ᠡᠪᠦᠯ ᠤᠨ ᠵᠡᠮᠳᠡᠭᠴᠤᠳ ᠤᠨ ᠣᠯᠧᠮᠫᠢᠺ ᠶᠢᠨ ᠴᠤᠭᠯᠠᠭᠠᠨ ᠤ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ  ᠬᠠᠶᠢᠨᠠᠨ ᠮᠤᠵᠢ ᠳᠤ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠭᠦᠨ ᠤ ᠳᠣᠲᠣᠷᠠᠬᠢ ᠵᠣᠷᠢᠭ ᠰᠠᠨᠠᠭᠠᠨ ᠤ ᠮᠥᠨ ᠴᠢᠨᠠᠷ ᠪᠣᠯᠣᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠭᠦᠨᠵᠡᠭᠡᠢ ᠰᠤᠷᠤᠯᠴᠠᠨ ᠣᠶᠢᠯᠠᠭᠠᠵᠤ᠂ ᠮᠠᠨ ᠤ  ᠲᠤᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠳᠬᠡᠨ ᠬᠥᠭᠵᠢᠭᠦᠯᠵᠦ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠨ᠂ ᠪᠡᠶ᠎ᠡ ᠶᠢᠨ ᠲᠠᠮᠢᠷ ᠤᠨ ᠦᠢᠯᠡᠰ ᠤᠨ ᠤᠬᠠᠭᠤᠯᠭ᠎ᠠ ᠶᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠲᠡᠭᠦᠷᠭᠡ ᠶᠢᠨ ᠮᠠᠶ᠋ᠢᠭ ᠤᠨ ᠣᠨᠴᠠᠯᠢᠭᠲᠤ ᠬᠥᠳᠡᠭᠡ ᠠᠵᠤ ᠠᠬᠤᠢ ᠶᠢ ᠬᠦᠴᠦᠯᠡᠨ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠦᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠵᠡᠷᠭᠡᠴᠡᠭᠡᠪᠡᠷ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂  ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ ᠶᠡᠷᠦᠩᠬᠡᠢ ᠠᠷᠭ᠎ᠠ ᠪᠣᠳᠣᠯᠭ᠎ᠠ ᠪᠠ ᠬᠥᠳᠡᠯᠦᠩᠭᠦᠢ ᠪᠠᠷ ᠲᠡᠭ ᠢ ᠠᠷᠢᠯᠭᠠᠬᠤ ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠤ 2022 ᠣᠨ ᠤ ︽ᠬᠠᠩᠰᠢ ᠶᠢᠨ ᠡᠳᠦᠷ︾᠎ ᠤᠨ ᠬᠤᠭᠤᠴᠠᠭᠠᠨ ᠳᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠯᠳᠤᠯ ᠢ ᠴᠢᠩᠭᠠᠳᠬᠠᠵᠤ᠂ ᠴᠢᠬᠤᠯᠠ ᠪᠠᠴᠢᠮ ᠪᠠᠶᠢᠳᠠᠯ ᠪᠣᠯᠣᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠲᠤᠰᠬᠠᠵᠤ᠂ ᠴᠠᠭ ᠲᠤᠬᠠᠢ ᠳᠤᠨᠢ ᠪᠣᠳᠠᠲᠠᠢ ᠰᠢᠢᠳᠪᠦᠷᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ   ᠨᠠᠶᠢᠳᠠᠪᠤᠷᠢᠵᠢᠭᠤᠯᠵᠤ᠂ ᠥᠨᠳᠥᠷ ᠦᠷ᠎ᠡ ᠪᠦᠲᠦᠮᠵᠢᠲᠡᠶ ᠵᠢᠯᠣᠭᠤᠳᠤᠨ ᠲᠣᠬᠢᠷᠠᠭᠤᠯᠬᠤ ᠪᠠ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠢᠮᠠᠭᠲᠠ ᠪᠠᠷᠢᠮᠲᠠᠯᠠᠵᠤ᠂ ᠠᠵᠢᠯᠲᠠᠨ ᠢ ᠬᠠᠮᠢᠶᠠᠷᠤᠨ ᠡᠵᠡᠮᠳᠡᠬᠦ᠂ ᠡᠳ᠋ ᠪᠣᠳᠠᠰ ᠢ ᠪᠠᠲᠤᠯᠠᠬᠤ᠂ ᠡᠳ᠋ ᠪᠠᠷᠠᠭ᠎ᠠ ᠶᠢ ᠭᠦᠢᠯᠭᠡᠭᠡᠨ ᠳᠤ ᠣᠷᠣᠭᠤᠯᠬᠤ ᠵᠡᠷᠭᠡ ᠲᠠᠯ᠎ᠠ ᠪᠠᠷ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠰᠦᠯᠵᠢᠶ᠎ᠡ ᠶᠢ ᠨᠢᠭᠲᠠ ᠴᠢᠩᠭ᠎ᠠ ᠰᠦᠯᠵᠢᠵᠦ᠂ ᠮᠠᠨ ᠤ  