ᠵᠢᠨᠢᠩ ᠲᠣᠭᠤᠷᠢᠭ ᠭᠡᠷ ᠪᠠᠶᠢᠰᠢᠩ ᠭᠠᠵᠠᠷ  ᠬᠦᠷᠦᠩᠭᠡ  ᠶᠢᠨ ᠲᠡᠦᠬᠡᠨ ᠦᠯᠡᠳᠡᠭᠳᠡᠯ ᠵᠦᠢᠯᠡᠰ  ᠤᠨ ᠦᠯᠦ ᠬᠥᠳᠡᠯᠬᠦ  ᠬᠦᠷᠦᠩᠭᠡ ᠶᠢᠨ ᠡᠷᠬᠡ ᠶᠢᠨ ᠦᠨᠡᠮᠯᠡᠯ ᠢ ᠲᠦᠷᠭᠡᠨ ᠭᠦᠢᠴᠡᠳᠬᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/4/21
     ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢᠶᠠᠷ᠂ ᠣᠯᠠᠨ ᠲᠦᠮᠡᠨ ᠤ ︽ᠦᠨᠡᠮᠯᠡᠯ ᠭᠦᠢᠴᠡᠳᠬᠡᠬᠦ︾ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠬᠦ ᠪᠠ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠠᠴᠠ ᠡᠭᠦᠰᠴᠦ᠂ ᠮᠠᠨ ᠤ  ᠲᠤᠭᠤᠷᠢᠭ ᠨᠢᠭᠡᠨᠲᠡ 2016 ᠣᠨ ᠠᠴᠠ ᠡᠮᠦᠨ᠎ᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠳᠡᠩᠰᠡᠯᠡᠨ ᠲᠡᠮᠳᠡᠭᠯᠡᠬᠦ ᠶᠢ ᠭᠦᠢᠴᠡᠳᠬᠡᠬᠦ ᠶᠢᠨ ᠠᠷᠭ᠎ᠠ ᠦᠭᠡᠢ᠂ ᠡᠯ᠎ᠡ ᠲᠥᠷᠥᠯ ᠤᠨ ᠲᠣᠭᠲᠠᠭᠠᠯ ᠤᠨ ᠰᠦᠢᠳᠬᠡᠯ ᠲᠤᠰᠢᠶᠠᠭᠠᠳᠤᠢ ᠵᠡᠷᠭᠡ ᠠᠰᠠᠭᠤᠳᠠᠯ ᠠᠴᠠ ᠪᠣᠯᠵᠤ ᠭᠡᠷ ᠪᠠᠶᠢᠰᠢᠩ ᠬᠤᠳᠠᠯᠳᠤᠨ ᠠᠪᠤᠭᠴᠢᠳ ᠤᠨ ᠣᠯᠠᠨ ᠵᠢᠯ ᠤᠨ ᠲᠤᠷᠰᠢ ᠭᠡᠷ ᠪᠠᠶᠢᠰᠢᠩ ᠤᠨ ᠡᠬᠡ ᠮᠥᠩᠭᠦ ᠶᠢ ᠭᠦᠢᠴᠡᠳᠬᠡᠬᠦ ᠶᠢᠨ ᠠᠷᠭ᠎ᠠ ᠦᠭᠡᠢ ᠪᠣᠯᠤᠭᠰᠠᠨ ᠨᠢᠭᠡ ᠪᠦᠯᠦᠭ ᠪᠤᠬᠢᠨᠢᠳᠤᠯ ᠲᠠᠢ ᠶᠠᠪᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠪᠡ᠃ ᠦᠨᠡᠮᠯᠡᠯ ᠭᠦᠢᠴᠡᠳᠬᠡᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠡᠷᠦᠬᠡ ᠰᠠᠯᠭᠠᠬᠤ ᠨᠥᠬᠦᠴᠡᠯ ᠳᠤ ᠨᠡᠶᠢᠴᠡᠬᠦ ᠰᠠᠭᠤᠭᠠᠯᠢ ᠲᠣᠭᠤᠷᠢᠭ ᠤᠨ ᠥᠮᠴᠢᠲᠡᠨ ᠤ ᠠᠩᠬᠠᠨ ᠤ ᠳᠠᠩᠰᠠᠯᠠᠯᠲᠠ ᠶᠢ ᠨᠢᠭᠡᠨᠲᠡ ᠪᠡᠶᠡᠯᠡᠭᠦᠯᠦᠭᠰᠡᠨ ᠵᠠᠷᠢᠮ  ᠰᠠᠭᠤᠭᠠᠯᠢ ᠲᠣᠭᠤᠷᠢᠭ ᠤᠨ ᠥᠮᠴᠢᠲᠡᠨ ᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ︵ᠭᠡᠷ ᠪᠠᠶᠢᠰᠢᠩ ᠤᠨ ᠳᠡᠪᠲᠡᠷ︶᠎ ᠢ ᠬᠠᠷᠠᠬᠠᠨ ᠭᠤᠶᠤᠴᠢᠯᠠᠭᠠᠳᠤᠢ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠡᠯ᠎ᠡ ᠭᠤᠣᠯ ᠴᠣᠭᠴᠠ ᠨᠢ ᠡᠷᠦᠬᠡ ᠬᠤᠪᠢᠶᠠᠨ ᠳᠠᠩᠰᠠᠯᠠᠭᠤᠯᠬᠤ ᠶᠢ ᠢᠳᠡᠪᠬᠢᠲᠡᠢ ᠪᠠᠷ ᠭᠤᠶᠤᠴᠢᠯᠠᠨ ᠭᠦᠢᠴᠡᠳᠬᠡᠨ᠎ᠡ᠂ ᠨᠢᠭᠡ ᠳᠤ ᠨᠢᠭᠡᠨᠲᠡ ᠡᠷᠬᠡ ᠶᠢ ᠨᠤᠲᠠᠯᠠᠭᠰᠠᠨ  ᠰᠠᠭᠤᠭᠠᠯᠢ ᠲᠣᠭᠤᠷᠢᠭ ᠲᠤ᠂ ᠰᠢᠶᠠᠩ ᠪᠠᠯᠭᠠᠰᠤ ᠵᠢᠴᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠲᠣᠰ ᠤᠨ ᠬᠠᠷᠢᠶ᠎ᠠ ᠣᠷᠣᠨ ᠤ ᠪᠠᠨ ᠰᠠᠭᠤᠭᠠᠯᠢ ᠲᠣᠭᠤᠷᠢᠭ ᠲᠤ ᠮᠡᠳᠡᠭᠳᠡᠯ ᠤᠨ ᠪᠢᠴᠢᠭ ᠵᠢᠴᠢ ᠬᠠᠯᠠᠭᠤᠨ ᠳᠣᠲᠣᠨᠣ ᠰᠠᠨᠠᠭᠤᠯᠤᠮᠵᠢ ᠶᠢ ᠨᠠᠭᠠᠵᠤ᠂ ᠥᠮᠴᠢᠲᠡᠨ ᠨᠢ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠮᠡᠳᠡᠭᠳᠡᠭᠰᠡᠨ ᠵᠢᠴᠢ ᠰᠠᠨᠠᠭᠤᠯᠤᠭᠰᠠᠨ ᠮᠠᠲ᠋ᠧᠷᠢᠶᠠᠯ ᠤᠨ ᠶᠣᠰᠣᠭᠠᠷ ᠴᠠᠭ ᠲᠤᠬᠠᠢ ᠳᠤᠨᠢ ᠭᠦᠢᠴᠡᠳᠭᠡᠨ᠎ᠡ᠃ ᠬᠤᠶᠠᠷ ᠲᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠳᠤ ᠬᠠᠷᠢᠶᠠᠯᠠᠭᠳᠠᠬᠤ ᠥᠮᠴᠢᠲᠡᠨ᠂ ᠥᠮᠴᠢᠯᠡᠬᠦ ᠡᠷᠬᠡᠲᠦ ᠬᠥᠮᠥᠨ ︵ᠨᠡᠭᠡᠭᠡᠨ ᠬᠥᠭᠵᠢᠭᠦᠯᠬᠦ ᠠᠵᠤ ᠠᠬᠤᠶᠢᠯᠠᠯ︶᠎ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠨ᠎ᠡ᠃ ᠣᠨᠴᠠᠭᠠᠶᠢᠯᠠᠨ ᠰᠠᠨᠠᠭᠤᠯᠬᠤ ᠨᠢ᠄ ᠭᠡᠷ ᠪᠠᠶᠢᠰᠢᠩ ᠬᠤᠳᠠᠯᠳᠤᠭᠠᠯᠠᠬᠤ ᠶᠠᠪᠤᠴᠠ ᠳᠤ᠂ ᠭᠡᠷ᠎ᠡ ᠶᠢᠨ ᠭᠠᠶᠢᠯᠢ ᠲᠤᠰᠢᠶᠠᠬᠤ ᠳᠤ ᠭᠡᠷ ᠪᠠᠶᠢᠰᠢᠩ ᠤᠨ ᠬᠥᠷᠥᠩᠭᠡ ᠶᠢᠨ ᠦᠨᠡᠮᠯᠡᠯ ᠣᠯᠣᠭᠰᠠᠨ ᠴᠠᠭ ᠢᠶᠠᠷ ᠬᠤᠷᠢᠶᠠᠨ ᠠᠪᠬᠤ ᠴᠢᠬᠤᠯᠠᠲᠠᠢ᠂ ᠭᠡᠷ ᠪᠠᠶᠢᠰᠢᠩ ᠤᠨ ᠬᠥᠷᠥᠩᠭᠡ ᠶᠢᠨ ᠦᠨᠡᠮᠯᠡᠯ ᠣᠯᠣᠭᠰᠠᠨ ᠡᠳᠦᠷ ᠬᠤᠭᠤᠴᠠᠭ᠎ᠠ ᠨᠢ ᠬᠤᠶᠠᠷ ᠵᠢᠯ ᠤᠨ ᠳᠣᠲᠣᠷ᠎ᠠ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠳᠤ ᠬᠤᠯᠪᠣᠭᠳᠠᠬᠤ ᠭᠠᠶᠢᠯᠢ ᠶᠢᠨ ᠨᠣᠷᠮ᠎ᠠ ᠪᠠᠷ ᠨᠡᠯᠢᠶᠡᠳ ᠥᠨᠳᠥᠷ ᠪᠠᠶᠢᠵᠤ ᠪᠣᠯᠬᠤ ᠦᠭᠡᠢ᠂ ᠡᠶᠢᠮᠦ ᠠᠴᠠ ᠦᠨᠡᠮᠯᠡᠯ ᠠᠪᠴᠤ ᠳᠡᠶᠢᠯᠬᠦ ᠪᠠᠶᠢᠳᠠᠯ ᠳᠣᠣᠷ᠎ᠠ᠂ ᠬᠡᠳᠦᠢ ᠡᠷᠲᠡ ᠦᠨᠡᠮᠯᠡᠯ ᠠᠪᠤᠪᠠᠯ ᠥᠷᠭᠡᠨ ᠣᠯᠠᠨ ᠥᠮᠴᠢᠲᠡᠨ ᠳᠤ ᠲᠡᠳᠦᠢ ᠠᠰᠢᠭᠲᠠᠢ ᠪᠣᠯᠣᠨ᠎ᠠ᠃        ᠬᠤᠶᠠᠷ᠂ ︽ᠦᠨᠡᠮᠯᠡᠯ ᠠᠪᠬᠤ ᠳᠤ ᠬᠦᠴᠢᠷ︾᠎ ᠢ ᠰᠢᠢᠳᠪᠦᠷᠢᠯᠡᠬᠦ ᠪᠣᠯ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ ᠪᠠᠲᠤᠯᠠᠬᠤ  ᠴᠢᠬᠤᠯᠠ ᠠᠷᠭ᠎ᠠ ᠵᠠᠮ ᠮᠥᠨ ᠭᠡᠳᠡᠭ ᠢ ᠭᠦᠨᠵᠡᠭᠡᠢ ᠣᠶᠢᠯᠠᠭᠠᠬᠤ ᠬᠡᠷᠡᠭᠲᠡᠢ᠂ ᠨᠢᠭᠡ ᠳᠤ ᠦᠯᠡᠳᠡᠭᠳᠡᠵᠦ ᠢᠷᠡᠭᠰᠡᠨ ᠲᠥᠷᠥᠯ ᠵᠦᠢᠯ ᠢ ᠬᠡᠪ ᠤᠨ ᠲᠥᠷᠥᠯ ᠵᠦᠢᠯ ᠲᠠᠢ ᠠᠳᠠᠯᠢ ᠦᠭᠡᠢ ᠪᠠᠶᠢᠯᠭᠠᠬᠤ ᠬᠡᠷᠡᠭᠲᠡᠢ᠃ ᠶᠡᠷᠦ ᠳᠡᠭᠡᠨ ᠡᠯ᠎ᠡ ᠵᠦᠢᠯ ᠤᠨ ᠲᠣᠭᠲᠠᠭᠠᠯᠲᠤ ᠪᠤᠰᠤ ᠬᠦᠴᠦᠨ ᠵᠦᠢᠯ ᠣᠷᠣᠰᠢᠵᠤ ᠪᠠᠶᠢᠳᠠᠭ᠂ ᠦᠨᠡᠮᠯᠡᠯ ᠠᠪᠴᠤ ᠳᠡᠶᠢᠯᠬᠦ ᠪᠠᠶᠢᠲᠠᠯ᠎ᠠ ᠥᠮᠴᠢᠲᠡᠨ ᠤ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠦᠨᠡᠮᠯᠡᠯ ᠠᠪᠬᠤ ᠪᠠᠷ ᠭᠤᠶᠤᠴᠢᠯᠠᠭᠰᠠᠨ ᠦᠭᠡᠢ ᠦᠶ᠎ᠡ ᠳᠤ᠂ ᠠᠵᠤ ᠠᠬᠤᠶᠢᠯᠠᠯ ᠤᠨ ᠵᠦᠢᠯᠡᠰ ᠲᠤ ᠬᠠᠤᠯᠢ ᠴᠠᠭᠠᠵᠠ ᠶᠢᠨ ᠵᠢᠭᠤᠷᠠᠯᠳᠤᠭᠠᠨ᠂ ᠬᠦᠴᠦᠨ ᠦᠭᠡᠢ ᠪᠣᠯᠭᠠᠬᠤ ᠪᠤᠶᠤ ᠳᠠᠮᠫᠤᠷᠠᠭᠤᠯᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠠᠴᠠ ᠪᠣᠯᠵᠤ ᠦᠯᠦ ᠬᠥᠳᠡᠯᠬᠦ ᠬᠥᠷᠥᠩᠭᠡ ᠶᠢᠨ ᠦᠨᠡᠮᠯᠡᠯ ᠠᠪᠴᠤ ᠴᠢᠳᠠᠬᠤ ᠦᠭᠡᠢ ᠪᠠᠶᠢᠳᠠᠯ ᠲᠤᠩ ᠠᠮᠠᠷᠬᠠᠨ ᠭᠠᠷᠳᠠᠭ᠂ ᠥᠮᠴᠢᠯᠡᠯ ᠤᠨ ᠡᠷᠬᠡ ᠶᠢᠨ ᠦᠨᠡᠮᠯᠡᠯ ᠠᠪᠤᠭᠰᠠᠨ ᠦᠭᠡᠢ ᠭᠡᠷ ᠪᠠᠶᠢᠰᠢᠩ ᠨᠢ ᠬᠠᠤᠯᠢ ᠴᠠᠭᠠᠵᠠ ᠶᠢᠨ ᠤᠳᠬ᠎ᠠ ᠠᠭᠤᠯᠭ᠎ᠠ ᠶᠢᠨ ᠲᠠᠯ᠎ᠠ ᠪᠠᠷ ᠥᠮᠴᠢᠯᠡᠭᠴᠢ ᠶᠢᠨ ᠡᠷᠬᠡ ᠠᠰᠢᠭ ᠤᠨ ᠬᠠᠮᠠᠭᠠᠯᠠᠯᠲᠠ ᠪᠠᠷ ᠳᠤᠲᠠᠮᠠᠭ ᠪᠠᠶᠢᠳᠠᠭ᠃ ᠬᠤᠶᠠᠷ ᠲᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠬᠡᠪ ᠤᠨ ᠪᠠᠶᠢᠳᠠᠯ ᠢᠶᠠᠷ ᠭᠦᠢᠴᠡᠳᠬᠡᠬᠦ ᠳᠤ ᠬᠡᠷᠡᠭᠰᠡᠬᠦ ᠵᠦᠢᠯ ᠪᠣᠯ ᠵᠢᠩᠬᠢᠨᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠭᠡᠷ᠎ᠡ᠂ ᠭᠡᠷ ᠪᠠᠶᠢᠰᠢᠩ ᠬᠤᠳᠠᠯᠳᠤᠨ ᠠᠪᠤᠭᠰᠠᠨ ᠪᠠᠷᠢᠮᠲᠠ ᠪᠠ ᠭᠡᠷ᠎ᠡ ᠶᠢᠨ ᠭᠠᠶᠢᠯᠢ ᠵᠡᠷᠭᠡ ᠴᠢᠬᠤᠯᠠ ᠨᠥᠬᠦᠴᠡᠯ ᠪᠣᠯᠣᠨ᠎ᠠ᠃ ᠲᠡᠦᠬᠡ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠱᠠᠲᠤᠨ ᠳᠤ᠂ ᠥᠷᠭᠡᠨ ᠣᠯᠠᠨ ᠰᠠᠭᠤᠭᠠᠯᠢ ᠠᠷᠠᠳ ᠲᠡᠦᠬᠡ ᠠᠴᠠ ᠦᠯᠡᠳᠡᠭᠳᠡᠵᠦ ᠢᠷᠡᠭᠰᠡᠨ ᠵᠦᠢᠯᠡᠰ ᠤᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠭᠡᠷ᠎ᠡ ᠪᠤᠶᠤ ᠭᠠᠷ ᠤᠨ ᠥᠰᠥᠭ ᠵᠢᠷᠤᠭᠰᠠᠨ ᠭᠡᠷ᠎ᠡ ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠺᠣᠮᠫᠠᠨᠢ ᠶᠢᠨ ᠭᠠᠷᠭᠠᠭᠰᠠᠨ ᠭᠡᠷ ᠪᠠᠶᠢᠰᠢᠩ ᠬᠤᠳᠠᠯᠳᠤᠨ ᠠᠪᠤᠭᠰᠠᠨ ᠪᠠᠷᠢᠮᠲᠠ ᠪᠤᠶᠤ ᠪᠠᠷᠢᠮᠲᠠ ᠶᠢ ᠬᠠᠩᠭᠠᠵᠤ ᠭᠡᠷ᠎ᠡ ᠶᠢᠨ ᠭᠠᠶᠢᠯᠢ ᠲᠤᠰᠢᠶᠠᠵᠤ ᠪᠣᠯᠣᠨ᠎ᠠ᠂ ᠢᠩᠭᠢᠪᠡᠯ ᠳᠠᠷᠤᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ︽ᠴᠣᠩᠬᠤᠪᠴᠢ ᠬᠤᠭᠤᠴᠠᠭ᠎ᠠ︾ ᠳᠠᠭᠤᠰᠤᠭᠰᠠᠨ ᠤ ᠳᠠᠷᠠᠭ᠎ᠠ᠂ ᠳᠠᠭᠢᠵᠤ ᠭᠠᠷ ᠤᠨ ᠥᠰᠥᠭ ᠵᠢᠷᠤᠭᠰᠠᠨ ᠭᠡᠷ᠎ᠡ᠂ ᠪᠠᠷᠢᠮᠲᠠ ᠪᠠᠷ ᠢᠶᠠᠨ ᠭᠡᠷ᠎ᠡ ᠶᠢᠨ ᠭᠠᠶᠢᠯᠢ ᠲᠤᠰᠢᠶᠠᠬᠤ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠶᠢᠨ ᠠᠷᠭ᠎ᠠ ᠦᠭᠡᠢ ᠪᠣᠯᠣᠨ᠎ᠠ᠃ ᠮᠠᠨ ᠤ  ᠲᠤᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠰᠠᠭᠤᠭᠠᠯᠢ ᠲᠣᠭᠤᠷᠢᠭ ᠲᠤ ᠥᠮᠴᠢᠯᠡᠯ ᠤᠨ ᠡᠷᠬᠡ ᠶᠢᠨ ᠥᠮᠴᠢᠲᠡᠨ ᠣᠯᠠᠨ ᠣᠷᠣᠨ ᠤ ᠨᠠᠮ ᠤᠨ ᠬᠤᠷᠢᠶ᠎ᠠ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠠᠷᠠᠳ ᠲᠦᠮᠡᠨ ᠢᠶᠠᠷ ᠭᠤᠣᠯ ᠪᠣᠯᠭᠠᠬᠤ︾ ᠦᠵᠡᠯ ᠰᠠᠨᠠᠭ᠎ᠠ ᠎ ᠶᠢ ᠪᠠᠷᠢᠮᠲᠠᠯᠠᠵᠤ᠂ ᠵᠢᠨᠢᠩ ᠲᠣᠭᠤᠷᠢᠭ ᠤᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ 2021 ᠣᠨ ᠤ 12 ᠰᠠᠷ᠎ᠠ ᠶᠢᠨ 30᠎ ᠤ ᠡᠳᠦᠷ ᠠᠴᠠ 2022 ᠣᠨ ᠤ 6 ᠰᠠᠷ᠎ᠠ ᠶᠢᠨ 30᠎ ᠤ ᠡᠳᠦᠷ ᠪᠣᠯᠲᠠᠯ᠎ᠠ ᠤᠷᠲᠤᠳᠬᠠᠨ᠎ᠠ᠂ ᠲᠤᠬᠠᠢ ᠶᠢᠨ ᠦᠶ᠎ᠡ ᠳᠤ ᠲᠥᠪᠯᠡᠷᠡᠭᠦᠯᠦᠨ ᠬᠠᠮᠲᠤᠷᠠᠨ ᠬᠢᠨᠠᠵᠤ ᠦᠨᠡᠮᠯᠡᠯ ᠭᠦᠢᠴᠡᠳᠬᠡᠬᠦ ᠵᠡᠷᠭᠡ ᠠᠵᠢᠯ ᠢ ᠴᠤ ᠲᠡᠷᠡ ᠳᠠᠷᠤᠢ ᠳᠤᠨᠢ ᠵᠣᠭᠰᠣᠭᠠᠵᠤ᠂ ᠬᠤᠭᠤᠴᠠᠭ᠎ᠠ ᠬᠡᠲᠦᠷᠡᠲᠡᠯ᠎ᠡ ᠭᠠᠷ ᠭᠦᠢᠴᠡᠳᠬᠡᠯ ᠬᠢᠭᠰᠡᠨ ᠦᠭᠡᠢ ᠪᠣᠯ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠠᠭᠢᠵᠤ ᠬᠡᠷᠡᠭᠵᠢᠭᠦᠯᠬᠦ ᠦᠭᠡᠢ᠂ ᠬᠤᠪᠢ ᠬᠥᠮᠥᠨ ᠤ ᠰᠢᠯᠲᠠᠭᠠᠨ ᠠᠴᠠ ᠪᠣᠯᠵᠤ ᠭᠤᠶᠤᠴᠢᠯᠠᠨ ᠭᠦᠢᠴᠡᠳᠬᠡᠬᠦ ᠦᠭᠡᠢ ᠠᠴᠠ ᠪᠣᠯᠤᠭᠰᠠᠨ ᠠᠯᠢᠪᠠ ᠦᠷ᠎ᠡ ᠳ᠋ᠦᠩ ᠢ ᠲᠣᠰ ᠬᠥᠮᠥᠨ ᠨᠢ ᠡᠭᠦᠷᠭᠡᠯᠡᠨ᠎ᠡ᠃        ᠭᠤᠷᠪᠠ᠂ ᠪᠤᠰᠤᠳ ᠮᠡᠳᠡᠬᠦ ᠴᠢᠬᠤᠯᠠᠲᠠᠢ ᠵᠦᠢᠯᠡᠰ      ︵ᠨᠢᠭᠡ︶ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠠᠶ᠋ᠢᠭ 1᠂ ᠰᠢᠨ ᠲᠢ ᠵᠠᠮ ᠤᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠭᠦᠢᠴᠡᠳᠬᠡᠬᠦ ᠲᠢᠩᠬᠢᠮ ᠂ ᠠᠰᠠᠭᠤᠨ ᠯᠠᠪᠯᠠᠬᠤ ᠤᠲᠠᠰᠤ᠄ 0474 ︱ 8203019᠂ ᠬᠠᠭᠤᠴᠢᠨ ᠲᠣᠭᠤᠷᠢᠭ ᠤᠨ ᠰᠢᠨ ᠲᠢ ᠵᠠᠮ ᠤᠨ 169 ᠳ᠋ᠦᠭᠡᠷ ᠨᠣᠮᠧᠷ ᠤᠨ ᠤᠤᠯ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷ ᠲᠤ ᠪᠠᠶᠢᠷᠢᠯᠠᠨ᠎ᠠ᠃ 2. ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠰᠠᠭᠤᠭ᠎ᠠ ᠥᠯᠥ ᠬᠥᠳᠡᠯᠬᠦ ᠬᠥᠷᠥᠩᠭᠡ ᠶᠢᠨ ᠲᠤᠰᠬᠠᠢ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 0474 ︱ 8810421᠂ ᠰᠢᠨ᠎ᠡ ᠲᠣᠭᠤᠷᠢᠭ ᠤᠨ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠡᠮᠦᠨ᠎ᠡ ᠵᠠᠮ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠮᠦᠨ᠎ᠡ 200 ᠮᠧᠲᠷ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ 2 ᠳ᠋ᠤᠭᠠᠷ ᠳᠠᠪᠬᠤᠷ ᠲᠤ ᠪᠠᠶᠢᠷᠢᠯᠠᠨ᠎ᠠ᠃3. ᠴᠢᠶᠣᠤ ᠰᠢ ᠶᠢᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠭᠦᠢᠴᠡᠳᠬᠡᠬᠦ ᠶᠡᠭᠡ ᠲᠢᠩᠬᠢᠮ ᠤᠨ ᠠᠰᠠᠭᠤᠨ ᠯᠠᠪᠯᠠᠬᠤ ᠤᠲᠠᠰᠤ᠄ 0474 ︱ 8180329᠂ ᠴᠢᠶᠣᠤ ᠰᠢ ᠶᠢᠨ ᠵᠢᠶᠠᠨ ᠭᠦᠸᠧ ᠭᠤᠷᠪᠠᠳᠤᠭᠠᠷ ᠵᠠᠮ ᠪᠣᠯᠣᠨ ᠲᠦᠩ ᠵᠧᠦ ᠵᠠᠮ ᠤᠨ ᠠᠭᠤᠯᠵᠠᠷ ᠲᠤ ᠪᠣᠶ᠃ 4. ᠭᠦᠸᠧ ᠷᠦᠩ ᠥᠯᠥ ᠬᠥᠳᠡᠯᠬᠦ ᠬᠥᠷᠥᠩᠭᠡ ᠶᠢᠨ ᠦᠨᠡᠮᠯᠡᠯ ᠭᠦᠢᠴᠡᠳᠬᠡᠬᠦ ᠶᠡᠭᠡ ᠲᠢᠩᠬᠢᠮ ᠤᠨ ᠠᠰᠠᠭᠤᠨ ᠯᠠᠪᠯᠠᠬᠤ ᠤᠲᠠᠰᠤ᠄ 0474 ︱ 8222782᠂ ᠰᠢᠨ᠎ᠡ ᠲᠣᠭᠤᠷᠢᠭ ᠤᠨ  ᠱᠦ᠋ ᠭᠤᠸᠠᠩ ᠬᠤᠶᠢᠲᠤ ᠵᠠᠮ ᠤᠨ ᠬᠤᠳᠠᠯᠳᠤᠭᠠᠨ ᠤ ᠶᠠᠪᠤᠳᠠᠯ ᠤᠨ ᠲᠥᠪ ᠲᠠᠯᠠᠪᠠᠶ ᠶᠢᠨ 6 ᠳ᠋ᠤᠭᠠᠷ ᠠᠰᠠᠷ ᠤᠨ B ᠰᠠᠭᠤᠳᠠᠯ᠂ ᠤᠤᠯ ᠤᠨ ᠭᠦᠸᠧ ᠷᠦᠩ ᠺᠣᠮᠫᠠᠨᠢ ᠶᠢᠨ ᠠᠯᠪᠠᠨ ᠠᠰᠠᠷ ᠤᠨ ᠨᠢᠭᠡᠳᠦᠭᠡᠷ ᠳᠠᠪᠬᠤᠷ ᠲᠤ ᠪᠠᠶᠢᠷᠢᠯᠠᠨ᠎ᠠ᠃ ︵ᠬᠤᠶᠠᠷ︶ ᠳᠠᠩᠰᠠᠯᠠᠭᠤᠯᠬᠤ ᠦᠶ᠎ᠡ ᠳᠤ ᠲᠠᠨ ᠤ ᠠᠩᠬᠠᠷᠬᠤ ᠴᠢᠬᠤᠯᠠᠲᠠᠢ ᠵᠦᠢᠯᠡᠰ 1.ᠨᠡᠭᠡᠭᠡᠨ ᠠᠰᠢᠭᠯᠠᠬᠤ ᠠᠵᠤ ᠠᠬᠤᠶᠢᠯᠠᠯ ᠲᠠᠢ ᠬᠠᠷᠢᠯᠴᠠᠵᠤ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠠᠩᠬᠠᠨ ᠤ ᠳᠠᠩᠰᠠᠯᠠᠯᠲᠠ ᠶᠢᠨ ᠭᠡᠷᠡᠴᠢᠯᠡᠯ ᠤᠨ ᠬᠠᠭᠤᠳᠠᠰᠤ ᠵᠢᠴᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠠᠯᠪᠠᠨ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ ᠶᠢ ᠳᠠᠷᠤᠭᠰᠠᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠤᠶᠤᠴᠢᠯᠠᠯ ᠤᠨ ᠬᠦᠰᠦᠨᠦᠭᠲᠦ ᠶᠢ ᠠᠪᠤᠨ᠎ᠠ᠃2.ᠨᠡᠭᠡᠭᠡᠨ ᠬᠥᠭᠵᠢᠭᠦᠯᠬᠦ ᠠᠵᠤ ᠠᠬᠤᠶᠢᠯᠠᠯ ᠯᠤᠭ᠎ᠠ ᠪᠠᠷᠢᠮᠲᠠ ᠪᠤᠶᠤ ᠪᠠᠷᠢᠮᠲᠠ ᠪᠠᠨ ᠠᠪᠴᠤ ᠭᠡᠷ᠎ᠡ ᠶᠢᠨ ᠭᠠᠶᠢᠯᠢ ᠲᠤᠰᠢᠶᠠᠨ᠎ᠠ᠃ 3. ᠬᠡᠷᠪᠡ ᠲᠠ ᠪᠠᠰᠠ ᠭᠡᠷ ᠪᠠᠶᠢᠰᠢᠩ ᠤᠨ ᠵᠢᠭᠡᠯᠡᠯᠭᠡ ᠪᠠᠨ ᠲᠤᠰᠢᠶᠠᠵᠤ ᠳᠠᠭᠤᠰᠬᠠᠭᠠᠳᠤᠢ ᠪᠠᠶᠢᠪᠠᠯ᠂ ᠤᠷᠢᠳ ᠢᠶᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠤᠶᠤ ᠵᠢᠭᠡᠯᠡᠯᠭᠡ ᠶᠢᠨ ᠪᠠᠩᠬᠢ ᠲᠠᠢ ᠵᠣᠯᠭᠠᠭᠤᠯᠵᠤ᠂ ᠭᠤᠶᠤᠴᠢᠯᠠᠯ ᠤᠨ ᠪᠢᠴᠢᠭ ᠪᠣᠯᠣᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠤᠶᠤ ᠪᠠᠩᠬᠢ ᠳᠤ ᠪᠠᠷᠢᠴᠠᠭᠠᠯᠠᠭᠰᠠᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠡᠷᠡᠴᠢ ᠶᠢ ᠠᠪᠤᠭᠰᠠᠨ ᠤ ᠲᠠᠷᠠᠭ᠎ᠠ ᠰᠠᠶ᠋ᠢ ᠭᠦᠢᠴᠡᠳᠬᠡᠵᠦ ᠪᠣᠯᠣᠨ᠎ᠠ᠃ ︵ᠭᠤᠷᠪᠠ︶ ᠰᠦᠢᠳᠬᠡᠯ ᠬᠤᠷᠢᠶᠠᠬᠤ ᠪᠠᠷᠢᠮᠵᠢᠶ᠎ᠠ ᠶᠢ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠦᠨ᠎ᠡ ᠬᠠᠩᠰᠢ ᠶᠢᠨ ᠲᠣᠭᠲᠠᠭᠠᠯ ﹇2016﹈ 2559 ᠳ᠋ᠦᠭᠡᠷ ᠲᠣᠭᠠᠲᠤ ︶ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠄ ᠣᠷᠣᠨ ᠰᠠᠭᠤᠴᠠ᠂ ᠲᠡᠷᠭᠡᠨ ᠬᠥᠮᠥᠷᠭᠡ᠂ ᠲᠡᠷᠭᠡᠨ ᠵᠣᠭᠰᠣᠭᠠᠯ᠂ ᠬᠠᠳᠠᠭᠠᠯᠠᠬᠤ ᠥᠷᠥᠭᠡ 80 ᠲᠥᠭᠦᠷᠢᠭ/ᠢᠵᠢ︔ᠣᠷᠣᠨ ᠰᠠᠭᠤᠴᠠ ᠶᠢᠨ ᠪᠤᠰᠤ ᠲᠥᠷᠥᠯ᠄ 550 ᠲᠥᠭᠦᠷᠢᠭ\ ᠢᠵᠢ᠃ ᠣᠨᠴᠠᠭᠠᠶᠢᠯᠠᠨ ᠰᠠᠨᠠᠭᠤᠯᠬᠤ ᠨᠢ᠄ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠵᠥᠪᠬᠡᠨ ᠳᠠᠩᠰᠠᠯᠠᠯᠲᠠ ᠶᠢᠨ ᠲᠢᠩᠬᠢᠮ ᠳᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠴᠠ ᠪᠢᠰᠢ᠂ ᠶᠡᠷᠦ ᠠᠴᠠ ᠶᠠᠮᠠᠷᠪᠠ ᠨᠢᠭᠡᠴᠡ ᠪᠤᠶᠤ ᠬᠤᠪᠢ ᠬᠥᠮᠥᠨ ᠳᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠡᠷᠬᠡ ᠣᠯᠭᠤᠭᠰᠠᠨ ᠦᠭᠡᠢ ᠪᠤᠶᠤ ᠨᠠᠶᠢᠳᠠᠵᠤ ᠬᠢᠯᠭᠡᠭᠰᠡᠨ ᠦᠭᠡᠢ᠃ ᠳᠡᠭᠡᠷᠡᠬᠢ ᠳᠠᠩᠰᠠᠯᠠᠭᠤᠯᠬᠤ ᠰᠦᠢᠳᠬᠡᠯ ᠢ ᠬᠤᠷᠢᠶᠠᠬᠤ ᠠᠴᠠ ᠭᠠᠳᠠᠨ᠎ᠠ᠂ ᠪᠤᠰᠤᠳ ᠶᠠᠮᠠᠷᠪᠠ ᠣᠷᠣᠯᠠᠨ ᠭᠦᠢᠴᠡᠳᠬᠡᠬᠦ ᠰᠦᠢᠳᠬᠡᠯ ᠬᠤᠷᠢᠶᠠᠬᠤ ᠦᠭᠡᠢ᠃        ᠣᠨᠴᠠᠭᠠᠶᠢᠯᠠᠨ ᠮᠡᠳᠡᠭᠳᠡᠪᠡ᠃               2022 ᠣᠨ ᠤ 4 ᠰᠠᠷ᠎ᠠ ᠶᠢᠨ 18᠎ ᠤ ᠡᠳᠦᠷ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2