ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠎ ᠶᠢ ᠲᠦᠭᠡᠮᠵᠢᠯᠡᠭᠦᠯᠵᠦ ᠬᠠᠯᠠᠮᠰᠢᠯ  ᠠᠰᠠᠭᠤᠳᠠᠯ ᠢ  ᠲᠠᠨ ᠎ ᠳᠤ  ᠬᠠᠪᠰᠤᠷᠤᠨ  ᠲᠠᠶᠢᠯᠪᠦᠷᠢ᠊
ᠨᠡᠶᠢᠲᠡᠯᠡᠭᠰᠡᠨ ᠴᠠᠭ᠄
2022/4/20
jnqzfw_2022418101125.png
ᠰᠤᠷᠪᠤᠯᠵᠢᠯᠠᠭᠰᠠᠨ ᠴᠠᠭ᠄ 2022-04-1810: 15ᠰᠤᠷᠪᠤᠯᠵᠢᠯᠠᠭᠰᠠᠨ ᠵᠣᠴᠢᠨ᠄ ᠳ᠋ᠦᠩ ᠹᠧᠩ ᠯᠢ     ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠰᠣᠷᠪᠤᠯᠵᠢᠯᠠᠭ᠎ᠠ ᠳᠤ ᠠᠩᠬᠠᠷᠤᠯ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠤᠨ ᠰᠣᠷᠪᠤᠯᠵᠢᠯᠠᠭ᠎ᠠ ᠳᠤ ᠪᠢᠳᠡ ᠵᠢᠨᠢᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ‌‍ᠲ᠋ᠠᠷᠤᠭ᠎ᠠ ᠳ᠋ᠦᠩ ᠹᠧᠩ ᠯᠢ ᠨᠥᠬᠦᠷ ᠢ ᠤᠷᠢᠪᠠ᠃         ᠳ᠋ᠦᠩ ᠲᠣᠪᠴᠢᠶᠠᠨ ᠳᠠᠷᠤᠭ᠎ᠠ ᠂ ᠲᠠ ᠰᠠᠶᠢᠨ ᠤᠤ︖      ᠳ᠋ᠦᠩ ᠹᠧᠩ ᠯᠢ᠄ ᠬᠥᠲᠥᠯᠥᠭᠴᠢ ᠰᠠᠶᠢᠨ  ᠤᠤ᠂ ᠰᠦᠯᠵᠢᠶᠡᠨ ᠤ ᠠᠨᠳᠠ ᠨᠠᠷ ᠰᠠᠶᠢᠨ  ᠤᠤ᠂ ᠡᠨᠡ ᠤᠳᠠᠭᠠᠨ ᠤ ᠰᠦᠯᠵᠢᠶᠡᠨ ᠰᠣᠷᠪᠤᠯᠵᠢᠯᠠᠭ᠎ᠠ ᠳᠤ ᠣᠷᠣᠯᠴᠠᠵᠤ᠂ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃      ᠰᠤᠷᠪᠤᠯᠵᠢᠯᠠᠭᠴᠢ᠄ 2022 ᠣᠨ ᠳᠤ ᠰᠢᠨ᠎ᠡ ᠪᠠᠷ ᠨᠡᠶᠢᠲᠡᠯᠡᠭᠰᠡᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠶ︖ᠶᠠᠮᠠᠷ ᠶᠠᠮᠠᠷ ᠲᠠᠯ᠎ᠠ ᠳᠤ ᠬᠤᠯᠪᠣᠭᠳᠠᠬᠤ ᠪᠤᠢ︖      ᠳ᠋ᠦᠩ ᠹᠧᠩ ᠯᠢ᠄ 2022 ᠣᠨ ᠳᠤ 28 ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ ᠨᠡᠶᠢᠲᠡᠯᠡᠵᠦ᠂ ︽ᠰᠢᠨ᠎ᠡ ᠨᠡᠶᠢᠯᠡᠮᠡᠯ ᠮᠠᠶ᠋ᠢᠭ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ︾ ᠬᠡᠮᠡᠭᠳᠡᠪᠡ᠂ ᠪᠣᠳᠠᠲᠠᠢ ᠪᠠᠷ ᠬᠡᠯᠡᠪᠡᠯ ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠭᠠᠶᠢᠯᠢ ᠶᠢ ᠲᠤᠯᠭᠠᠨ ᠪᠤᠴᠠᠭᠠᠬᠤ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠶᠢ ᠬᠠᠰᠤᠬᠤ᠂ ︽ᠵᠢᠷᠭᠤᠭᠠᠨ ᠭᠠᠶᠢᠯᠢ ᠬᠤᠶᠠᠷ ᠰᠦᠢᠳᠬᠡᠯ︾᠎ ᠤᠨ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠪᠠ ᠵᠢᠵᠢᠭ ᠬᠡᠯᠪᠡᠷᠢ ᠶᠢᠨ ᠠᠰᠢᠭ ᠣᠯᠬᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠳᠤ ᠬᠤᠯᠪᠣᠭᠳᠠᠨ᠎ᠠ᠃     ᠰᠤᠷᠪᠤᠯᠵᠢᠯᠠᠭᠴᠢ᠄ ᠲᠣᠰ ᠤᠳᠠᠭᠠᠨ ᠤ ᠦᠯᠡᠳᠡᠭᠡᠬᠦ ᠪᠠ ᠪᠤᠴᠠᠭᠠᠬᠤ ᠭᠠᠶᠢᠯᠢ ᠶᠢ ᠪᠤᠴᠠᠭᠠᠬᠤ ᠡᠷᠴᠢᠮ ᠢ ᠴᠢᠩᠭᠠᠷᠠᠭᠤᠯᠤᠭᠰᠠᠨ ᠠᠰᠢᠭ ᠭᠥᠷᠳᠡᠬᠦ ᠬᠠᠮᠲᠤᠯᠢᠭ ᠲᠤ ᠭᠤᠣᠯᠳᠠᠭᠤ ᠶᠠᠭᠤ ᠶᠠᠭᠤ ᠪᠠᠭᠲᠠᠬᠤ ᠪᠣᠶ︖      ᠳ᠋ᠦᠩ ᠹᠧᠩ ᠯᠢ᠄ ᠭᠤᠣᠯᠳᠠᠭᠤ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠪᠣᠯᠣᠨ ᠨᠥᠬᠦᠴᠡᠯ ᠳᠤ ᠨᠡᠶᠢᠴᠡᠬᠦ ︽ᠦᠶᠯᠡᠳᠬᠦ ᠦᠢᠯᠡᠰ︾ ︽ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ︾ ︽ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ︾ ︽ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ︾ ︽ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ︾ ᠪᠠ ︽ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ︵ᠳᠣᠷᠣᠭᠰᠢ ᠦᠶᠯᠡᠳᠬᠦ ᠦᠢᠯᠡᠰ ᠵᠡᠷᠭᠡ ᠠᠵᠢᠯ ᠲᠥᠷᠥᠯ ᠭᠡᠵᠦ ᠨᠡᠷᠡᠶᠢᠳᠦᠨ᠎ᠡ︶᠎ ᠤᠨ ᠠᠵᠢᠯ ᠲᠥᠷᠥᠯ ᠤᠨ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶᠃      ᠰᠤᠷᠪᠤᠯᠵᠢᠯᠠᠭᠴᠢ᠄ ᠦᠯᠡᠳᠡᠭᠡᠬᠦ ᠪᠠ ᠭᠠᠶᠢᠯᠢ ᠶᠢ ᠪᠤᠴᠠᠭᠠᠬᠤ ᠠᠷᠭ᠎ᠠ ᠵᠠᠮ ᠪᠠ ᠭᠤᠶᠤᠴᠢᠯᠠᠬᠤ ᠴᠠᠭ ᠨᠢ ᠶᠠᠮᠠᠷ ᠪᠣᠶ︖       ᠳ᠋ᠦᠩ ᠹᠧᠩ ᠯᠢ᠄ ᠭᠠᠶᠢᠯᠢ ᠲᠤᠰᠢᠶᠠᠭᠴᠢ ᠭᠠᠶᠢᠯᠢ ᠲᠤᠰᠢᠶᠠᠬᠤ ᠪᠠᠷ ᠮᠡᠳᠡᠭᠦᠯᠬᠦ ᠬᠤᠭᠤᠴᠠᠭᠠᠨ ᠳᠤ᠂ ᠲᠣᠰ ᠬᠤᠭᠤᠴᠠᠭᠠᠨ ᠤ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠤᠰᠢᠶᠠᠬᠤ ᠪᠠᠷ ᠮᠡᠳᠡᠭᠦᠯᠦᠭᠰᠡᠨ ᠤ ᠳᠠᠷᠠᠭ᠎ᠠ᠂ ᠰᠦᠯᠵᠢᠶᠡᠨ ᠳᠡᠭᠡᠷᠡᠬᠢ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠤᠶᠤ ᠪᠣᠳᠠᠲᠤ ᠴᠣᠭᠴᠠ ᠶᠢᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢᠶᠠᠷ ᠳᠠᠮᠵᠢᠭᠤᠯᠤᠨ ︽ᠭᠠᠶᠢᠯᠢ ᠪᠤᠴᠠᠭᠠᠬᠤ ︵ᠲᠤᠯᠭᠠᠬᠤ︶ ᠭᠤᠶᠤᠴᠢᠯᠠᠯ ᠤᠨ ᠬᠦᠰᠦᠨᠦᠭᠲᠦ︾᠎ ᠶᠢ ᠲᠤᠰᠢᠶᠠᠵᠤ᠂ ᠭᠠᠶᠢᠯᠢ ᠶᠢ ᠦᠯᠡᠳᠡᠭᠡᠨ  ᠪᠤᠴᠠᠭᠠᠬᠤ ᠪᠠᠷ ᠭᠤᠶᠤᠴᠢᠯᠠᠨ᠎ᠠ᠃      2022 ᠣᠨ ᠤ 4 ᠰᠠᠷ᠎ᠠ ᠠᠴᠠ 6 ᠰᠠᠷ᠎ᠠ ᠶᠢᠨ ᠬᠤᠭᠤᠷᠣᠨᠳᠤ ᠦᠯᠡᠳᠡᠭᠡᠨ ᠰᠠᠭᠤᠯᠭᠠᠵᠤ ᠭᠠᠶᠢᠯᠢ ᠪᠤᠴᠠᠭᠠᠬᠤ ᠪᠠᠷ ᠭᠤᠶᠤᠴᠢᠯᠠᠬᠤ ᠴᠠᠭ ᠢ ᠰᠠᠷ᠎ᠠ ᠪᠦᠷᠢ ᠶᠢᠨ ᠬᠠᠮᠤᠭ ᠰᠡᠭᠦᠯᠴᠢ ᠶᠢᠨ ᠨᠢᠭᠡ ᠠᠵᠢᠯ ᠤᠨ ᠡᠳᠦᠷ ᠪᠣᠯᠲᠠᠯ᠎ᠠ ᠤᠷᠲᠤᠳᠬᠠᠨ᠎ᠠ᠂ ᠠᠳᠠᠯᠢ ᠪᠤᠰᠤ ᠠᠵᠤ ᠠᠬᠤᠶᠢᠯᠠᠯ ᠤᠨ ᠠᠳᠠᠯᠢ ᠪᠤᠰᠤ ᠲᠦᠷᠦᠯ ᠬᠡᠯᠪᠡᠷᠢ ᠶᠢᠨ ᠦᠯᠡᠳᠡᠭᠡᠨ ᠰᠠᠭᠤᠯᠭᠠᠵᠤ ᠭᠠᠶᠢᠯᠢ ᠶᠢᠨ ᠲᠤᠭ᠎ᠠ ᠶᠢ ᠭᠤᠶᠤᠴᠢᠯᠠᠬᠤ ᠴᠠᠭ ᠨᠢ ᠵᠢᠭᠠᠬᠠᠨ ᠵᠥᠷᠢᠶ᠎ᠡ ᠲᠠᠢ ᠪᠠᠶᠢᠳᠠᠭ᠂ ᠳᠣᠣᠷᠠᠬᠢ ᠬᠦᠰᠦᠨᠦᠭᠲᠦ ᠪᠠᠷ ᠪᠣᠳᠠᠲᠠᠢ ᠯᠠᠪᠯᠠᠯᠲᠠ ᠪᠣᠯᠭᠠᠨ᠎ᠠ᠄      ᠬᠦᠰᠦᠨᠦᠭᠲᠦ ᠶᠢ ᠤᠤᠯ ᠮᠠᠲ᠋ᠧᠷᠢᠶᠠᠯ ᠠᠴᠠ ᠦᠵᠡᠭᠡᠷᠡᠢ᠃   ᠰᠤᠷᠪᠤᠯᠵᠢᠯᠠᠭᠴᠢ᠄ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠭᠤᠪᠢᠭᠤᠯᠤᠨ ᠪᠤᠳᠤᠬᠤ ᠶᠢᠨ ᠡᠬᠢᠯᠡᠵᠦ ᠳᠠᠭᠤᠰᠬᠤ ᠴᠠᠭ᠂ ᠭᠤᠪᠢᠭᠤᠯᠤᠨ ᠪᠤᠳᠤᠬᠤ ᠠᠷᠭ᠎ᠠ ᠵᠠᠮ ᠨᠢ ᠶᠠᠭᠤ ᠪᠣᠶ︖    ᠳ᠋ᠦᠩ ᠹᠧᠩ ᠯᠢ᠄ ᠡᠨᠡ ᠵᠢᠯ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠬᠤᠷᠢᠶᠠᠩᠭᠤᠶᠢᠯᠠᠨ ᠪᠤᠳᠤᠬᠤ ᠠᠵᠢᠯ ᠤᠨ ᠡᠬᠢᠯᠡᠵᠦ ᠳᠠᠭᠤᠰᠬᠤ ᠴᠠᠭ ᠨᠢ ᠮᠥᠨ ᠯᠡ 3 ᠰᠠᠷ᠎ᠠ ᠶᠢᠨ 1᠎ ᠤ ᠡᠳᠦᠷ ᠠᠴᠠ 6 ᠰᠠᠷ᠎ᠠ ᠶᠢᠨ 31᠎ ᠤ ᠡᠳᠦᠷ ᠪᠣᠯᠣᠨ᠎ᠠ᠂ ᠡᠨᠡ ᠬᠤᠭᠤᠴᠠᠭᠠᠨ ᠳᠤ᠂ ᠭᠠᠶᠢᠯᠢ ᠲᠤᠰᠢᠶᠠᠭᠴᠢ ᠭᠠᠷ ᠤᠲᠠᠰᠤᠨ ᠤ APP᠂ ᠰᠦᠯᠵᠢᠶᠡᠨ ᠤ ᠨᠢᠭᠤᠷ web ᠦᠵᠦᠭᠦᠷ᠂ ᠰᠢᠤᠳᠠᠨ ᠢᠶᠠᠷ ᠢᠯᠡᠭᠡᠬᠦ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠵᠡᠷᠭᠡ ᠠᠷᠭ᠎ᠠ ᠵᠠᠮ ᠢᠶᠠᠷ ᠣᠨ ᠤ ᠬᠤᠷᠢᠶᠠᠩᠭᠤᠶᠢᠯᠠᠨ ᠪᠤᠳᠤᠬᠤ ᠮᠡᠳᠡᠭᠦᠯᠦᠯᠲᠡ ᠬᠢᠵᠦ ᠪᠣᠯᠣᠨ᠎ᠠ᠃       ᠰᠤᠷᠪᠤᠯᠵᠢᠯᠠᠭᠴᠢ᠄ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠬᠤᠷᠢᠶᠠᠩᠭᠤᠶᠢᠯᠠᠨ ᠪᠣᠳᠣᠯᠲᠠ ᠬᠢᠬᠦ ᠴᠢᠬᠤᠯᠠᠲᠠᠢ ᠬᠥᠮᠥᠰ ᠶᠠᠮᠠᠷ ᠶᠠᠮᠠᠷ ᠪᠠᠶᠢᠬᠤ ᠪᠣᠶ︖       ᠳ᠋ᠦᠩ ᠹᠧᠩ ᠯᠢ᠄ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠬᠤᠷᠢᠶᠠᠩᠭᠤᠶᠢᠯᠠᠨ ᠪᠤᠳᠤᠬᠤ ᠳᠤ ᠣᠷᠤᠯᠴᠠᠬᠤ ᠴᠢᠬᠤᠯᠠᠲᠠᠢ ᠭᠤᠣᠯ ᠬᠥᠮᠥᠰ ᠭᠤᠣᠯᠳᠠᠭᠤ ᠬᠤᠶᠠᠷ ᠲᠥᠷᠥᠯ ᠪᠣᠶ᠂ ᠨᠢᠭᠡ ᠨᠢ ᠵᠢᠯ ᠤᠨ ᠤᠷᠢᠳᠴᠢᠯᠠᠨ ᠲᠤᠰᠢᠶᠠᠭᠰᠠᠨ ᠭᠠᠶᠢᠯᠢ ᠶᠢᠨ ᠲᠤᠭ᠎ᠠ ᠨᠢ ᠵᠢᠯ ᠤᠨ ᠲᠤᠰᠢᠶᠠᠬᠤ ᠶᠣᠰᠣᠲᠠᠢ ᠭᠠᠶᠢᠯᠢ ᠶᠢᠨ ᠲᠤᠭ᠎ᠠ ᠠᠴᠠ ᠶᠡᠭᠡ ᠮᠥᠷᠲᠡᠭᠡᠨ ᠭᠠᠶᠢᠯᠢ ᠪᠤᠴᠠᠭᠠᠬᠤ ᠪᠠᠷ ᠭᠤᠶᠤᠴᠢᠯᠠᠭᠰᠠᠨ ᠬᠥᠮᠥᠰ ᠃ ᠬᠤᠶᠠᠷ ᠲᠤ ᠵᠢᠯ ᠤᠨ ᠶᠡᠷᠦᠩᠬᠡᠢ ᠣᠷᠣᠯᠭ᠎ᠠ ᠶᠢᠨ ᠣᠷᠣᠯᠭ᠎ᠠ ᠨᠢ 12 ᠲᠦᠮᠡᠨ ᠲᠥᠭᠦᠷᠢᠭ ᠠᠴᠠ ᠶᠡᠭᠡ ᠪᠥᠭᠡᠳ ᠭᠠᠶᠢᠯᠢ ᠨᠥᠬᠦᠪᠦᠷᠢᠯᠡᠬᠦ ᠴᠢᠬᠤᠯᠠᠲᠠᠢ ᠵᠣᠭᠤᠰ ᠤᠨ ᠲᠤᠭ᠎ᠠ ᠨᠢ 400 ᠲᠥᠭᠦᠷᠢᠭ ᠠᠴᠠ ᠶᠡᠭᠡ ᠬᠥᠮᠥᠰ ᠪᠣᠯᠣᠨ᠎ᠠ᠃      ᠰᠤᠷᠪᠤᠯᠵᠢᠯᠠᠭᠴᠢ᠄ ᠡᠨᠡ ᠵᠢᠯ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠬᠤᠷᠢᠶᠠᠩᠭᠤᠶᠢᠯᠠᠯ ᠨᠢ ᠥᠩᠭᠡᠷᠡᠭᠰᠡᠨ ᠵᠢᠯ ᠤᠳ ᠤᠨ ᠬᠢ ᠠᠴᠠ ᠶᠠᠮᠠᠷ ᠬᠤᠪᠢᠷᠠᠯᠲᠠ ᠲᠠᠢ ᠪᠣᠶ︖      ᠳ᠋ᠦᠩ ᠹᠧᠩ ᠯᠢ᠄ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠭᠠᠷ ᠤᠲᠠᠰᠤᠨ ᠤ APP᠎ ᠳᠤ᠂ ᠪᠢᠳᠡ ᠵᠠᠷᠢᠮ ᠴᠢᠳᠠᠮᠵᠢ ᠶᠢ ᠰᠢᠯᠢᠳᠡᠭᠵᠢᠭᠦᠯᠦᠨ ᠲᠣᠬᠢᠷᠠᠭᠤᠯᠪᠠ᠂ ᠡᠭᠦᠨ ᠳᠤ ᠭᠤᠣᠯᠳᠠᠭᠤ ᠮᠡᠳᠡᠭᠦᠯᠬᠦ ᠬᠦᠰᠦᠨᠦᠭᠲᠦ ᠶᠢᠨ ᠵᠦᠢᠯᠡᠰ ᠤᠨ ᠤᠷᠢᠳᠴᠢᠯᠠᠨ ᠲᠠᠭᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠭᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠬᠦ᠂ ᠰᠠᠨᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠭᠤᠷᠪᠠᠨ ᠠᠭᠤᠯᠭ᠎ᠠ ᠶᠢ ᠪᠠᠭᠲᠠᠭᠠᠨ᠎ᠠ᠃      ᠰᠤᠷᠪᠤᠯᠵᠢᠯᠠᠭᠴᠢ᠄ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠣᠲᠣᠷ᠎ᠠ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠲᠤᠰᠬᠠᠢ ᠵᠦᠢᠯ ᠤᠨ ᠨᠡᠮᠡᠯᠲᠡ ᠰᠠᠭᠤᠳᠬᠠᠯ ᠰᠢᠨ᠎ᠡ ᠪᠠᠷ ᠨᠡᠮᠡᠭᠳᠡᠭᠰᠡᠨ ᠪᠠᠶᠢᠨ᠎ᠠ᠂ ᠲᠡᠭᠡᠪᠡᠯ ᠡᠨᠡᠬᠦ ᠰᠠᠭᠤᠳᠬᠠᠯ ᠤᠨ ᠬᠡᠷᠡᠭᠯᠡᠬᠦ ᠬᠡᠪᠴᠢᠶ᠎ᠡ᠂ ᠪᠠᠷᠢᠮᠵᠢᠶ᠎ᠠ ᠪᠣᠯᠣᠨ ᠴᠠᠭ ᠤᠨ ᠬᠢᠵᠠᠭᠠᠷ ᠨᠢ ᠶᠠᠭᠤ ᠪᠤᠶ ᡼︖      ᠳ᠋ᠦᠩ ᠹᠧᠩ ᠯᠢ᠄ ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠶᠢ ᠬᠠᠰᠤᠵᠤ ᠭᠠᠷᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2022﹈ 8 ᠳ᠋ᠤᠭᠠᠷ ᠲᠣᠭᠠᠲᠤ ︶᠎ ᠳᠤ᠄ ︽ᠨᠢᠭᠡ᠂ ᠭᠠᠶᠢᠯᠢ ᠲᠤᠰᠢᠶᠠᠭᠴᠢ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠬᠠᠮᠢᠶ᠎ᠠ ᠪᠦᠬᠦᠢ ᠵᠠᠷᠤᠯᠭ᠎ᠠ ᠶᠢ ᠨᠢᠯᠬ᠎ᠠ ᠬᠡᠦᠬᠡᠳ ᠨᠢᠭᠡᠪᠦᠷᠢ ᠳᠤ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠨᠣᠷᠮ᠎ᠠ ᠪᠠᠷ ᠬᠠᠰᠤᠵᠤ ᠭᠠᠷᠭᠠᠨ᠎ᠠ᠃ ᠬᠤᠶᠠᠷ᠂ ᠡᠴᠢᠭᠡ ᠡᠬᠡ ᠪᠣᠯᠣᠭᠰᠠᠳ ᠨᠢ ᠲᠡᠭᠦᠨ ᠤ ᠳᠣᠲᠣᠷᠠᠬᠢ ᠨᠢᠭᠡ ᠡᠲᠡᠭᠡᠳ ᠠᠴᠠ ᠨᠢ ᠰᠠᠭᠤᠯᠭᠠᠨ ᠠᠪᠬᠤ ᠪᠠᠷᠢᠮᠵᠢᠶ᠎ᠠ ᠶᠢᠨ 100%᠎ ᠪᠠᠷ ᠰᠠᠭᠤᠯᠭᠠᠨ ᠠᠪᠬᠤ ᠶᠢ ᠰᠣᠩᠭᠤᠵᠤ ᠪᠣᠯᠣᠨ᠎ᠠ᠂ ᠪᠠᠰᠠ ᠬᠤᠶᠠᠷ ᠡᠲᠡᠭᠡᠳ ᠢᠶᠠᠷ ᠢᠶᠠᠨ ᠲᠤᠰ ᠲᠤᠰ ᠰᠠᠭᠤᠯᠭᠠᠨ ᠠᠪᠬᠤ ᠪᠠᠷᠢᠮᠵᠢᠶ᠎ᠠ ᠶᠢᠨ 50%᠎ ᠪᠠᠷ ᠰᠠᠭᠤᠯᠭᠠᠨ ᠠᠪᠬᠤ ᠶᠢ ᠰᠣᠩᠭᠤᠵᠤ ᠪᠣᠯᠣᠨ᠎ᠠ᠂ ᠪᠣᠳᠠᠲᠠᠢ ᠰᠠᠭᠤᠯᠭᠠᠨ ᠠᠪᠬᠤ ᠠᠷᠭ᠎ᠠ ᠮᠠᠶ᠋ᠢᠭ ᠢ ᠨᠢᠭᠡ ᠭᠠᠶᠢᠯᠢ ᠲᠤᠰᠢᠶᠠᠬᠤ ᠣᠨ ᠳᠤ ᠬᠤᠪᠢᠷᠠᠭᠤᠯᠵᠤ ᠪᠣᠯᠬᠤ ᠦᠭᠡᠢ᠃ ᠭᠤᠷᠪᠠ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠠᠴᠠ ᠰᠠᠭᠤᠯᠭᠠᠨ ᠠᠪᠬᠤ ᠶᠢ ᠪᠤᠳᠤᠬᠤ ᠴᠠᠭ ᠬᠤᠭᠤᠴᠠᠭ᠎ᠠ ᠶᠢ ᠨᠢᠯᠬ᠎ᠠ ᠬᠡᠦᠬᠡᠳ ᠤᠨ ᠲᠥᠷᠥᠭᠰᠡᠨ ᠲᠣᠰ ᠰᠠᠷ᠎ᠠ ᠠᠴᠠ ᠪᠦᠬᠦᠯᠢ 3 ᠨᠠᠰᠤ ᠬᠦᠷᠬᠦ ᠠᠴᠠ ᠡᠮᠦᠨᠡᠬᠢ ᠨᠢᠭᠡ ᠰᠠᠷ᠎ᠠ ᠬᠦᠷᠲᠡᠯ᠎ᠡ ᠪᠤᠳᠤᠨ᠎ᠠ᠃ ᠳᠥᠷᠪᠡ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠶᠢ ᠬᠠᠰᠤᠬᠤ ᠶᠢ 2022 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︾᠃      ᠰᠤᠷᠪᠤᠯᠵᠢᠯᠠᠭᠴᠢ᠄ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠠᠮᠲᠤᠷᠠᠨ ᠨᠡᠶᠢᠲᠡᠯᠡᠭᠰᠡᠨ 2022 ᠣᠨ ᠤ 10 ᠳ᠋ᠤᠭᠠᠷ ᠲᠣᠭᠠᠲᠤ ᠠᠯᠪᠠᠨ ᠵᠠᠷ ᠲᠤ᠂ ︽ᠵᠢᠷᠭᠤᠭᠠᠨ ᠭᠠᠶᠢᠯᠢ ᠬᠤᠶᠠᠷ ᠰᠦᠢᠳᠬᠡᠯ︾᠎ ᠤᠨ ᠲᠥᠷᠥ ᠶᠢᠨ ᠪᠣᠳᠣᠯᠭ᠎ᠠ ᠶᠢᠨ ᠬᠡᠷᠡᠭᠯᠡᠭᠳᠡᠬᠦ ᠡᠲᠡᠭᠡᠳ ᠤᠨ ᠬᠡᠪᠴᠢᠶ᠎ᠡ ᠶᠢ ᠥᠷᠭᠡᠳᠬᠡᠬᠦ ᠲᠤᠬᠠᠢ ᠳᠤᠷᠠᠳᠤᠭᠰᠠᠨ ᠪᠠᠶᠢᠨ᠎ᠠ᠂ ᠲᠡᠭᠡᠪᠡᠯ ᠥᠷᠭᠡᠳᠬᠡᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠷᠡᠭᠯᠡᠭᠳᠡᠬᠦ ᠡᠲᠡᠭᠡᠳ ᠲᠤ ᠶᠠᠭᠤ ᠶᠠᠭᠤ ᠪᠠᠭᠲᠠᠬᠤ ᠪᠣᠶ︖      ᠳ᠋ᠦᠩ ᠹᠧᠩ ᠯᠢ᠄ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠥᠷᠲᠡᠭ ᠨᠡᠮᠡᠭᠳᠡᠯ ᠤᠨ ᠭᠠᠶᠢᠯᠢ ᠶᠢᠨ ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢ᠂ ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠴᠥᠮ 50%᠎ ᠶᠢᠨ ᠭᠠᠶᠢᠯᠢ ᠶᠢᠨ ᠨᠣᠷᠮ᠎ᠠ ᠶᠢᠨ ᠬᠡᠪᠴᠢᠶᠡᠨ ᠳᠣᠲᠣᠷ᠎ᠠ ᠡᠬᠢ ᠪᠠᠶᠠᠯᠢᠭ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ ᠲᠡᠮᠳᠡᠭᠲᠦ ᠶᠢᠨ ᠭᠠᠶᠢᠯᠢ ᠪᠠᠭᠲᠠᠬᠤ ᠦᠭᠡᠢ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠶᠢ ᠬᠥᠩᠭᠡᠯᠡᠨ ᠲᠠᠲᠠᠪᠤᠷᠢᠯᠠᠵᠤ ᠪᠣᠯᠣᠨ᠎ᠠ᠃       ᠰᠤᠷᠪᠤᠯᠵᠢᠯᠠᠭᠴᠢ᠄ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠡᠬᠢᠯᠡᠵᠦ ᠳᠠᠭᠤᠰᠬᠤ ᠴᠠᠭ ᠪᠠ ᠰᠦᠢᠳᠬᠡᠯ ᠲᠤᠰᠢᠶᠠᠬᠤ ᠪᠠᠷᠢᠮᠵᠢᠶ᠎ᠠ ᠨᠢ ᠶᠠᠭᠤ ᠪᠣᠶ︖       ᠳ᠋ᠦᠩ ᠹᠧᠩ ᠯᠢ᠄ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ 4 ᠰᠠᠷ᠎ᠠ ᠶᠢᠨ 11᠎ ᠤ ᠡᠳᠦᠷ ᠠᠴᠠ 7 ᠰᠠᠷ᠎ᠠ ᠶᠢᠨ 31᠎ ᠤ ᠡᠳᠦᠷ ᠪᠣᠯᠲᠠᠯ᠎ᠠ ᠳᠠᠭᠤᠰᠤᠨ᠎ᠠ᠃ ᠡᠨᠡ ᠵᠢᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠨᠡᠶᠢᠲᠡ 12 ᠰᠦᠢᠳᠬᠡᠯ ᠲᠤᠰᠢᠶᠠᠬᠤ ᠲᠠᠰ ᠬᠤᠪᠢᠶᠠᠵᠤ᠂ ᠪᠣᠳᠠᠲᠠᠢ ᠵᠣᠭᠤᠰ ᠤᠨ ᠲᠤᠭ᠎ᠠ ᠨᠢ 200 ᠲᠥᠭᠦᠷᠢᠭ ᠠᠴᠠ 7000 ᠲᠥᠭᠦᠷᠢᠭ ᠬᠦᠷᠲᠡᠯ᠎ᠡ ᠠᠳᠠᠯᠢ ᠪᠤᠰᠤ ᠪᠠᠶᠢᠳᠠᠭ᠂ ᠪᠣᠳᠠᠲᠠᠢ ᠠᠭᠤᠯᠭ᠎ᠠ ᠶᠢ ︽2022 ᠣᠨ ᠤ ᠵᠢᠨᠢᠩ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠥᠷᠨᠢᠭᠦᠯᠬᠦ ᠲᠤᠬᠠᠢ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠮᠡᠳᠡᠭᠳᠡᠯ︾ ︵  ᠵᠢᠨᠢᠩ  ᠨᠡᠶᠢᠭᠡᠮ ᠳᠠᠭᠠᠳᠬᠠᠯ ᠲᠠᠷᠬᠠᠭᠠᠭᠰᠠᠨ ﹇2022﹈ 7 ᠳ᠋ᠤᠭᠠᠷ ᠲᠣᠭᠠᠲᠤ︶᠎ ᠳᠤ ᠨᠠᠷᠢᠪᠴᠢᠯᠠᠨ ᠦᠵᠡᠭᠡᠷᠡᠢ᠃     ᠰᠤᠷᠪᠤᠯᠵᠢᠯᠠᠭᠴᠢ᠄ ᠳ᠋ᠦᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠳᠤ ᠮᠠᠰᠢ ᠲᠠᠯᠠᠷᠬᠠᠵᠤ ᠪᠠᠶᠢᠨ᠎ᠠ᠂ ᠭᠠᠶᠢᠯᠢ ᠰᠦᠢᠳᠬᠡᠯ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠣᠯᠠᠨ ᠢᠶᠠᠷ ᠢᠶᠠᠨ ᠨᠠᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃   ᠳ᠋ᠦᠩ ᠹᠧᠩ ᠯᠢ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠵᠢᠨᠢᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠠᠵᠢᠯ ᠳᠤ ᠲᠠ ᠪᠦᠬᠦᠨ ᠤ ᠠᠩᠬᠠᠷᠤᠯ ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ︕ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2