ᠵᠢᠨᠢᠩ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/4/18
800470.jpg
       ᠣᠶᠢᠷ᠎ᠠ ᠳᠤ᠂ ᠮᠠ ᠯᠢᠶᠠᠨ ᠴᠢᠦᠢ ᠰᠢᠶᠠᠩ ᠤᠨ ᠯᠢᠦ ᠬᠤᠸ ᠴᠢᠦᠢ ᠲᠣᠰᠬᠤᠨ ᠳᠤ᠂ ᠲᠠᠷᠢᠶᠠᠯᠠᠩ ᠤᠨ ᠮᠠᠰᠢᠨ ᠲᠠᠭᠤᠨ ᠎ ᠳᠤ᠂ ᠲᠠᠷᠢᠶᠠᠯᠠᠩ ᠤᠨ ᠲᠣᠮᠣ ᠡᠷᠦᠬᠡ ᠵᠠᠩ ᠭᠦᠸᠧ ᠴᠢᠶᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠲᠠᠷᠢᠮᠠᠯ ᠤᠨ ᠲᠥᠷᠥᠯ ᠵᠦᠢᠯ ᠤᠨ ᠬᠥᠬᠡ ᠳᠠᠷᠤᠰᠢ ᠶᠢᠨ ᠡᠷᠳᠡᠨᠢ ᠰᠢᠰᠢ ᠳᠠᠷᠢᠬᠤ ᠠᠵᠢᠯ ᠵᠢᠩᠬᠢᠨᠢ ᠪᠠᠷ ᠡᠬᠢᠯᠡᠪᠡ᠃     ᠦᠷ᠎ᠡ ᠰᠠᠴᠤᠬᠤ ᠲᠤᠬᠠᠢ ᠶᠢᠨ ᠲᠠᠯᠠᠪᠠᠢ ᠳᠤ᠂ 5 ᠦᠷ᠎ᠡ ᠶᠢᠨ ᠮᠠᠰᠢᠨ ᠲᠠᠷᠢᠶᠠᠨ ᠳᠤ ᠨᠠᠰᠢ ᠴᠠᠰᠢ ᠰᠦᠯᠵᠢᠯᠳᠦᠵᠦ᠂ ᠠᠵᠢᠯᠯᠠᠵᠤ ᠪᠠᠶᠢᠭ᠎ᠠ ᠬᠥᠮᠥᠰ ᠦᠷ᠎ᠡ ᠰᠠᠴᠤᠬᠤ ᠮᠠᠰᠢᠨ ᠳᠤ ᠦᠷ᠎ᠡ᠂ ᠬᠢᠮᠢ ᠶᠢᠨ ᠪᠣᠷᠳᠣᠭᠤᠷ᠂ ᠲᠤᠬᠠᠢ ᠶᠢᠨ ᠲᠠᠯᠠᠪᠠᠢ ᠳᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠵᠦ᠂ ᠦᠷ᠎ᠡ ᠰᠠᠴᠤᠬᠤ ᠠᠵᠢᠯ ᠢ ᠵᠢᠯᠤᠭᠤᠳᠴᠤ᠂ ᠮᠡᠷᠭᠡᠵᠢᠯ ᠤᠨ ᠦᠢᠯᠡᠴᠢᠯᠡᠭᠡ ᠥᠷᠨᠢᠭᠦᠯᠵᠡᠢ᠃    ᠣᠳᠣᠬᠠᠨ ᠳᠤ ᠶᠠᠭ ᠰᠠᠶᠢᠬᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠠᠪᠤᠷ ᠤᠨ ᠲᠠᠷᠢᠶᠠᠯᠠᠭ᠎ᠠ ᠶᠢᠨ ᠴᠢᠬᠤᠯᠠ ᠴᠠᠭ ᠦᠶ᠎ᠡ ᠪᠣᠯᠵᠤ ᠪᠠᠶᠢᠨ᠎ᠠ᠃ ᠲᠤᠭᠤᠷᠢᠭ  ᠎ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠲᠥᠯᠥᠪᠯᠡᠵᠦ᠂ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠢᠳᠡᠪᠬᠢᠲᠡᠢ ᠪᠠᠷ ᠰᠢᠯᠵᠢᠭᠦᠯᠦᠨ ᠲᠡᠭᠡᠭᠡᠪᠦᠷᠢᠯᠡᠵᠦ ᠨᠥᠭᠡᠴᠡᠯᠡᠨ᠂ ᠲᠠᠷᠢᠶᠠᠯᠠᠩ ᠤᠨ ᠮᠠᠰᠢᠨ ᠤ ᠰᠢᠨ᠎ᠡ ᠮᠡᠷᠭᠡᠵᠢᠯ᠂ ᠠᠶᠤᠯᠭᠦᠢ ᠦᠢᠯᠡᠳᠪᠦᠷᠢᠯᠡᠯ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠬᠤ᠂ ᠠᠷᠠᠴᠢᠯᠠᠨ ᠬᠠᠮᠠᠭᠠᠯᠠᠬᠤ ᠵᠡᠷᠭᠡ ᠪᠣᠯᠪᠠᠰᠤᠷᠠᠭᠤᠯᠤᠯ ᠢ ᠬᠢᠨᠠᠮᠠᠭᠠᠢ ᠥᠷᠨᠢᠭᠦᠯᠵᠦ᠂ ᠥᠨᠳᠥᠷ ᠪᠦᠲᠦᠮᠵᠢᠲᠡᠶ᠂ ᠪᠠᠭ᠎ᠠ ᠬᠤᠷᠣᠭᠳᠠᠯ ᠲᠠᠢ᠂ ᠠᠮᠤᠷ ᠲᠦᠪᠰᠢᠨ ᠢᠶᠠᠷ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠥᠷᠨᠢᠭᠦᠯᠬᠦ ᠳᠤ ᠭᠦᠢᠴᠡᠳ ᠪᠡᠯᠡᠳᠬᠡᠯ ᠬᠢᠵᠡᠢ᠃ ᠣᠳᠣᠬᠠᠨ ᠪᠣᠯᠲᠠᠯ᠎ᠠ᠂ ᠪᠥᠬᠦ  ᠲᠤᠭᠤᠷᠢᠭ ᠤᠨ ᠲᠷᠠᠺᠲ᠋ᠣᠷ ᠤᠨ ᠬᠠᠳᠠᠭᠠᠯᠠᠯᠲᠠ ᠶᠢᠨ ᠬᠡᠮᠵᠢᠶ᠎ᠡ 632 ᠰᠠᠭᠤᠷᠢ ᠪᠠᠶᠢᠵᠤ᠂ 1415  ᠰᠠᠭᠤᠷᠢ ᠢᠵᠢ ᠪᠦᠷᠢᠳᠦᠭᠦᠯᠬᠦ ᠮᠠᠰᠢᠨ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢᠨ ᠲᠥᠷᠥᠯ ᠵᠦᠢᠯ ᠪᠦᠷᠢᠨ᠂ ᠨᠥᠭᠡᠴᠡ ᠭᠦᠢᠴᠡᠳ ᠪᠠᠶᠢᠨ᠎ᠠ᠃      ᠪᠠᠢ ᠬᠠᠢ ᠽᠢ ᠪᠠᠯᠭᠠᠰᠤᠨ ᠤ ᠵᠢᠷᠭᠤᠳᠤᠭᠠᠷ ᠰᠤᠮᠤ ᠲᠣᠰᠬᠤᠨ ᠤ ᠲᠠᠷᠢᠬᠤ ᠲᠤᠬᠠᠢ ᠶᠢᠨ ᠲᠠᠯᠠᠪᠠᠢ ᠳᠤ᠂ ᠲᠣᠮᠣ ᠬᠡᠯᠪᠡᠷᠢ ᠶᠢᠨ ᠲᠥᠮᠥᠰᠥ ᠲᠠᠷᠢᠬᠤ ᠮᠠᠰᠢᠨ ᠲᠠᠷᠢᠶᠠᠨ ᠭᠠᠵᠠᠷ ᠢᠶᠠᠷ ᠨᠠᠰᠢ ᠴᠠᠰᠢ ᠰᠦᠯᠵᠢᠯᠳᠦᠵᠦ ᠪᠠᠶᠢᠯ᠎ᠠ᠃ ᠠᠷᠪᠠ ᠭᠠᠷᠤᠢ ᠵᠢᠯ ᠤᠨ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠢ ᠵᠢᠯᠣᠭᠤᠳᠤᠭᠰᠠᠨ ᠲᠤᠷᠰᠢᠯᠭ᠎ᠠ ᠲᠠᠢ ᠵᠠᠩ ᠪᠠᠭᠰᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ ᠲᠠᠷᠢᠶᠠᠯᠠᠩ ᠤᠨ ᠮᠠᠰᠢᠨᠴᠢᠯᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ ᠪᠠᠶᠢᠨ᠎ᠠ᠂ ᠢᠯᠠᠩᠭᠤᠶ᠎ᠠ ᠲᠥᠮᠥᠰᠥ ᠳᠠᠷᠢᠬᠤ ᠪᠦᠷᠢᠨ ᠠᠦ᠋ᠲ᠋ᠣ᠋ ᠮᠠᠰᠢᠨ ᠤ ᠪᠠᠶᠢᠭᠤᠯᠤᠭᠰᠠᠨ ᠭᠠᠵᠠᠷ ᠤᠨ ᠳᠠᠯᠠᠩ ᠤᠨ ᠥᠨᠳᠥᠷ ᠤᠨ ᠬᠡᠮᠵᠢᠶ᠎ᠡ᠂ ᠥᠷᠭᠡᠨ ᠤ ᠬᠡᠮᠵᠢᠶ᠎ᠡ ᠨᠠᠩ ᠪᠠᠷᠢᠮᠵᠢᠶ᠎ᠠ ᠲᠠᠢ᠂ ᠨᠢᠭᠡᠳᠦᠯᠲᠡᠢ ᠪᠣᠯᠭᠠᠭᠰᠠᠨ ᠢᠶᠠᠷ ᠪᠠᠷᠠᠬᠤ ᠦᠭᠡᠢ᠂ ᠦᠷ᠎ᠡ ᠪᠦᠲᠦᠮᠵᠢ ᠶᠢ ᠴᠦ ᠬᠥᠮᠥᠨ ᠤ ᠬᠦᠴᠦᠨ ᠲᠠᠢ ᠠᠳᠠᠯᠢᠳᠬᠠᠬᠤ ᠶᠢᠨ ᠠᠷᠭ᠎ᠠ ᠦᠭᠡᠢ ᠶᠤᠮ᠂ ᠡᠶᠢᠮᠦ ᠥᠨᠳᠥᠷ ᠦᠷ᠎ᠡ ᠪᠦᠲᠦᠮᠵᠢ ᠲᠠᠢ ᠦᠷ᠎ᠡ ᠳᠠᠷᠢᠬᠤ ᠮᠠᠰᠢᠨ ᠤ ᠦᠷ᠎ᠡ ᠪᠦᠲᠦᠮᠵᠢ ᠨᠢ ᠥᠨᠳᠥᠷ᠂ ᠬᠤᠷᠳᠤᠴᠠ ᠎ ᠨᠢ ᠲᠦᠷᠭᠡᠨ ᠪᠠᠶᠢᠵᠤ᠂ ᠴᠠᠭ ᠤᠯᠠᠷᠢᠯ ᠢ ᠠᠮᠵᠢᠨ ᠳᠠᠷᠢᠬᠤ ᠨᠢ ᠲᠠᠷᠢᠶᠠᠨ ᠴᠠᠭ ᠢ ᠰᠠᠭᠠᠲᠠᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ ᠭᠡᠵᠡᠢ᠃    ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠲᠥᠯᠥᠭᠡ᠂ ᠵᠢᠨᠢᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠷᠢᠶᠠᠯᠠᠩ ᠤᠨ ᠲᠠᠷᠢᠮᠠᠯ ᠢ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ ᠲᠡᠰᠢ ᠬᠥᠭᠵᠢᠭᠦᠯᠬᠦ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠲᠠᠷᠢᠮᠠᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠢ᠃ ᠡᠨᠡ ᠵᠢᠯ ᠵᠢᠨᠢᠩ ᠲᠣᠭᠤᠷᠢᠭ ᠤᠨ ᠵᠢᠱᠢᠯᠲᠡ ᠪᠠᠷ ᠲᠠᠷᠢᠮᠠᠯ ᠤᠨ ᠶᠡᠷᠦᠩᠬᠡᠢ ᠳᠠᠷᠢᠬᠤ ᠲᠠᠯᠠᠪᠠᠶ 11.03 ᠲᠦᠮᠡᠨ ᠮᠦ ᠪᠠᠶᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ 7.4 ᠲᠦᠮᠡᠨ ᠮᠦ᠂ ᠠᠵᠤ ᠠᠬᠤᠢ ᠶᠢᠨ ᠲᠠᠷᠢᠮᠠᠯ 2.5 ᠲᠦᠮᠡᠨ ᠮᠦ᠂ ᠲᠡᠵᠢᠭᠡᠯ ᠡᠪᠡᠰᠦ ᠵᠢᠴᠢ ᠪᠤᠰᠤᠳ ᠲᠠᠷᠢᠮᠠᠯ 1.13 ᠲᠦᠮᠡᠨ ᠮᠦ  ᠪᠤᠢ᠃               ᠵᠢᠷᠤᠭ᠄ ᠸᠠᠩ ᠳ᠋ᠠ ᠸᠧᠢ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2