ᠲᠤᠭᠤᠷᠢᠭ ᠤᠨ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠬᠡᠷᠡᠭᠲᠡᠢ᠃ ᠡᠭᠦᠨ ᠤ ᠬᠠᠮᠲᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯᠲᠠᠨ ᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠬᠥᠮᠥᠰ ᠤᠨ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ︽ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ ᠠᠪᠬᠤ︾᠎ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠥ᠋ᠩ ᠤᠨ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠰᠢᠢᠳᠪᠦᠷᠢᠯᠡᠭᠦᠯᠦᠭᠰᠡᠨ ᠲᠥᠪ ᠤᠨ ᠭᠤᠷᠪᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠪᠣᠯᠣᠨ ᠤᠷᠠᠳ ᠤᠨ ᠡᠮᠦᠨᠡᠲᠦ ᠬᠤᠰᠢᠭᠤᠨ ᠳᠤ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠱᠠᠯᠠᠪᠳᠠᠭᠤᠯᠤᠨ ᠰᠢᠢᠳᠪᠦᠷᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠰᠢᠢᠳᠪᠦᠷᠢᠯᠡᠭᠦᠯᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠯᠤᠰ ᠲᠥᠷᠥᠴᠢ ᠴᠢᠨᠠᠷ᠂ ᠲᠥᠪ ᠴᠢᠩᠭ᠎ᠠ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠲᠦᠷᠭᠡᠨ ᠠᠵᠢᠯᠯᠠᠭ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠨᠢᠭᠡᠪᠦᠷᠢ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠴᠢᠩᠭ᠎ᠠ ᠴᠡᠭᠴᠡᠯᠡᠨ ᠰᠠᠶᠢᠵᠢᠷᠠᠭᠤᠯᠬᠤ᠂ ᠲᠦᠷᠭᠡᠨ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠬᠡᠷᠡᠭ ᠲᠤ᠂  ᠲᠤᠭᠤᠷᠢᠭ ‍ᠤᠨ‌‍ᠱᠠᠲᠤᠨ ᠤ ᠤᠳᠤᠷᠢᠳᠤᠯᠭ᠎ᠠ ᠶᠢᠨ ᠳᠠᠭᠠᠭᠠᠨ ᠬᠤᠯᠪᠣᠭᠠᠯᠠᠵᠤ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠭᠲᠠᠭᠠᠵᠤ᠂ ᠪᠥᠬᠦ ᠶᠠᠪᠤᠴᠠ ᠳᠤ ᠮᠥᠷᠳᠡᠨ ᠠᠬᠢᠭᠤᠯᠵᠤ᠂ ᠠᠬᠢᠴᠠ ᠶᠢᠨ ᠪᠠᠶᠢᠳᠠᠯ ᠢᠶᠠᠨ ᠡᠳᠦᠷ ᠪᠦᠷᠢ ᠳᠡᠭᠡᠭᠰᠢ ᠮᠡᠳᠡᠭᠦᠯᠵᠦ᠂ ᠲᠦᠷᠭᠡᠨ ᠰᠢᠯᠵᠢᠭᠦᠯᠦᠨ ᠲᠦᠷᠭᠡᠨ ᠰᠢᠢᠳᠪᠦᠷᠢᠯᠡᠬᠦ᠂ ᠲᠦᠷᠭᠡᠨ ᠳ᠋ᠦᠩᠨᠡᠨ ᠲᠦᠷᠭᠡᠨ ᠮᠡᠳᠡᠭᠦᠯᠬᠦ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠨᠡᠨ ᠪᠣᠳᠠᠲᠠᠢ ᠦᠷ᠎ᠡ ᠪᠦᠲᠦᠮᠵᠢ ᠪᠠᠷ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠬᠤᠷᠠᠯ ᠠᠴᠠ ︽ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠣᠭᠤᠷᠢᠭ ᠤᠨ ᠲᠡᠰ ᠤᠨ ᠤᠳᠤᠷᠢᠳᠤᠯᠭ᠎ᠠ ᠰᠢᠶᠠᠩ ᠪᠠᠯᠭᠠᠰᠤ ᠵᠡᠭᠡᠯᠢ ᠭᠤᠳᠤᠮᠵᠢ ᠶᠢ ᠳᠠᠭᠠᠭᠠᠴᠢᠯᠠᠨ ᠬᠢᠨᠠᠨ ᠵᠢᠯᠤᠭᠤᠳᠬᠤ ᠡᠭᠦᠷᠭᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ 2022 ᠣᠨ ᠪᠣᠯ ᠤᠯᠠᠭᠠᠨᠴᠠᠪ ᠬᠤᠳᠠ ᠶᠢᠨ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠤᠶᠠᠳᠤᠭᠠᠷ ᠵᠢᠯ ᠪᠣᠯᠣᠨ᠎ᠠ᠂ ᠨᠡᠩ ᠴᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠲᠠᠬᠢᠨ ᠴᠡᠭᠴᠡᠯᠡᠵᠦ ᠲᠠᠬᠢᠨ ᠮᠣᠷᠳᠠᠵᠤ᠂ ︽ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾᠎ ᠲᠠᠢ ᠬᠠᠷᠢᠴᠠᠭᠤᠯᠵᠤ᠂ ᠡᠭᠦᠷᠭᠡ ᠪᠠᠨ ᠴᠠᠭ ᠲᠤᠬᠠᠢ ᠳᠤᠨᠢ ᠵᠠᠳᠠᠯᠵᠤ᠂ ᠠᠷᠭ᠎ᠠ ᠬᠡᠮᠵᠢᠶ᠎ᠡ ᠪᠠᠨ ᠲᠠᠰᠤᠷᠠᠯᠳᠡ ᠦᠭᠡᠢ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠵᠢᠯ ᠢ ᠲᠥᠯᠥᠪᠯᠡᠭᠡ ᠲᠠᠢ ᠪᠠᠷ ᠲᠣᠭᠲᠠᠭᠤᠨ ᠢᠶᠠᠷ ᠬᠡᠷᠡᠭᠵᠢᠭᠦᠯᠬᠦ᠂ ᠱᠠᠲᠤ ᠬᠤᠪᠢᠶᠠᠨ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ  ᠵᠢᠭᠠᠪᠠ᠃ ᠡᠯ᠎ᠡ ᠳᠠᠭᠠᠭᠠᠴᠢᠯᠠᠯᠲᠠ ᠶᠢᠨ ᠤᠳᠤᠷᠢᠳᠤᠯᠭ᠎ᠠ ᠨᠠᠷ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠡᠮᠦᠨ᠎ᠡ ᠨᠢ ᠵᠢᠯᠤᠭᠤᠳᠴᠤ᠂ ᠪᠠᠶᠢᠩᠭᠤᠵᠢᠭᠤᠯᠬᠤ ᠶᠢ ᠪᠠᠲᠤᠯᠠᠵᠤ᠂ ᠳᠠᠭᠠᠭᠠᠴᠢᠯᠠᠯᠲᠠ ᠶᠢᠨ ᠰᠢᠶᠠᠩ ᠪᠠᠯᠭᠠᠰᠤ ᠵᠡᠭᠡᠯᠢ ᠭᠤᠳᠤᠮᠵᠢ ᠳᠤ ᠭᠦᠨᠵᠡᠭᠡᠶᠢᠷᠡᠨ ᠲᠥᠪᠯᠡᠷᠡᠯ ᠤᠨ ᠴᠡᠭ᠂ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠲᠠ ᠪᠠᠶᠢᠭᠤᠯᠬᠤ ᠠᠵᠢᠯ ᠢ ᠵᠢᠯᠣᠭᠤᠳᠤᠨ ᠰᠢᠮᠳᠠᠭᠤᠯᠤᠨ ᠪᠠᠶᠢᠴᠠᠭᠠᠵᠤ᠂ ᠪᠥᠬᠦ  ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠮᠠᠨ ᠤ ᠲᠤᠭᠤᠷᠢᠭ ᠤᠨ ᠡᠨᠡ ᠵᠢᠯ ᠤᠨ ᠡᠭᠦᠳᠦᠨ ᠪᠠᠶᠢᠭᠤᠯᠬᠤ ᠠᠵᠢᠯ ᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠢᠶᠠᠷ ᠳᠡᠭᠡᠭᠰᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠷᠠᠯ ᠠᠴᠠ︽ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠵᠢᠭᠠᠨ ᠵᠢᠯᠤᠭᠤᠳᠴᠤ ᠬᠢᠨᠠᠨ ᠵᠢᠯᠤᠭᠤᠳᠴᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠲᠥᠰᠥᠯ︵ᠬᠢᠨᠠᠨ ᠵᠥᠪᠯᠡᠬᠦ ᠨᠣᠣᠷᠠᠭ︶︾ ᠎ ᠢ ᠬᠢᠨᠠᠨ ᠵᠥᠪᠯᠡᠵᠦ ᠪᠠᠲᠤᠯᠠᠪᠠ᠃ ︽ᠪᠥᠬᠦ ᠬᠤᠲᠠ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠥᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠵᠢᠨᠢᠩ ᠲᠣᠭᠤᠷᠢᠭ ᠤᠨ ︽ᠪᠥᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠥᠯ︾᠎ ᠢ ᠬᠢᠨᠠᠨ ᠶᠠᠷᠢᠯᠴᠠᠵᠤ ᠪᠠᠲᠤᠯᠠᠭᠠᠳ‌ᠬᠠᠮᠢᠶ᠎ᠠ ᠪᠦᠬᠦᠢ ᠠᠵᠢᠯ ᠢ ᠲᠣᠬᠢᠷᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠵᠢᠯᠣᠭᠤᠳᠤᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠲᠠᠬᠢᠨ ᠳᠠᠪᠲᠠᠨ ᠪᠦᠬᠦ ᠲᠠᠯ᠎ᠠ ᠪᠠᠷ ᠬᠠᠷᠢᠴᠠᠭᠤᠯᠵᠤ᠂ ᠵᠦᠢᠯ ᠵᠤᠷᠪᠤᠰ ᠳᠠᠷᠠᠭᠠᠯᠠᠨ ︽ᠰᠢᠯᠢᠨ ᠭᠠᠷᠭᠠᠵᠤ︾᠂ ᠨᠢᠭᠡ ᠨᠢᠭᠡ ᠪᠠᠷ ︽ᠲᠠᠩᠰᠠ ᠲᠡᠮᠳᠡᠭᠯᠡᠵᠦ︾᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠪᠤᠰᠤᠳ ᠨᠡᠶᠢᠲᠡᠴᠢ ᠴᠢᠨᠠᠷᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠦᠨᠵᠡᠭᠡᠢ ᠥᠪᠡᠷ ᠢᠶᠠᠨ ᠪᠠᠶᠢᠴᠠᠭᠠᠵᠤ᠂ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ᠂ ᠬᠡᠯᠪᠡᠶᠢᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠣᠨ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ  ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠬᠤ ᠬᠡᠷᠡᠭᠲᠡᠢ᠃ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠥᠨᠳᠥᠷᠴᠡ ᠳᠡᠭᠡᠷ᠎ᠡ ᠵᠣᠭᠰᠣᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠣᠷᠣᠨ ᠪᠠᠶᠢᠷᠢ ᠳᠤᠨᠢ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠤᠨ ᠪᠠᠶᠢᠷᠢ ᠲᠣᠭᠲᠠᠭᠠᠯᠲᠠ ᠶᠢ ᠦᠨᠡᠨ ᠬᠦ ᠣᠨᠣᠪᠴᠢᠲᠠᠢ ᠲᠣᠭᠲᠠᠭᠠᠵᠤ᠂ ᠡᠮᠬᠢᠯᠡᠨ ᠲᠢᠭᠯᠡᠵᠦ᠂ ᠲᠥᠪᠯᠡᠷᠡᠭᠦᠯᠦᠨ ᠵᠠᠰᠠᠬᠤ ᠪᠠᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠬᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃            ᠵᠢᠷᠤᠭ᠄  ᠭᠦᠸᠧ ᠸᠧᠨ ᠵᠢᠶᠧ            ᠤᠷᠴᠢᠭᠤᠯᠤᠭᠴᠢ᠄ ᠲᠤᠶᠠᠭ᠎ᠠᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2022 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ  ᠬᠤᠷᠠᠯᠳᠤᠪᠠ       4 ᠰᠠᠷ᠎ᠠ ᠶᠢᠨ 15 ᠎ ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠬᠤᠷᠢᠶ᠎ᠠ ᠶᠢᠨ 2022 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠵᠥᠪᠯᠡᠯ ᠤᠨ 1 ᠳ᠋ᠦ᠋ᠭᠡᠷ ᠤᠳᠠᠭ᠎ᠠ ᠶᠢᠨ ᠬᠤᠷᠠᠯ᠂  ᠲᠤᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠥᠪᠯᠡᠯ ᠤᠨ 1  ᠳ᠋ᠦ᠋ᠭᠡᠷ ᠤᠳᠠᠭ᠎ᠠ ᠶᠢᠨ ᠬᠤᠷᠠᠯ᠂  ᠲᠤᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠠᠷᠭᠠᠴᠠᠬᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠠᠢ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠬᠤᠷᠠᠯ ᠠᠴᠠ 4 ᠰᠠᠷ᠎ᠠ ᠶᠢᠨ 8 ᠎ ᠤ ᠡᠳᠦᠷ ᠰᠢ ᠶᠢᠨ ᠫᠢᠩ ᠶᠡᠷᠦᠩᠬᠡᠢ ᠱᠦᠵᠢ ᠶᠢᠨ ᠪᠡᠭᠡᠵᠢᠩ ᠤᠨ ᠡᠪᠦᠯ ᠎ ᠶᠢᠨ ᠤᠯᠠᠷᠢᠯ ᠤᠨ ᠣᠯᠧᠮᠫᠢᠺ  ᠤᠨ ᠴᠤᠭᠯᠠᠭᠠᠨ᠂ ᠡᠪᠦᠯ ᠤᠨ ᠵᠡᠮᠳᠡᠭᠴᠤᠳ ᠤᠨ ᠣᠯᠧᠮᠫᠢᠺ ᠶᠢᠨ ᠴᠤᠭᠯᠠᠭᠠᠨ ᠤ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ  ᠬᠠᠶᠢᠨᠠᠨ ᠮᠤᠵᠢ ᠳᠤ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠭᠦᠨ ᠤ ᠳᠣᠲᠣᠷᠠᠬᠢ ᠵᠣᠷᠢᠭ ᠰᠠᠨᠠᠭᠠᠨ ᠤ ᠮᠥᠨ ᠴᠢᠨᠠᠷ ᠪᠣᠯᠣᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠭᠦᠨᠵᠡᠭᠡᠢ ᠰᠤᠷᠤᠯᠴᠠᠨ ᠣᠶᠢᠯᠠᠭᠠᠵᠤ᠂ ᠮᠠᠨ ᠤ  ᠲᠤᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠳᠬᠡᠨ ᠬᠥᠭᠵᠢᠭᠦᠯᠵᠦ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠨ᠂ ᠪᠡᠶ᠎ᠡ ᠶᠢᠨ ᠲᠠᠮᠢᠷ ᠤᠨ ᠦᠢᠯᠡᠰ ᠤᠨ ᠤᠬᠠᠭᠤᠯᠭ᠎ᠠ ᠶᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠲᠡᠭᠦᠷᠭᠡ ᠶᠢᠨ ᠮᠠᠶ᠋ᠢᠭ ᠤᠨ ᠣᠨᠴᠠᠯᠢᠭᠲᠤ ᠬᠥᠳᠡᠭᠡ ᠠᠵᠤ ᠠᠬᠤᠢ ᠶᠢ ᠬᠦᠴᠦᠯᠡᠨ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠦᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠵᠡᠷᠭᠡᠴᠡᠭᠡᠪᠡᠷ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂  ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ ᠶᠡᠷᠦᠩᠬᠡᠢ ᠠᠷᠭ᠎ᠠ ᠪᠣᠳᠣᠯᠭ᠎ᠠ ᠪᠠ ᠬᠥᠳᠡᠯᠦᠩᠭᠦᠢ ᠪᠠᠷ ᠲᠡᠭ ᠢ ᠠᠷᠢᠯᠭᠠᠬᠤ ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠤ 2022 ᠣᠨ ᠤ ︽ᠬᠠᠩᠰᠢ ᠶᠢᠨ ᠡᠳᠦᠷ︾᠎ ᠤᠨ ᠬᠤᠭᠤᠴᠠᠭᠠᠨ ᠳᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠯᠳᠤᠯ ᠢ ᠴᠢᠩᠭᠠᠳᠬᠠᠵᠤ᠂ ᠴᠢᠬᠤᠯᠠ ᠪᠠᠴᠢᠮ ᠪᠠᠶᠢᠳᠠᠯ ᠪᠣᠯᠣᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠲᠤᠰᠬᠠᠵᠤ᠂ ᠴᠠᠭ ᠲᠤᠬᠠᠢ ᠳᠤᠨᠢ ᠪᠣᠳᠠᠲᠠᠢ ᠰᠢᠢᠳᠪᠦᠷᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ   ᠨᠠᠶᠢᠳᠠᠪᠤᠷᠢᠵᠢᠭᠤᠯᠵᠤ᠂ ᠥᠨᠳᠥᠷ ᠦᠷ᠎ᠡ ᠪᠦᠲᠦᠮᠵᠢᠲᠡᠶ ᠵᠢᠯᠣᠭᠤᠳᠤᠨ ᠲᠣᠬᠢᠷᠠᠭᠤᠯᠬᠤ ᠪᠠ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠢᠮᠠᠭᠲᠠ ᠪᠠᠷᠢᠮᠲᠠᠯᠠᠵᠤ᠂ ᠠᠵᠢᠯᠲᠠᠨ ᠢ ᠬᠠᠮᠢᠶᠠᠷᠤᠨ ᠡᠵᠡᠮᠳᠡᠬᠦ᠂ ᠡᠳ᠋ ᠪᠣᠳᠠᠰ ᠢ ᠪᠠᠲᠤᠯᠠᠬᠤ᠂ ᠡᠳ᠋ ᠪᠠᠷᠠᠭ᠎ᠠ ᠶᠢ ᠭᠦᠢᠯᠭᠡᠭᠡᠨ ᠳᠤ ᠣᠷᠣᠭᠤᠯᠬᠤ ᠵᠡᠷᠭᠡ ᠲᠠᠯ᠎ᠠ ᠪᠠᠷ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠰᠦᠯᠵᠢᠶ᠎ᠡ ᠶᠢ ᠨᠢᠭᠲᠠ ᠴᠢᠩᠭ᠎ᠠ ᠰᠦᠯᠵᠢᠵᠦ᠂ ᠮᠠᠨ ᠤ  ᠲᠤᠭᠤᠷᠢᠭ ᠤᠨ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤᠳᠬᠠᠬᠤ ᠬᠡᠷᠡᠭᠲᠡᠢ᠃ ᠡᠭᠦᠨ ᠤ ᠬᠠᠮᠲᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯᠲᠠᠨ ᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠬᠥᠮᠥᠰ ᠤᠨ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ︽ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ ᠠᠪᠬᠤ︾᠎ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠥ᠋ᠩ ᠤᠨ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠰᠢᠢᠳᠪᠦᠷᠢᠯᠡᠭᠦᠯᠦᠭᠰᠡᠨ ᠲᠥᠪ ᠤᠨ ᠭᠤᠷᠪᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠪᠣᠯᠣᠨ ᠤᠷᠠᠳ ᠤᠨ ᠡᠮᠦᠨᠡᠲᠦ ᠬᠤᠰᠢᠭᠤᠨ ᠳᠤ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠱᠠᠯᠠᠪᠳᠠᠭᠤᠯᠤᠨ ᠰᠢᠢᠳᠪᠦᠷᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠰᠢᠢᠳᠪᠦᠷᠢᠯᠡᠭᠦᠯᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠯᠤᠰ ᠲᠥᠷᠥᠴᠢ ᠴᠢᠨᠠᠷ᠂ ᠲᠥᠪ ᠴᠢᠩᠭ᠎ᠠ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠲᠦᠷᠭᠡᠨ ᠠᠵᠢᠯᠯᠠᠭ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠨᠢᠭᠡᠪᠦᠷᠢ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠴᠢᠩᠭ᠎ᠠ ᠴᠡᠭᠴᠡᠯᠡᠨ ᠰᠠᠶᠢᠵᠢᠷᠠᠭᠤᠯᠬᠤ᠂ ᠲᠦᠷᠭᠡᠨ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠬᠡᠷᠡᠭ ᠲᠤ᠂  ᠲᠤᠭᠤᠷᠢᠭ ‍ᠤᠨ‌‍ᠱᠠᠲᠤᠨ ᠤ ᠤᠳᠤᠷᠢᠳᠤᠯᠭ᠎ᠠ ᠶᠢᠨ ᠳᠠᠭᠠᠭᠠᠨ ᠬᠤᠯᠪᠣᠭᠠᠯᠠᠵᠤ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠭᠲᠠᠭᠠᠵᠤ᠂ ᠪᠥᠬᠦ ᠶᠠᠪᠤᠴᠠ ᠳᠤ ᠮᠥᠷᠳᠡᠨ ᠠᠬᠢᠭᠤᠯᠵᠤ᠂ ᠠᠬᠢᠴᠠ ᠶᠢᠨ ᠪᠠᠶᠢᠳᠠᠯ ᠢᠶᠠᠨ ᠡᠳᠦᠷ ᠪᠦᠷᠢ ᠳᠡᠭᠡᠭᠰᠢ ᠮᠡᠳᠡᠭᠦᠯᠵᠦ᠂ ᠲᠦᠷᠭᠡᠨ ᠰᠢᠯᠵᠢᠭᠦᠯᠦᠨ ᠲᠦᠷᠭᠡᠨ ᠰᠢᠢᠳᠪᠦᠷᠢᠯᠡᠬᠦ᠂ ᠲᠦᠷᠭᠡᠨ ᠳ᠋ᠦᠩᠨᠡᠨ ᠲᠦᠷᠭᠡᠨ ᠮᠡᠳᠡᠭᠦᠯᠬᠦ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠨᠡᠨ ᠪᠣᠳᠠᠲᠠᠢ ᠦᠷ᠎ᠡ ᠪᠦᠲᠦᠮᠵᠢ ᠪᠠᠷ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠬᠤᠷᠠᠯ ᠠᠴᠠ ︽ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠣᠭᠤᠷᠢᠭ ᠤᠨ ᠲᠡᠰ ᠤᠨ ᠤᠳᠤᠷᠢᠳᠤᠯᠭ᠎ᠠ ᠰᠢᠶᠠᠩ ᠪᠠᠯᠭᠠᠰᠤ ᠵᠡᠭᠡᠯᠢ ᠭᠤᠳᠤᠮᠵᠢ ᠶᠢ ᠳᠠᠭᠠᠭᠠᠴᠢᠯᠠᠨ ᠬᠢᠨᠠᠨ ᠵᠢᠯᠤᠭᠤᠳᠬᠤ ᠡᠭᠦᠷᠭᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ 2022 ᠣᠨ ᠪᠣᠯ ᠤᠯᠠᠭᠠᠨᠴᠠᠪ ᠬᠤᠳᠠ ᠶᠢᠨ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠤᠶᠠᠳᠤᠭᠠᠷ ᠵᠢᠯ ᠪᠣᠯᠣᠨ᠎ᠠ᠂ ᠨᠡᠩ ᠴᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠲᠠᠬᠢᠨ ᠴᠡᠭᠴᠡᠯᠡᠵᠦ ᠲᠠᠬᠢᠨ ᠮᠣᠷᠳᠠᠵᠤ᠂ ︽ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾᠎ ᠲᠠᠢ ᠬᠠᠷᠢᠴᠠᠭᠤᠯᠵᠤ᠂ ᠡᠭᠦᠷᠭᠡ ᠪᠠᠨ ᠴᠠᠭ ᠲᠤᠬᠠᠢ ᠳᠤᠨᠢ ᠵᠠᠳᠠᠯᠵᠤ᠂ ᠠᠷᠭ᠎ᠠ ᠬᠡᠮᠵᠢᠶ᠎ᠡ ᠪᠠᠨ ᠲᠠᠰᠤᠷᠠᠯᠳᠡ ᠦᠭᠡᠢ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠵᠢᠯ ᠢ ᠲᠥᠯᠥᠪᠯᠡᠭᠡ ᠲᠠᠢ ᠪᠠᠷ ᠲᠣᠭᠲᠠᠭᠤᠨ ᠢᠶᠠᠷ ᠬᠡᠷᠡᠭᠵᠢᠭᠦᠯᠬᠦ᠂ ᠱᠠᠲᠤ ᠬᠤᠪᠢᠶᠠᠨ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ  ᠵᠢᠭᠠᠪᠠ᠃ ᠡᠯ᠎ᠡ ᠳᠠᠭᠠᠭᠠᠴᠢᠯᠠᠯᠲᠠ ᠶᠢᠨ ᠤᠳᠤᠷᠢᠳᠤᠯᠭ᠎ᠠ ᠨᠠᠷ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠡᠮᠦᠨ᠎ᠡ ᠨᠢ ᠵᠢᠯᠤᠭᠤᠳᠴᠤ᠂ ᠪᠠᠶᠢᠩᠭᠤᠵᠢᠭᠤᠯᠬᠤ ᠶᠢ ᠪᠠᠲᠤᠯᠠᠵᠤ᠂ ᠳᠠᠭᠠᠭᠠᠴᠢᠯᠠᠯᠲᠠ ᠶᠢᠨ ᠰᠢᠶᠠᠩ ᠪᠠᠯᠭᠠᠰᠤ ᠵᠡᠭᠡᠯᠢ ᠭᠤᠳᠤᠮᠵᠢ ᠳᠤ ᠭᠦᠨᠵᠡᠭᠡᠶᠢᠷᠡᠨ ᠲᠥᠪᠯᠡᠷᠡᠯ ᠤᠨ ᠴᠡᠭ᠂ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠲᠠ ᠪᠠᠶᠢᠭᠤᠯᠬᠤ ᠠᠵᠢᠯ ᠢ ᠵᠢᠯᠣᠭᠤᠳᠤᠨ ᠰᠢᠮᠳᠠᠭᠤᠯᠤᠨ ᠪᠠᠶᠢᠴᠠᠭᠠᠵᠤ᠂ ᠪᠥᠬᠦ  ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠮᠠᠨ ᠤ ᠲᠤᠭᠤᠷᠢᠭ ᠤᠨ ᠡᠨᠡ ᠵᠢᠯ ᠤᠨ ᠡᠭᠦᠳᠦᠨ ᠪᠠᠶᠢᠭᠤᠯᠬᠤ ᠠᠵᠢᠯ ᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠢᠶᠠᠷ ᠳᠡᠭᠡᠭᠰᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠷᠠᠯ ᠠᠴᠠ︽ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠵᠢᠭᠠᠨ ᠵᠢᠯᠤᠭᠤᠳᠴᠤ ᠬᠢᠨᠠᠨ ᠵᠢᠯᠤᠭᠤᠳᠴᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠲᠥᠰᠥᠯ︵ᠬᠢᠨᠠᠨ ᠵᠥᠪᠯᠡᠬᠦ ᠨᠣᠣᠷᠠᠭ︶︾ ᠎ ᠢ ᠬᠢᠨᠠᠨ ᠵᠥᠪᠯᠡᠵᠦ ᠪᠠᠲᠤᠯᠠᠪᠠ᠃ ︽ᠪᠥᠬᠦ ᠬᠤᠲᠠ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠥᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠵᠢᠨᠢᠩ ᠲᠣᠭᠤᠷᠢᠭ ᠤᠨ ︽ᠪᠥᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠥᠯ︾᠎ ᠢ ᠬᠢᠨᠠᠨ ᠶᠠᠷᠢᠯᠴᠠᠵᠤ ᠪᠠᠲᠤᠯᠠᠭᠠᠳ‌ᠬᠠᠮᠢᠶ᠎ᠠ ᠪᠦᠬᠦᠢ ᠠᠵᠢᠯ ᠢ ᠲᠣᠬᠢᠷᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠵᠢᠯᠣᠭᠤᠳᠤᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠲᠠᠬᠢᠨ ᠳᠠᠪᠲᠠᠨ ᠪᠦᠬᠦ ᠲᠠᠯ᠎ᠠ ᠪᠠᠷ ᠬᠠᠷᠢᠴᠠᠭᠤᠯᠵᠤ᠂ ᠵᠦᠢᠯ ᠵᠤᠷᠪᠤᠰ ᠳᠠᠷᠠᠭᠠᠯᠠᠨ ︽ᠰᠢᠯᠢᠨ ᠭᠠᠷᠭᠠᠵᠤ︾᠂ ᠨᠢᠭᠡ ᠨᠢᠭᠡ ᠪᠠᠷ ︽ᠲᠠᠩᠰᠠ ᠲᠡᠮᠳᠡᠭᠯᠡᠵᠦ︾᠂ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠪᠤᠰᠤᠳ ᠨᠡᠶᠢᠲᠡᠴᠢ ᠴᠢᠨᠠᠷᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠦᠨᠵᠡᠭᠡᠢ ᠥᠪᠡᠷ ᠢᠶᠠᠨ ᠪᠠᠶᠢᠴᠠᠭᠠᠵᠤ᠂ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ᠂ ᠬᠡᠯᠪᠡᠶᠢᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠣᠨ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ  ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠬᠤ ᠬᠡᠷᠡᠭᠲᠡᠢ᠃ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠥᠨᠳᠥᠷᠴᠡ ᠳᠡᠭᠡᠷ᠎ᠡ ᠵᠣᠭᠰᠣᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠣᠷᠣᠨ ᠪᠠᠶᠢᠷᠢ ᠳᠤᠨᠢ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠭᠰᠠᠨ ᠠᠰᠠᠭᠤᠳᠠᠯ ᠤᠨ ᠪᠠᠶᠢᠷᠢ ᠲᠣᠭᠲᠠᠭᠠᠯᠲᠠ ᠶᠢ ᠦᠨᠡᠨ ᠬᠦ ᠣᠨᠣᠪᠴᠢᠲᠠᠢ ᠲᠣᠭᠲᠠᠭᠠᠵᠤ᠂ ᠡᠮᠬᠢᠯᠡᠨ ᠲᠢᠭᠯᠡᠵᠦ᠂ ᠲᠥᠪᠯᠡᠷᠡᠭᠦᠯᠦᠨ ᠵᠠᠰᠠᠬᠤ ᠪᠠᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠬᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃            ᠵᠢᠷᠤᠭ᠄  ᠭᠦᠸᠧ ᠸᠧᠨ ᠵᠢᠶᠧ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2