ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠥᠷᠥᠯ ᠵᠦᠶᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/4/21
47000.jpg
      ᠣᠶᠢᠷ᠎ᠠ ᠳᠤ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠥᠷᠥᠯ ᠵᠦᠶᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠵᠤ᠂ ᠹᠦ᠋ ᠷᠦᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠥᠷᠥᠯ ᠵᠦᠶᠯ ᠢ ᠡᠬᠢᠯᠡᠨ ᠪᠥᠲᠥᠭᠡᠨ ᠪᠠᠶᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠭᠦᠨᠵᠡᠭᠡᠶ ᠵᠣᠯᠭᠠᠭᠤᠯᠤᠨ ᠨᠡᠪᠲᠡᠷᠡᠯᠴᠡᠵᠦ᠂ ᠲᠥᠷᠥᠯ ᠵᠦᠶᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠶᠣᠰᠣᠯᠠᠯ ᠳᠡᠭᠡᠷ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ ᠬᠠᠢ ᠮᠢᠩ᠂ ᠵᠢᠨᠢᠩ ᠲᠣᠭᠤᠷᠢᠭ ᠤᠨ ᠬᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠦᠷᠭᠦᠯᠵᠢᠯᠡᠨ ᠠᠩᠬᠠᠷᠴᠤ᠂ ᠲᠦᠷᠦᠯ ᠵᠦᠢᠯ ᠤᠨ ᠦᠢᠯᠡᠴᠢᠯᠡᠭᠡ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠠᠵᠤ ᠠᠬᠤᠶᠢᠯᠠᠯ ᠲᠠᠢ ᠭᠠᠷ ᠬᠤᠯᠪᠣᠨ ᠲᠦᠷᠦᠯ ᠵᠦᠢᠯ ᠤᠨ ᠬᠥᠭᠵᠢᠯᠲᠡ ᠶᠢ ᠲᠦᠷᠭᠡᠳᠬᠡᠬᠦ ᠳᠤ ᠬᠠᠪᠰᠤᠷᠴᠤ᠂ ᠪᠦᠬᠦ ᠭᠤᠷᠢᠭ ᠤᠨ ᠠᠵᠤ ᠠᠬᠤᠢ ᠶᠢᠨ ᠦᠷᠭᠦᠯᠵᠢᠯᠡᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃       ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠦᠶᠯᠡᠴᠢᠯᠡᠵᠦ᠂ ᠠᠵᠤ ᠠᠬᠤᠶᠢᠯᠠᠯ ᠯᠤᠭ᠎ᠠ ᠤᠯᠤᠯᠴᠠᠭ᠎ᠠ ᠵᠣᠯᠭᠠᠯᠴᠠᠭ᠎ᠠ ᠪᠠᠨ ᠢᠳᠡᠪᠬᠢᠲᠡᠶ ᠴᠢᠩᠭᠠᠳᠬᠠᠵᠤ᠂ ᠲᠥᠷᠥᠯ ᠵᠦᠶᠯ ᠢ ᠲᠦᠷᠭᠡᠨ ᠨᠠᠶᠢᠳᠠᠪᠤᠷᠢᠵᠢᠭᠤᠯᠬᠤ᠂ ᠲᠦᠷᠭᠡᠨ ᠪᠥᠲᠥᠭᠡᠨ ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ ᠪᠠ ᠠᠵᠤ ᠠᠬᠤᠶᠢᠯᠠᠯ ᠤᠨ ᠠᠰᠢᠭ ᠲᠤᠰᠠ ᠶᠢᠨ ︽ᠬᠤᠶᠠᠷ ᠲᠠᠯ᠎ᠠ ᠪᠠᠷ ᠢᠶᠠᠨ ᠬᠠᠮᠲᠤᠪᠠᠷ ᠠᠰᠢᠭ ᠭᠥᠷᠳᠡᠬᠦ︾᠎ ᠶᠢ ᠪᠡᠶᠡᠯᠡᠭᠦᠯᠬᠦ ᠶᠢ ᠬᠠᠮᠲᠤᠪᠠᠷ ᠠᠬᠢᠭᠤᠯᠬᠤ ᠬᠡᠷᠡᠭᠲᠡᠶ ᠭᠡᠵᠦ ᠢᠯᠡᠳᠬᠡᠪᠡ᠃         ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠱᠦᠵᠢ ᠱᠣᠤ ᠢᠦᠶ᠂ ᠲᠣᠰ ᠤᠳᠠᠭ᠎ᠠ ᠶᠢᠨ ᠤᠷᠤᠭᠰᠢᠲᠠᠶ ᠪᠠᠷ ᠭᠡᠷ᠎ᠡ ᠲᠣᠭᠲᠠᠭᠰᠠᠨ ᠶᠠᠪᠤᠳᠠᠯ ᠨᠢ ᠵᠢᠨᠢᠩ ᠲᠣᠭᠤᠷᠢᠭ ᠤᠨ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠠᠴᠠ ᠪᠣᠯᠤᠭᠰᠠᠨ ᠪᠥᠭᠡᠳ ᠠᠵᠤ ᠠᠬᠤᠶᠢᠯᠠᠯ ᠤᠨ ᠵᠢᠨᠢᠩ ᠳᠤ ᠪᠠᠯᠠ ᠣᠷᠣᠭᠤᠯᠤᠨ ᠬᠥᠭᠵᠢᠬᠦ ᠢᠲᠡᠭᠡᠯ ᠵᠣᠷᠢᠭ ᠢ ᠨᠠᠩ ᠪᠠᠲᠤᠳᠬᠠᠵᠠᠶ᠃ ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠮᠡᠷᠭᠡᠵᠢᠯ᠂ ᠡᠬᠢ ᠪᠠᠶᠠᠯᠢᠭ ᠪᠣᠯᠤᠨ ᠪᠦᠯᠬᠦᠮ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠢᠳᠡᠪᠬᠢᠲᠡᠢ ᠠᠬᠢᠭᠤᠯᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ ᠭᠡᠵᠦ ᠰᠠᠨᠠᠯ ᠢᠶᠠᠨ ᠢᠯᠡᠳᠬᠡᠪᠡ᠃         ᠲᠣᠰ ᠤᠳᠠᠭᠠᠨ ᠤ ᠭᠠᠷ ᠤᠨ ᠥᠰᠥᠭ ᠵᠢᠷᠤᠭᠰᠠᠨ ᠲᠥᠷᠥᠯ ᠵᠦᠶᠯ ᠳᠤ ᠬᠤᠷᠣᠬᠠᠶ ᠡᠪᠡᠰᠦ ᠶᠢ ᠪᠤᠶᠢᠵᠢᠭᠤᠯᠤᠨ ᠳᠠᠷᠢᠬᠤ᠂ ᠽᠢ ᠾᠧ ᠲᠡᠷᠭᠡᠨ ᠤ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠲᠣᠭᠲᠠᠭᠠᠬᠤ ᠵᠢᠴᠢ ᠵᠢᠨᠢᠩ ᠲᠣᠭᠤᠷᠢᠭ ᠤᠨ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠲᠠᠢ ᠤᠯᠠᠮ ᠨᠢᠭᠡ ᠠᠯᠬᠤᠮ ᠬᠠᠮᠲᠤᠷᠠᠯᠴᠠᠬᠤ ᠵᠡᠷᠭᠡ ᠠᠭᠤᠯᠭ᠎ᠠ  ᠪᠠᠭᠲᠠᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2